ᠬᠠᠤᠯᠢ ᠴᠠᠭᠠᠵᠠ ᠶᠢᠨ ᠣᠶᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ | ᠬᠠᠤᠯᠢ ᠴᠠᠭᠠᠵᠠ ᠶᠢᠨ ᠣᠶᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ | ᠬᠠᠤᠯᠢᠴᠢ ᠶᠢᠨ ᠡᠩᠨᠡᠭᠡ ᠶᠢᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ ᠬᠦᠢᠴᠡᠳ ᠪᠠᠳᠠᠷᠠᠭᠤᠯᠬᠤ ᠶᠢᠨ | ᠲᠥᠯᠥᠭᠡ᠂ 11 ᠰᠠᠷ᠎ᠠ ᠶᠢᠨ 16 ᠤ ᠡᠳᠦᠷ᠂ ᠷᠠᠰᠢᠶᠠᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠥᠪᠥᠷ | ᠮᠣᠩᠭᠤᠯ ᠤᠨ ᠱᠧᠩ ᠴᠢᠤᠸᠠᠨ ︵ᠷᠠᠰᠢᠶᠠᠨ︶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠬᠤᠯᠪᠣᠭᠠᠯᠠᠨ ᠢᠷᠪᠢᠰ | ᠵᠡᠭᠡᠯᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠬᠠᠮᠲᠤᠷᠠᠭᠰᠠᠨ ᠬᠤᠳᠠᠯᠳᠤᠭᠠᠴᠢᠳ ᠤᠨ ᠡᠪᠯᠡᠯ | ᠢᠶᠠᠷ ᠭᠦᠨᠵᠡᠭᠡᠶᠢᠷᠡᠵᠤ ᠡᠯ᠎ᠡ ᠠᠵᠤ ᠠᠬᠤᠶᠢᠯᠠᠯ ᠤᠨ ᠡᠵᠡᠳ ᠲᠠᠢ ᠰᠠᠨᠠᠯ ᠢᠶᠠᠨ ᠰᠣᠯᠢᠯᠴᠠᠵᠤ ᠶᠠᠷᠢᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠲᠠᠷᠢᠶᠠᠯᠠᠩ ᠮᠠᠯ ᠠᠵᠤ ᠠᠬᠤᠶ ᠶᠢᠨ | ᠪᠦᠲᠦᠭᠡᠭᠳᠡᠬᠦᠨ ᠤ ᠠᠷᠠᠯᠵᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠲᠥᠷᠥᠯ ᠵᠦᠢᠯ ᠤᠨ | ᠬᠠᠤᠯᠢ ᠴᠠᠭᠠᠵᠠ ᠶᠢᠨ ᠪᠢᠴᠢᠭ ᠬᠠᠷ᠎ᠠ ᠵᠡᠷᠭᠡ ᠠᠭᠤᠯᠭ᠎ᠠ ᠶᠢᠨ ᠲᠤᠭᠤᠷᠢᠨ ᠳᠤ ᠶᠠᠷᠢᠯᠴᠠᠨ ᠰᠤᠳᠤᠯᠵᠠᠢ᠃ ᠬᠠᠤᠯᠢᠴᠢ | ᠠᠴᠠ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠬᠡᠷᠡᠭᠴᠡᠭᠡ ᠪᠠ ᠠᠶᠤᠯ ᠲᠦᠭᠰᠢᠭᠦᠷᠢ ᠶᠢᠨ ᠪᠠᠶᠢᠳᠠᠯ ᠢ | ᠭᠦᠨᠵᠡᠭᠡᠢ ᠵᠠᠳᠠᠯᠣᠨ᠂ ᠠᠵᠤ ᠠᠬᠤᠶᠢᠯᠠᠯ ᠳᠤ ᠲᠦᠷᠢᠮ ᠤᠨ ᠳᠤᠲᠠᠭᠳᠠᠯ ᠪᠠ ᠪᠠᠭᠤᠷᠠᠢ ᠭᠤᠭᠴᠤᠭ᠎ᠠ ᠶᠢ ᠡᠷᠢᠵᠦ᠂ | ᠬᠠᠤᠯᠢ ᠴᠠᠭᠠᠵᠠ ᠶᠢᠨ ᠵᠥᠪᠯᠡᠯᠭᠡ ᠬᠠᠩᠭᠠᠨ᠂ ᠬᠠᠤᠯᠢ ᠴᠠᠭᠠᠵᠠ ᠶᠢᠨ ᠠᠰᠠᠭᠤᠯᠳᠠ ᠳᠤ ᠬᠠᠷᠢᠭᠤᠯᠲᠠ ᠥᠭᠴᠦ᠂ | ᠰᠠᠨᠠᠭᠤᠯᠭ᠎ᠠ ᠳᠤᠷᠠᠳᠣᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠠᠶᠤᠯ | ᠲᠦᠭᠰᠢᠭᠦᠷᠢ ᠶᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠵᠡᠢ᠃ | ᠳᠠᠷᠠᠭᠠᠴᠢ ᠶᠢᠨ ᠠᠯᠬᠤᠮ ᠳᠤ᠂ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠦᠷᠭᠦᠯᠵᠢᠯᠡᠨ ᠦᠨᠳᠦᠰᠦᠨ | ᠱᠠᠲᠤᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠬᠥᠳᠡᠭᠡ ᠲᠣᠰᠬᠤᠨ ᠤ ᠤᠯᠠᠨ ᠲᠦᠮᠡᠨ ᠳᠤ | ᠬᠠᠮᠤᠭ ᠤᠨ ᠲᠦᠷᠦᠭᠦᠨ ᠳᠤ ᠪᠦᠷᠢᠨ ᠭᠦᠢᠴᠡᠳ᠂ ᠳᠥᠭᠦᠮ ᠳᠥᠲᠡ᠂ ᠥᠨᠳᠥᠷ ᠪᠦᠲᠦᠮᠵᠢᠲᠡᠢ ᠬᠠᠤᠯᠢ | ᠴᠠᠭᠠᠵᠠ ᠶᠢᠨ ᠦᠢᠯᠡᠴᠢᠯᠡᠭᠡ ᠬᠦᠷᠲᠡᠭᠡᠬᠦ ᠶᠢ ᠪᠠᠲᠤᠯᠠᠵᠤ᠂ ᠠᠵᠢᠯ ᠶᠠᠪᠤᠳᠠᠯ ᠰᠢᠢᠳᠪᠦᠷᠢᠯᠡᠬᠦ ᠳᠤ ᠬᠠᠤᠯᠢ ᠶᠣᠰᠣᠭᠠᠷ᠂ | ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ | ᠵᠥᠷᠢᠴᠡᠯ ᠢ ᠰᠢᠢᠳᠪᠦᠷᠢᠯᠡᠬᠦ ᠳᠤ ᠬᠠᠤᠯᠢ ᠳᠤ ᠲᠦᠰᠢᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠴᠢᠨᠠᠭᠰᠢᠳᠠ ᠪᠤᠢ | ᠪᠣᠯᠭᠠᠵᠤ᠂ ᠮᠠᠨ ᠤ ᠬᠤᠳᠠ ᠶᠢᠨ ᠬᠠᠤᠯᠢᠵᠢᠯ ᠤᠨ ᠬᠥᠳᠡᠭᠡ ᠲᠣᠰᠬᠤᠨ ᠤ ᠪᠠᠶᠢᠭᠤᠯᠤᠯᠲᠠ ᠳᠤ ᠪᠠᠲᠤ ᠪᠠᠬᠢ ᠰᠠᠭᠤᠷᠢ | ᠬᠠᠩᠭᠠᠨ᠎ᠠ᠃ | |