ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠵᠢᠴᠢ ᠠᠶᠢᠮᠠᠭ ᠤᠨ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/17
        11 ᠳ᠋ᠤᠭᠡᠷ ᠰᠠᠷ᠎ᠠ ᠶᠢᠨ 16 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠵᠢᠴᠢ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠪᠥᠬᠦ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠠᠶᠢᠮᠠᠭ ᠤᠨ ᠡᠯ᠎ᠡ ᠱᠠᠲᠤᠨ ᠤ ᠬᠢᠨ ᠶᠡᠷᠦᠩᠬᠡᠶ ᠱᠦᠵᠢ ᠰᠢ ᠶᠢᠨ ᠫᠢᠩ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ︽ᠭᠤᠷᠪᠠᠨ ᠭᠤᠶᠢᠪᠢᠰᠢ ᠥᠬᠡᠶ ᠪᠠᠶᠢᠬᠤ︾ ᠱᠠᠭᠠᠷᠳᠠᠯᠭ᠎ᠠ ᠶᠢ ᠡᠷᠡᠰ  ᠲᠤᠭᠤᠰᠢᠯᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ  ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠨ ᠵᠤᠷᠪᠤᠰ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠷᠢᠯᠢᠬᠵᠢᠭᠤᠯᠵᠤ᠂ ᠠᠵᠢᠯ ᠤᠨ ᠵᠣᠯᠭᠠᠯᠲᠠ ᠬᠦᠷᠦᠯᠴᠡᠬᠦ ᠥᠬᠡᠶ ᠠᠴᠠ ᠪᠣᠯᠵᠣ ᠰᠡᠷᠭᠡᠶᠢᠯᠡᠨ ᠡᠵᠡᠮᠳᠡᠬᠦ ᠡᠮᠵᠡᠭ ᠭᠠᠵᠠᠷ ᠭᠠᠷᠭᠠᠵᠤ ᠶᠠᠭᠠᠬᠢᠭᠰᠠᠨ ᠴᠤ ᠪᠣᠯᠬᠤ ᠥᠬᠡᠶ᠃ ︽ᠭᠠᠳᠠᠭᠠᠳᠤ ᠠᠴᠠ  ᠤᠷᠤᠵᠦ ᠢᠷᠡᠬᠦ ᠶᠢ ᠰᠡᠷᠭᠡᠶᠢᠯᠡᠵᠦ᠂ ᠳᠣᠲᠣᠭᠠᠳᠤ  ᠳᠤ ᠲᠠᠬᠢᠨ ᠡᠭᠦᠰᠬᠦ ᠶᠢ ᠰᠡᠷᠭᠡᠶᠢᠯᠡᠬᠦ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ ᠠᠳᠬᠤᠵᠤ᠂ ︽ᠲᠦᠷᠪᠡᠨ ᠡᠷᠳᠡ︾ ᠶᠢᠨ ᠱᠠᠭᠠᠷᠳᠠᠯᠭ᠎ᠠ ᠶᠢ ᠲᠡᠷᠢᠭᠦᠨ ᠳᠤ ᠲᠠᠯᠪᠢᠵᠤ᠂ ︽ᠨᠢᠭᠡᠳᠦᠭᠡᠷ ᠲᠤᠰᠤᠯᠲᠠ︾ ︽ᠨᠢᠭᠡᠳᠦᠭᠡᠷ ᠪᠣᠭᠤᠮᠲᠠ︾ ︽ᠨᠢᠭᠡᠳᠦᠭᠡᠷ ᠬᠠᠷᠠᠭᠤᠯ ᠤᠨ ᠭᠠᠵᠠᠷ︾ ᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠲᠠᠯᠠᠪᠤᠷ ᠤᠨ ᠬᠠᠮᠢᠶᠠᠷᠤᠯᠲᠠ ᠶᠢ ᠴᠢᠩᠳᠠᠯᠠᠵᠤ᠂ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠲᠤᠰᠬᠠᠢ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ ᠂ ᠡᠮ ᠡᠮᠨᠡᠯᠭᠡ ᠶᠢᠨ ᠡᠬᠢ ᠪᠠᠶᠠᠯᠢᠭ ᠤᠨ ᠨᠥᠭᠡᠴᠡ ᠶᠢ ᠴᠢᠩᠭᠠᠳᠬᠠᠵᠤ᠂ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠸᠠᠺᠼᠢᠨ ᠤ ᠲᠠᠷᠢᠯᠭ᠎ᠠ ᠶᠢᠨ ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠠᠶᠢᠮᠠᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠲᠠᠯ ᠤᠨ ᠪᠠᠶᠢᠭᠤᠯᠤᠯᠲᠠ ᠶᠢᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠤᠨ᠂ ︽ᠲᠦᠷᠪᠡᠨ ᠰᠤᠷᠲᠠᠯ︾ ᠤᠨ ᠴᠤᠬᠤᠶᠢᠯᠲᠠ ᠶᠢᠨ ᠴᠢᠨᠠᠷᠲᠠᠶ᠂ ᠬᠡᠯᠪᠡᠷᠢᠯ ᠤᠨ ᠴᠢᠨᠠᠷᠲᠠᠶ᠂ ᠲᠠᠯᠳᠠ ᠴᠢᠨᠠᠷᠲᠠᠶ ᠠᠰᠠᠭᠤᠳᠠᠯ ᠢ ᠴᠠᠭ ᠲᠤᠬᠠᠶ ᠳᠤᠨᠢ ᠵᠠᠯᠠᠷᠠᠭᠤᠯᠤᠨ ᠵᠠᠰᠠᠵᠤ᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠳᠡᠭᠡᠭᠰᠢᠯᠡᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠺᠠᠳ᠋ᠷᠴᠤᠳ ᠢ ᠨᠡᠩ ᠤᠯᠠᠨ ᠴᠠᠭ ᠪᠠ ᠤᠶᠤᠨ ᠴᠢᠳᠠᠯ ᠢᠶᠠᠨ ᠭᠠᠷᠭᠠᠵᠤ ᠠᠵᠢᠯ ᠦᠢᠯᠡᠰ ᠤᠨ ᠬᠥᠭᠵᠢᠯᠲᠡ ᠶᠢ ᠲᠥᠯᠥᠪᠵᠢᠭᠦᠯᠬᠦ ᠪᠣᠯᠭᠠᠬᠤ ᠬᠡᠷᠡᠭᠲᠡᠶ᠃ ︽ᠬᠠᠷᠢᠭᠤᠴᠠᠯᠭ᠎ᠠ ᠲᠠᠢ ᠰᠠᠶᠢᠨ ᠺᠠᠳ᠋ᠷ ᠪᠣᠯᠬᠤ︾  ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠭᠤᠷᠪᠠᠨ ᠳᠡᠪᠲᠡᠷ ᠤᠨ ᠨᠠᠷᠢᠨ ᠲᠠᠩᠰᠠ ᠶᠢᠨ ᠤᠯᠠᠷᠢᠯ ᠤᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠠᠶᠢᠮᠠᠭ ᠤᠨ ᠳᠡᠰ ᠤᠨ ᠤᠳᠤᠷᠢᠳᠬᠤ ᠺᠠᠳ᠋ᠷ ᠠᠴᠠ ᠡᠬᠢᠯᠡᠨ ᠬᠢᠵᠦ᠂ ︽ᠠᠵᠢᠯ ᠢ ᠰᠥᠨᠢᠵᠢᠨ ᠬᠢᠬᠦ ᠦᠭᠡᠢ ᠪᠣᠯ ᠳᠠᠷᠦ᠋ᠢᠬᠠᠨ ᠭᠦᠢᠴᠡᠳᠬᠡᠬᠦ︾ ᠵᠣᠷᠢᠭ ᠰᠠᠨᠠᠭ᠎ᠠ ᠶᠢ ᠶᠡᠬᠡᠪᠡᠷ ᠰᠠᠨᠠᠭᠠᠴᠢᠯᠠᠵᠤ᠂ ᠪᠦᠬᠦ ᠠᠶᠢᠮᠠᠭ ᠤᠨ ᠡᠯ᠎ᠡ ᠱᠠᠲᠤᠨ ᠤ ᠠᠵᠢᠯ ᠤᠨ ᠠᠶᠢᠵᠠᠮ ᠢ ᠲᠦᠷᠭᠡᠳᠬᠡᠵᠦ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠳᠠᠶᠢᠴᠢᠯᠠᠬᠤ ᠬᠡᠷᠡᠭᠲᠡᠢ ᠭᠡᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠢᠭᠡᠨᠲᠡ ᠪᠡᠶᠡᠯᠡᠭᠦᠯᠦᠭᠰᠡᠨ ᠢ ᠨᠢ ᠦᠷᠭᠦᠯᠵᠢᠯᠡᠨ ᠪᠠᠬᠢᠵᠢᠭᠦᠯᠵᠦ᠂ ᠪᠡᠶᠡᠯᠡᠭᠦᠯᠦᠭᠡᠳᠦᠢ ᠶᠢ ᠨᠢ ᠠᠵᠢᠯ ᠤᠨ ᠬᠤᠭᠤᠴᠠᠭ᠎ᠠ ᠶᠢ ᠲᠦᠷᠭᠡᠳᠬᠡᠨ ᠠᠬᠢᠭᠤᠯᠵᠤ᠂ ᠬᠠᠷᠭᠤᠭᠤᠯᠤᠨ ᠪᠠᠶᠢᠴᠠᠭᠠᠵᠤ ᠳ᠋ᠤᠭᠠᠷ ᠢ ᠨᠢ ᠬᠠᠰᠤᠬᠤ᠂ ᠳᠠᠩᠰᠠ ᠡᠪᠬᠡᠮᠡᠯ ᠢ ᠴᠤᠭᠯᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠵᠡᠷᠭᠡᠪᠡᠷ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠪᠡ᠃       ᠬᠤᠷᠠᠯ ᠠᠴᠠ ︽ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠡᠢ᠃  
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号