ᠬᠤᠯᠪᠤᠭ᠎ᠠ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠤᠬᠢᠷᠳᠤᠯ ᠦᠭᠡᠢ ᠬᠦᠭᠵᠢᠯᠳᠡ ᠪᠠᠷ ᠬᠦᠳᠡᠭᠡ ᠳᠤᠰᠬᠤᠨ ᠢ ᠬᠦᠭᠵᠢᠭᠦᠯᠤᠨ ᠮᠠᠨᠳᠤᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2022/11/25
    ᠬᠦᠳᠡᠭᠡ ᠳᠤᠰᠬᠤᠨ ᠢ ᠬᠦᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠠᠬᠢᠭᠤᠯᠬᠤ ᠪᠠᠷ᠂ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤ ︽ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠤᠬᠢᠷᠳᠤᠯ ᠦᠭᠡᠢ ᠬᠦᠭᠵᠢᠯᠳᠡ ᠪᠠᠷ ᠬᠦᠳᠡᠭᠡ ᠳᠤᠰᠬᠤᠨ ᠢ ᠬᠦᠭᠵᠢᠭᠦᠯᠤᠨ ᠮᠠᠨᠳᠤᠭᠤᠯᠬᠤ ᠶᠢ ᠠᠬᠢᠭᠤᠯᠬᠤ︾ ᠪᠠᠷ ᠭᠤᠤᠯ ᠰᠡᠳᠤᠪ ᠪᠤᠯᠭᠠᠭᠰᠠᠨ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠪᠡ᠃    — ᠠᠵᠤ ᠦᠢᠯᠡᠰ ᠢ ᠬᠦᠭᠵᠢᠭᠦᠯᠤᠨ ᠮᠠᠨᠳᠤᠭᠤᠯᠬᠤ ᠶᠢ ᠠᠬᠢᠭᠤᠯᠵᠤ ᠠᠤᠭ᠎ᠠ ᠵᠢᠷᠤᠭ ᠲᠦᠰᠦᠪ ᠢ ᠵᠢᠷᠤᠭᠯᠠᠪᠠ ᠃ ᠳᠠᠷᠢᠶᠠᠴᠢᠨ ᠡᠷᠦᠬᠡ ᠶᠢ ᠵᠢᠯᠤᠭᠤᠳᠤᠨ ᠬᠠᠪᠤᠷ ᠤᠨ ᠳᠠᠷᠢᠶᠠᠯᠠᠭ᠎ᠠ ᠦᠢᠯᠡᠳᠪᠦᠷᠢᠯᠡᠯ ᠢ ᠡᠷᠳᠡ ᠠᠴᠠ ᠪᠡᠯᠡᠳᠭᠡᠵᠤ᠂ ᠢᠯᠭᠠᠨ ᠳᠠᠨᠢᠬᠤ ᠶᠡᠷᠦ ᠶᠢᠨ ᠮᠡᠳᠡᠯᠭᠡ ᠶᠢ ᠳᠠᠶᠢᠯᠪᠤᠷᠢᠯᠠᠨ᠂ ᠰᠢᠨᠵᠢᠯᠡᠬᠦ ᠤᠬᠠᠭᠠᠨᠴᠢ ᠪᠠᠷ ᠦᠷ᠎ᠡ ᠰᠤᠩᠭᠤᠵᠤ᠂ ᠳᠠᠷᠢᠶᠠᠯᠠᠩ ᠤᠨ ᠡᠳ᠋ ᠪᠠᠷᠠᠭᠠᠨ ᠤ ᠠᠮᠤᠷ ᠳᠦᠪᠰᠢᠨ ᠢ ᠪᠠᠳᠤᠯᠠᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠳᠠᠷᠢᠵᠤ ᠳᠡᠵᠢᠭᠡᠬᠦ ᠡᠷᠦᠬᠡ᠂ ᠬᠤᠷᠰᠢᠶᠠᠵᠢᠯ ᠪᠤᠯᠤᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠠᠷᠢᠭᠤᠴᠠᠯᠭᠠᠳᠠᠨ ᠤ ᠳᠠᠪᠠᠭᠤᠯᠢᠭ ᠢ ᠠᠰᠢᠭᠯᠠᠨ ᠳᠠᠷᠢᠶᠠᠴᠢᠨ ᠡᠷᠦᠬᠡ ᠶᠢ ᠬᠦᠳᠦᠯᠵᠤ ᠬᠦᠷᠢᠶ᠎ᠡ ᠬᠠᠰᠢᠶᠠᠨ ᠤ ᠠᠵᠤ ᠠᠬᠤᠢ ᠶᠢ ᠬᠦᠭᠵᠢᠭᠦᠯᠤᠨ᠂ ᠤᠷᠤᠯᠭ᠎ᠠ ᠶᠢᠨ ᠵᠠᠮ ᠢ ᠨᠢ ᠦᠷᠭᠡᠳᠭᠡᠪᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠵᠢᠱᠢᠶ᠎ᠡ ᠦᠵᠡᠭᠦᠯᠦᠭᠰᠡᠨ ᠳᠠᠭᠠᠭᠤᠯᠭ᠎ᠠ ᠳᠤᠤᠷ᠎ᠠ᠂ ᠪᠦᠬᠦ ᠪᠠᠯᠭᠠᠰᠤᠨ ᠤ ᠬᠦᠷᠢᠶ᠎ᠠ ᠬᠠᠰᠢᠶᠠᠨ ᠤ ᠠᠵᠥ ᠠᠬᠤᠢ ᠶᠡᠬᠡᠪᠡᠷ ᠭᠥᠭᠵᠢᠪᠡ᠃ ᠡᠭᠦᠨ ᠳᠤ᠂ ᠤᠰᠤᠨ ᠳᠤᠳᠤᠷᠭ᠎ᠠ 1285.9 ᠮᠤ᠋ ᠳᠤ ᠳᠤᠯᠵᠤ᠂ 192.4 ᠮᠤ᠋ ᠤᠳ᠋ᠪᠠᠯ᠎ᠠ᠂ 26.8 ᠮᠤ᠋ ᠳᠡᠮᠡᠬᠢ᠂ 21 ᠲᠦᠮᠡᠨ ᠪᠠᠭᠠᠨᠠᠴᠢᠷ ᠬᠠᠷ᠎ᠠ ᠳᠡᠯᠳᠡᠤ᠂ 8769 ᠰᠠᠭᠤᠷᠢ ᠵᠢᠮᠢᠰ ᠤᠨ ᠮᠤᠳᠤ᠂ 8540 ᠳᠠᠬᠢᠶ᠎ᠠ᠂ 630 ᠭᠠᠯᠠᠭᠤ ᠪᠤᠢ᠃   — ᠴᠢᠳᠠᠪᠤᠷᠢᠳᠠᠨ ᠢᠶᠠᠷ ᠬᠦᠳᠡᠭᠡ ᠳᠤᠰᠬᠤᠨ ᠢ ᠬᠦᠭᠵᠢᠭᠦᠯᠤᠨ ᠮᠨᠨᠳᠤᠭᠤᠯᠵᠤ᠂ ᠤᠶᠤᠨ ᠤ ᠳᠤᠯᠭᠤᠷ ᠬᠠᠩᠭᠠᠪᠠ᠃ ᠬᠤᠯᠪᠤᠭ᠎ᠠ ᠪᠠᠯᠭᠠᠰᠤᠨ ᠤ ᠤᠰᠤᠨ ᠳᠤᠳᠤᠷᠭ᠎ᠠ ᠶᠢᠨ ᠳᠠᠷᠢᠮᠠᠯ ᠤᠨ ᠳᠤᠮᠤ ᠡᠷᠦᠬᠡ ᠸᠧᠢ ᠵᠢᠶᠠᠨ ᠮᠢᠩ ᠠᠵᠤ ᠠᠬᠤᠶᠢᠯᠠᠯ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠤ᠂ ᠨᠤᠳᠤᠭ ᠤᠨ ᠠᠬ᠎ᠠ ᠳᠡᠭᠦᠦ ᠨᠠᠷ ᠲᠠᠢ ᠪᠠᠨ ᠬᠠᠮᠳᠤ ᠪᠠᠷ ᠪᠠᠶᠠᠵᠢᠪᠡ︔ ᠦ᠋ ᠵᠢᠶᠡ ᠽᠢ ᠳᠤᠰᠬᠤᠨ ᠤ ᠨᠠᠮ ᠤᠨ ᠡᠭᠦᠷ ᠤᠨ ᠱᠦᠵᠢ ᠯᠢᠤ ᠯᠢ ᠶᠢ ᠶᠠᠳᠠᠭᠤ ᠬᠦᠴᠢᠷᠳᠡᠢ ᠳᠤᠰᠬᠤᠨ ᠢᠶᠠᠨ ᠬᠤᠯᠠ ᠤᠶᠢᠷ᠎ᠠ ᠳᠤ ᠠᠯᠳᠠᠷᠳᠠᠢ ᠪᠠᠶᠠᠨ ᠴᠢᠨᠡᠬᠡᠯᠢᠭ ᠳᠤᠰᠬᠤᠨ ᠪᠤᠯᠭᠠᠪᠠ︔ ᠶᠦᠩ ᠰᠢᠩ ᠳᠤᠰᠬᠤᠨ ᠤ ᠨᠠᠮ ᠤᠨ ᠡᠭᠦᠷ ᠤᠨ ᠱᠦᠵᠢ ᠱᠧᠨ ᠭᠦᠸᠧ ᠹᠦ᠋ ᠳᠤᠰᠬᠤᠨ ᠤ ᠠᠷᠠᠳ ᠢᠶᠠᠨ ᠳᠠᠭᠠᠭᠤᠯᠤᠨ ᠰᠢᠬᠢᠷᠯᠢᠭ ᠤᠳ᠋ᠪᠠᠯ᠎ᠠ ᠳᠠᠷᠢᠵᠤ᠂ 700 ᠮᠤ᠋ ᠠᠴᠠ 60000 ᠮᠤ᠋ ᠪᠤᠯᠭᠠᠨ ᠨᠡᠮᠡᠭᠳᠡᠭᠦᠯᠵᠤ᠂ ᠳᠤᠰᠬᠤᠨ ᠤ ᠠᠷᠠᠳ ᠤᠨ ᠬᠦᠮᠦᠨ ᠳᠤᠮᠳᠠᠴᠢ ᠵᠢᠯ ᠤᠨ ᠤᠷᠤᠯᠭ᠎ᠠ ᠶᠢ 0.28 ᠲᠦᠮᠡᠨ ᠲᠦᠭᠦᠷᠢᠭ ᠠᠴᠠ 2.9 ᠲᠦᠮᠡᠨ ᠲᠦᠭᠦᠷᠢᠭ ᠪᠤᠯᠭᠠᠨ ᠨᠡᠮᠡᠭᠳᠡᠭᠦᠯᠪᠡ᠃    — ᠰᠤᠶᠤᠯ ᠢᠶᠠᠷ ᠬᠦᠳᠡᠭᠡ ᠳᠤᠰᠬᠤᠨ ᠢ ᠬᠦᠭᠵᠢᠭᠦᠯᠤᠨ ᠮᠠᠨᠳᠤᠭᠤᠯᠵᠤ᠂ ᠤᠶᠤᠨ ᠤ ᠪᠤᠯᠪᠠᠰᠤᠨ ᠢ ᠠᠬᠢᠭᠤᠯᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ︽ᠬᠦᠳᠡᠭᠡ ᠳᠤᠰᠬᠤᠨ ᠳᠤ ᠬᠦᠰᠡᠯ ᠵᠡᠭᠦᠳᠤ ᠪᠠᠨ ᠳᠡᠷᠭᠡᠯᠰᠢᠭᠦᠯᠬᠦ · ᠪᠢᠳᠡᠨ ᠤ ᠳᠠᠪᠴᠠᠩ︾ ᠵᠡᠷᠭᠡ ᠮᠠᠯᠴᠢᠨ ᠳᠠᠷᠢᠶᠠᠴᠢᠨ ᠤ ᠤᠷᠠᠨ ᠰᠠᠶᠢᠬᠠᠨ ᠤ ᠠᠵᠢᠯᠯᠠᠭ᠎ᠠ ᠳᠤ ᠢᠳᠡᠪᠬᠢᠳᠡᠢ ᠤᠷᠤᠯᠴᠠᠵᠤ᠂ ᠤᠯᠠᠨ ᠳᠦᠮᠡᠨ ᠤ ᠦᠵᠡᠵᠤ ᠰᠤᠨᠢᠷᠬᠠᠬᠤ ᠳᠤᠷᠠᠳᠠᠢ ᠤᠷᠠᠨ ᠰᠠᠶᠢᠬᠠᠨ ᠤ ᠳᠤᠭᠯᠠᠯᠳᠠ ᠪᠠᠷ ᠦ᠋ ᠳ᠋ᠤᠤ ᠡᠾᠧ ᠽᠢ ᠳᠤᠰᠬᠤᠨ ᠤ ᠬᠤᠪᠢᠷᠠᠯᠳᠠ ᠶᠢ ᠳᠤᠰᠬᠠᠪᠠ᠃ ︽ᠬᠤᠯᠪᠤᠭ᠎ᠠ ᠪᠠᠯᠭᠠᠰᠤᠨ ᠤ ᠬᠠᠮᠤᠭ ᠭᠤᠶᠤ ᠬᠦᠮᠦᠨ︾ ᠢ ᠦᠨᠡᠯᠡᠨ ᠰᠤᠩᠭᠤᠬᠤ ᠳᠤᠮᠳᠠ 4 ᠨᠡᠷᠡᠰ ᠬᠠᠮᠤᠭ ᠭᠤᠶᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ 2 ᠡᠷᠦᠬᠡ ᠬᠠᠮᠤᠭ ᠭᠤᠶᠤ ᠡᠶ᠎ᠡ ᠨᠡᠶᠢᠷᠠᠮᠳᠠᠭᠤ ᠭᠡᠷ ᠪᠦᠯᠢ᠂ 1 ᠨᠡᠷᠡᠰ ᠬᠠᠮᠤᠭ ᠭᠤᠶᠤ ᠳᠤᠤᠷᠵᠢᠭᠤᠯᠤᠭᠴᠢ ᠶᠢ ᠦᠨᠡᠯᠡᠨ ᠰᠤᠩᠭᠤᠪᠠ︔ ︽ᠨᠠᠮ ᠤᠨ ᠪᠠᠶᠢᠭᠤᠯᠤᠯᠳᠠ ᠶᠢᠨ ᠠᠷᠪᠠᠨ ᠰᠤᠳᠤᠨ︾ ᠢ ᠦᠨᠡᠯᠡᠨ ᠰᠤᠩᠭᠤᠬᠤ ᠳᠤᠮᠳᠠ᠂ 21 ᠨᠡᠷᠡᠰ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠬᠠᠮᠤᠭ ᠰᠤᠳᠤᠨ ᠨᠠᠮ ᠤᠨ ᠭᠡᠰᠢᠭᠦᠨ᠂ ᠬᠠᠮᠤᠭ ᠰᠤᠳᠤᠨ ᠨᠠᠮ ᠤᠨ ᠲᠦᠯᠦᠭᠡᠯᠡᠭᠴᠢ᠂ ᠬᠠᠮᠤᠭ ᠰᠤᠳᠤᠨ ᠨᠠᠮ ᠤᠨ ᠡᠭᠦᠷ ᠤᠨ ᠱᠦᠵᠢ ᠵᠡᠷᠭᠡ 8 ᠱᠠᠩᠨᠠᠯ ᠤᠨ ᠳᠦᠷᠦᠯ ᠵᠦᠢᠯ ᠢ ᠬᠦᠷᠳᠡᠭᠰᠡᠨ ᠪᠠᠶᠢᠨ᠎ᠠ᠃    — ᠠᠮᠢ ᠠᠬᠤᠢ ᠪᠠᠷ ᠬᠦᠳᠡᠭᠡ ᠳᠤᠰᠬᠤᠨ ᠢ ᠬᠦᠭᠵᠢᠭᠦᠯᠤᠨ ᠮᠠᠨᠳᠤᠭᠤᠯᠵᠤ᠂ ᠭᠤᠶᠤ ᠦᠵᠡᠰᠭᠦᠯᠡᠩᠳᠤ ᠭᠡᠷ ᠤᠷᠤᠨ ᠢ ᠪᠠᠶᠢᠭᠤᠯᠪᠠ᠃ ︽ᠳᠤᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ + ᠪᠠᠯᠭᠠᠰᠤ ᠳᠤᠰᠬᠤᠨ ᠤ ᠺᠠᠳ᠋ᠷ + ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ + ᠵᠡᠭᠡᠯᠢ ᠭᠤᠳᠤᠮᠵᠢ ᠶᠢᠨ ᠳᠠᠷᠤᠭ᠎ᠠ + ᠠᠷᠢᠭᠤᠨ ᠴᠡᠪᠡᠷ ᠢ ᠬᠠᠮᠠᠭᠠᠯᠠᠭᠴᠢ + ᠤᠯᠠᠨ ᠳᠦᠮᠡᠨ︾ ᠤ ᠠᠵᠢᠯ ᠤᠨ ᠳᠤᠭᠳᠠᠴᠠ ᠶᠢ ᠪᠠᠶᠢᠭᠤᠯᠵᠤ᠂ ᠳᠤᠷᠤᠢ ᠪᠠᠭᠤᠷᠠᠶᠢᠴᠤᠤᠯ ᠤᠨ ᠭᠡᠷ ᠤᠨ ᠳᠤᠳᠤᠨ᠎ᠠ ᠭᠠᠳᠠᠨᠠᠬᠢ ᠶᠢ ᠨᠢ ᠠᠷᠢᠯᠭᠠᠨ ᠴᠡᠪᠡᠷᠯᠡᠵᠤ ᠦᠭᠪᠡ᠃ ᠪᠦᠬᠦ ᠪᠠᠯᠭᠠᠰᠤᠨ ᠤ 28 ᠨᠡᠷᠡᠰ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠠᠶᠢᠯ ᠳᠤᠰᠬᠤᠨ ᠤ ᠵᠡᠭᠡᠯᠢ ᠭᠤᠳᠤᠮᠵᠢ ᠶᠢᠨ ᠤᠷᠤᠨ ᠭᠡᠰᠡᠭ ᠤᠨ ᠳᠠᠷᠤᠭ᠎ᠠ ᠪᠤᠯᠵᠤ᠂ 6 ᠨᠡᠷᠡᠰ ᠨᠢ ᠵᠡᠭᠡᠯᠢ ᠭᠤᠳᠤᠮᠵᠢ ᠶᠢᠨ ᠳᠠᠷᠤᠭ᠎ᠠ ᠪᠤᠯᠵᠤ᠂ ᠤᠯᠠᠨ ᠨᠡᠷᠡᠰ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠭᠡᠷ ᠤᠷᠤᠨ ᠢᠶᠠᠨ ᠴᠡᠪᠡᠷᠯᠡᠬᠦ ᠠᠵᠢᠯᠯᠠᠭ᠎ᠠ ᠳᠤ ᠤᠷᠤᠯᠴᠠᠨ ︽ᠠᠷᠢᠭᠤᠨ ᠴᠡᠪᠡᠷ ᠤᠨ ᠳᠠᠭᠤᠷᠢᠶᠠᠯ︾ ᠢᠶᠠᠷ ᠦᠨᠡᠯᠡᠭᠳᠡᠪᠡ᠃     — ᠵᠤᠬᠢᠶᠠᠨ ᠪᠠᠶᠢᠭᠤᠯᠤᠯᠳᠠ ᠪᠠᠷ ᠬᠦᠳᠡᠭᠡ ᠳᠤᠰᠬᠤᠨ ᠢ ᠬᠦᠭᠵᠢᠭᠦᠯᠤᠨ ᠮᠠᠨᠳᠤᠭᠤᠯᠵᠤ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠪᠠ᠃ ᠬᠤᠯᠪᠤᠭ᠎ᠠ ᠪᠠᠯᠭᠠᠰᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ︽ᠭᠤᠷᠪᠠ ᠳᠤ ᠤᠷᠤᠯᠴᠠᠬᠤ︾ ᠠᠵᠢᠯᠯᠠᠭ᠎ᠠ ᠶᠢ ᠦᠷᠨᠢᠭᠦᠯᠵᠤ᠂ ᠬᠤᠰᠢᠭᠤᠨ ᠤ ᠳᠠᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠠᠯᠭᠠᠰᠤᠨ ᠤ ᠳᠡᠰ ᠤᠨ ᠨᠠᠮ ᠤᠨ ᠬᠤᠷᠢᠶᠠᠨ ᠤ ᠬᠤᠷᠠᠯ ᠳᠤ ᠤᠷᠤᠯᠴᠠᠵᠤ᠂ ᠬᠤᠰᠢᠭᠤ ᠪᠠᠯᠭᠠᠰᠤ ᠬᠤᠶᠠᠷ ᠱᠠᠳᠤᠨ ᠤ ᠳᠡᠰ ᠤᠨ ᠲᠦᠯᠦᠭᠡᠯᠡᠭᠴᠢ ᠪᠠᠯᠭᠠᠰᠤ ᠳᠤᠰᠬᠤᠨ ᠤ ︽ᠭᠤᠤᠯ ᠰᠡᠳᠤᠪᠳᠤ ᠨᠠᠮ ᠤᠨ ᠡᠳᠦᠷᠯᠢᠭ︾ ᠤᠨ ᠠᠵᠢᠯᠯᠠᠭ᠎ᠠ ᠪᠠ ᠳᠤᠰᠬᠤᠨ ᠤ ᠳᠡᠰ ᠤᠨ ︽ᠳᠦᠷᠪᠡ ᠶᠢ ᠵᠦᠪᠯᠡᠵᠤ ᠬᠤᠶᠠᠷ ᠢ ᠢᠯᠡ ᠪᠤᠯᠭᠠᠬᠤ︾ ᠬᠤᠷᠠᠯ ᠳᠤ ᠤᠷᠤᠯᠴᠠᠵᠤ᠂ ᠲᠦᠯᠦᠭᠡᠯᠡᠭᠴᠢ ᠶᠢᠨ ᠵᠠᠰᠠᠬ ᠤᠨ ᠶᠠᠪᠤᠳᠠᠯ ᠳᠤ ᠤᠷᠤᠯᠴᠠᠵᠤ᠂ ᠵᠠᠰᠠᠬ ᠤᠨ ᠶᠠᠪᠤᠳᠠᠯ ᠢ ᠵᠦᠪᠯᠡᠬᠦ ᠪᠠ ᠬᠢᠨᠠᠯᠳᠠ ᠳᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠨᠠᠮ ᠤᠨ ᠤᠳᠤᠷᠢᠳᠤᠯᠭ᠎ᠠ ᠳᠤᠤᠷ᠎ᠠ ᠬᠠᠤᠯᠢ ᠶᠤᠰᠤᠭᠠᠷ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠷᠬᠡ ᠳᠤᠰᠢᠶᠠᠯ ᠢᠶᠠᠨ ᠭᠦᠢᠴᠡᠳᠭᠡᠵᠤ᠂ ᠬᠦᠳᠡᠭᠡ ᠳᠤᠰᠬᠤᠨ ᠢ ᠬᠦᠭᠵᠢᠭᠦᠯᠤᠨ ᠮᠠᠨᠳᠤᠭᠤᠯᠬᠤ ᠳᠤ ᠬᠦᠴᠦᠨ ᠨᠡᠮᠡᠷᠢᠯᠡᠵᠤ ᠪᠤᠢ᠃ ︵ᠬᠠᠨ ᠵᠢᠩ︶  
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号