11 ᠰᠠᠷ᠎ᠠ ᠶᠢᠨ 19 ᠤ ᠡᠳᠦᠷ᠂ ᠬᠢᠩᠭᠠᠨ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠯᠢᠦ ᠱᠤ᠋ ᠴᠧᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠤᠳᠤᠯᠤᠯᠲᠠ | ᠬᠢᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ | ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ | ᠭᠡᠷ ᠤᠨ ᠡᠷᠬᠢᠯᠡᠭᠴᠢ ᠵᠠᠩ ᠰᠢᠦᠢ ᠳ᠋ᠦᠩ ᠨᠠᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ ᠪᠠᠶᠢᠴᠠᠭᠠᠨ | ᠰᠤᠳᠤᠯᠤᠯᠲᠠ ᠶᠢᠨ ᠳᠤᠮᠳᠠ᠂ ᠯᠢᠦ ᠱᠤ᠋ ᠴᠧᠩ ᠳ᠋ᠠᠱᠢᠵᠠᠢ ᠵᠡᠭᠡᠯᠢ᠂ ᠬᠤᠷᠢᠨ ᠵᠡᠭᠡᠯᠢ ᠶᠢᠨ ᠲᠡᠷᠭᠡ ᠨᠡᠪᠲᠡᠷᠡᠬᠦ | ᠶᠣᠰᠣᠯᠠᠯ ᠳᠤ ᠣᠷᠣᠯᠴᠠᠪᠠ᠃ ᠤᠯᠠᠭᠠᠨᠬᠤᠲᠠ ᠶᠢᠨ ᠪᠣᠯᠣᠳ ᠲᠡᠮᠦᠷ ᠤᠨ ᠺᠣᠮᠫᠠᠨᠢ ᠶᠢᠨ ᠬᠦᠴᠦᠳᠡᠯ ᠥᠭᠡᠷᠡᠴᠢᠯᠡᠬᠦ | ᠦᠷᠳᠡᠭᠡ ᠶᠢᠨ ᠭᠠᠵᠠᠷ ᠰᠣᠩᠭᠤᠭᠰᠠᠨ ᠭᠠᠵᠠᠷ᠂ ᠣᠷᠣᠨ ᠪᠠᠶᠢᠷᠢ ᠶᠢᠨ ᠳᠠᠪᠠᠭᠤᠯᠢᠭ᠂ ᠭᠠᠵᠠᠷ ᠰᠣᠩᠭᠤᠭᠰᠠᠨ | ᠲᠥᠯᠦᠪᠵᠢᠭᠦᠯᠭᠡ ᠵᠡᠷᠭᠡ ᠪᠠᠶᠢᠳᠠᠯ ᠢ ᠣᠶᠢᠯᠠᠭᠠᠵᠠᠢ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠢᠯᠢ ᠰᠦ ᠶᠢᠨ ᠦᠢᠯᠡᠰ ᠤᠨ ᠬᠠᠮᠲᠤᠷᠠᠭᠰᠠᠨ ᠦᠢᠯᠡᠳᠪᠦᠷᠢᠯᠡᠯ ᠤᠨ | ᠲᠠᠰᠤᠭ ᠲᠤ᠂ ᠲᠤᠬᠠᠢ ᠶᠢᠨ ᠲᠠᠯᠠᠪᠠᠢ ᠳᠤ ᠲᠤᠨᠤᠭ ᠲᠥᠬᠦᠭᠡᠷᠦᠮᠵᠢ ᠶᠢ ᠲᠤᠷᠰᠢᠨ ᠲᠣᠬᠢᠷᠠᠭᠤᠯᠵᠤ ᠪᠠᠶᠢᠭ᠎ᠠ ᠪᠠᠶᠢᠳᠠᠯ ᠢ | ᠪᠠᠶᠢᠴᠠᠭᠠᠨ ᠦᠵᠡᠪᠡ᠃ | ᠯᠢᠦ ᠱᠤ᠋ ᠴᠧᠩ᠄ ᠡᠯ᠎ᠡ ᠬᠠᠮᠢᠶ᠎ᠠ ᠪᠦᠬᠦᠢ ᠨᠢᠭᠡᠴᠡ ᠪᠣᠯᠣᠨ ᠰᠠᠯᠠᠭ᠎ᠠ ᠮᠥᠴᠢᠷ ᠤᠨ ᠬᠢᠨ ᠤᠯᠠᠭᠠᠨᠬᠤᠲᠠ ᠶᠢᠨ | ᠪᠣᠯᠣᠳ ᠲᠡᠮᠦᠷ ᠤᠨ ᠺᠣᠮᠫᠠᠨᠢ ᠶᠢᠨ ᠬᠦᠴᠦᠳᠡᠯ ᠥᠭᠡᠷᠡᠴᠢᠯᠡᠬᠦ ᠦᠷᠳᠡᠭᠡ ᠶᠢᠨ ᠲᠦᠷᠦᠯ ᠵᠦᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠡᠷᠡᠭᠵᠢᠭᠦᠯᠬᠦ ᠲᠥᠰᠥᠯ ᠪᠣᠯᠣᠨ ᠪᠠᠷᠢᠯᠭ᠎ᠠ ᠪᠠᠷᠢᠬᠤ ᠲᠥᠯᠥᠪᠯᠡᠭᠡ ᠶᠢ ᠰᠢᠨᠵᠢᠯᠡᠬᠦ | ᠤᠬᠠᠭᠠᠨᠴᠢ ᠪᠠᠷ᠂ ᠵᠦᠢ ᠵᠣᠬᠢᠰᠲᠠᠢ ᠲᠣᠭᠲᠠᠭᠠᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠣᠯᠣᠨ ᠲᠦᠷᠦᠯ | ᠵᠦᠢᠯ ᠤᠨ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠲᠥᠯᠥᠪᠵᠢᠭᠦᠯᠬᠦ᠂ ᠭᠠᠵᠠᠷ ᠲᠠᠲᠠᠪᠤᠷᠢᠯᠠᠬᠤ | ᠵᠡᠷᠭᠡ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠵᠦ᠂ ᠬᠦᠴᠦᠳᠡᠯ | ᠥᠭᠡᠷᠡᠴᠢᠯᠡᠬᠦ ᠦᠷᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠢ | ᠰᠠᠶᠢᠲᠤᠷ ᠰᠢᠢᠳᠪᠦᠷᠢᠯᠡᠵᠦ᠂ ᠡᠷᠲᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠠᠮᠤᠭ ᠤᠨ ᠶᠡᠭᠡ ᠦᠷ᠎ᠡ | ᠠᠰᠢᠭ ᠢ ᠪᠠᠳᠠᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | |