ᠬᠢᠩᠭᠠᠨ ᠠᠶᠢᠮᠠᠭ ᠤᠨ ᠭᠤᠣᠯ ᠮᠥᠷᠡᠨ ᠨᠠᠭᠤᠷ ᠴᠦᠬᠦᠷᠦᠮ ᠤᠨ ᠶᠡᠷᠦᠩᠬᠡᠢ ᠳᠠᠷᠤᠭ᠎ᠠ ᠨᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/11/21
    11 ᠳ᠋ᠤᠭᠡᠷ ᠰᠠᠷ᠎ᠠ ᠶᠢᠨ 16 ᠤ ᠡᠳᠦᠷ᠂ ᠬᠢᠩᠭᠠᠨ ᠠᠶᠢᠮᠠᠭ ᠤᠨ ᠭᠤᠣᠯ ᠮᠥᠷᠡᠨ ᠨᠠᠭᠤᠷ ᠴᠦᠬᠦᠷᠦᠮ ᠤᠨ ᠶᠡᠷᠦᠩᠬᠡᠢ ᠳᠠᠷᠤᠭ᠎ᠠ ᠨᠠᠷ ᠤᠨ ᠬᠤᠷᠠᠯ ᠬᠤᠷᠠᠯᠳᠤᠵᠤ᠂ ᠠᠶᠢᠮᠠᠭ ᠤᠨ ᠨᠠᠮ ᠤᠨ ᠬᠤᠷᠢᠶᠠᠨ ᠤ ᠱᠦᠵᠢ᠂ ᠠᠶᠢᠮᠠᠭ ᠤᠨ ᠭᠤᠤᠯ ᠮᠥᠷᠡᠨ ᠨᠠᠭᠤᠷ ᠴᠥᠭᠦᠷᠥᠮ ᠤᠨ ᠨᠢᠭᠡᠳᠦᠭᠡᠷ ᠶᠡᠷᠦᠩᠬᠡᠶ  ᠳᠠᠷᠤᠭ᠎ᠠ ᠵᠠᠩ ᠰᠢᠶᠤᠤ ᠪᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠠᠶᠢᠮᠠᠭ ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ᠂ ᠡᠯ᠎ᠡ ᠱᠠᠲᠤᠨ ᠤ ᠭᠤᠣᠯ ᠮᠥᠷᠡᠨ ᠨᠠᠭᠤᠷ ᠪᠦᠷᠢᠳᠦ ᠶᠢᠨ ᠳᠠᠷᠤᠭ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠷᠠᠭᠤᠯᠵᠤ᠂ ︽ᠨᠢᠭᠡ ᠭᠤᠤᠯ ᠨᠢᠭᠡ ᠠᠷᠭ᠎ᠠ ᠪᠣᠳᠣᠯᠭ᠎ᠠ︾᠂ ︽ᠨᠢᠭᠡ ᠨᠠᠭᠤᠷ  ᠴᠦᠬᠦᠷᠦᠮ ᠨᠢᠭᠡ ᠠᠷᠭ᠎ᠠ ᠪᠣᠳᠣᠯᠭ᠎ᠠ︾ ᠶᠢᠨ ᠱᠠᠭᠠᠷᠳᠠᠯᠭ᠎ᠠ ᠶᠣᠰᠣᠭᠠᠷ᠂ ᠭᠤᠤᠯ ᠢ ᠲᠣᠭᠤᠷᠢᠨ ᠪᠠᠶᠢᠴᠠᠭᠠᠵᠤ ᠭᠤᠤᠯ ᠬᠠᠮᠠᠭᠠᠯᠠᠬᠤ᠂ ᠤᠰᠤ ᠶᠢ ᠬᠠᠮᠢᠶᠠᠷᠴᠤ ᠤᠰᠤ ᠶᠢ ᠵᠠᠰᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠤᠰᠤᠨ ᠤ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ᠂ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠨᠠᠩ ᠨᠡᠷ᠎ᠡ ᠠᠯᠳᠠᠷ ᠲᠠᠢ ᠪᠣᠯᠭᠠᠵᠤ᠂ ᠪᠥᠬᠦ ᠠᠶᠢᠮᠠᠭ ᠤᠨ ᠭᠤᠤᠯ ᠮᠥᠷᠡᠨ ᠨᠠᠭᠤᠷ ᠴᠥᠭᠦᠷᠥᠮ ᠢ ᠵᠠᠰᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号