︽ᠬᠤᠪᠢ ᠬᠤᠷᠠᠮᠳᠤᠭᠤᠯᠬᠤ︾ ᠪᠠᠷ ︽ᠶᠡᠭᠡ ᠪᠣᠯᠪᠠᠰᠤᠨ︾ ᠢ ᠡᠭᠦᠳᠦᠨ᠎ᠡ
ᠨᠡᠶᠢᠲᠡᠯᠡᠭᠰᠡᠨ ᠴᠠᠭ᠄
2022/11/25
   
      ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤᠨ ᠤ ᠭᠦ᠋ ᠮᠢᠶᠤᠤ ᠲᠣᠰᠬᠤᠨ ︽ᠪᠣᠯᠪᠠᠰᠤᠨ ᠪᠦᠯᠬᠦᠮᠳᠡᠯ ᠲᠠᠢ ᠴᠢᠯᠦᠭᠡᠳᠦ ᠳᠡᠯᠭᠡᠭᠦᠷ︾ ᠢᠶᠠᠷ ᠠᠴᠢᠶᠠᠯᠠᠪᠤᠷᠢ ᠪᠤᠯᠭᠠᠨ᠂ ᠲᠣᠰᠬᠤᠨ ᠤ ᠠᠷᠠᠳ ᠤᠨ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ᠂ ᠨᠠᠰᠤᠲᠠᠨ ᠢᠶᠠᠨ ᠠᠴᠢᠯᠠᠨ ᠲᠦᠷᠦᠯ ᠰᠠᠳᠤᠨ ᠢᠶᠠᠨ ᠬᠠᠷᠠᠭᠠᠯᠵᠠᠬᠤ᠂ ᠣᠷᠴᠢᠨ ᠲᠣᠭᠤᠷᠢᠨ ᠢᠶᠠᠨ ᠴᠡᠭᠴᠡᠯᠡᠨ ᠵᠠᠰᠠᠵᠤ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠢᠳᠡᠪᠬᠢᠲᠡᠢ ᠣᠷᠣᠯᠴᠠᠬᠤ ᠵᠡᠷᠭᠡ ᠪᠣᠯᠪᠠᠰᠤᠨ ᠠᠵᠢᠯᠯᠠᠭ᠎ᠠ ᠪᠠᠷ ᠬᠤᠪᠢ ᠬᠤᠷᠠᠮᠳᠤᠭᠤᠯᠬᠤ ᠶᠢᠨ ᠬᠠᠮᠲᠤ ᠴᠢᠯᠦᠭᠡᠳᠦ ᠳᠡᠯᠭᠡᠭᠦᠷ ᠠᠴᠠ ᠪᠠᠨ ᠬᠤᠷᠠᠮᠳᠤᠭᠤᠯᠤᠭᠰᠠᠨ ᠬᠤᠪᠢ ᠪᠠᠷ ᠢᠶᠠᠨ ᠪᠠᠷᠠᠭ᠎ᠠ ᠲᠠᠸᠠᠷ ᠰᠤᠯᠢᠵᠤ ᠪᠤᠯᠤᠨ᠎ᠠ᠃ ᠬᠦ᠋ ᠮᠢᠶᠤᠤ ᠲᠤᠰᠬᠤᠨ ᠡᠶᠢᠮᠦᠷᠬᠦ ᠮᠠᠶ᠋ᠢᠭ ᠢᠶᠠᠷ ᠲᠣᠰᠬᠤᠨ ᠤ ᠠᠷᠠᠳ ᠤᠨ ᠢᠶᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ︽ᠬᠤᠪᠢ ᠬᠤᠷᠠᠮᠳᠤᠭᠤᠯᠬᠤ︾ ᠪᠠᠷ ᠬᠥᠳᠡᠭᠡ ᠲᠣᠰᠬᠤᠨ ᠤ ︽ᠶᠡᠭᠡ ᠪᠣᠯᠪᠠᠰᠤᠨ︾ ᠢ ᠡᠭᠦᠳᠴᠦ ᠪᠠᠶᠢᠨ᠎ᠠ᠃ ᠰᠤᠷᠪᠤᠯᠵᠢᠯᠠᠭᠴᠢ ᠸᠠᠩ ᠶᠤᠸᠠᠢ ᠰᠡᠭᠦᠳᠡᠷᠯᠡᠨ ᠮᠡᠳᠡᠭᠡᠯᠡᠪᠡ    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号