ᠲᠦᠯᠢᠶᠡᠮᠤᠳᠤ ᠪᠠᠯᠭᠠᠰᠤᠨ ᠤ ᠪᠦᠭᠡ ᠶᠢᠨ ᠵᠢᠯᠠᠭ᠎ᠠ ᠭᠠᠴᠠᠭ᠎ᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/11/25
   ᠬᠥᠮᠦᠰ ᠤᠨ ᠣᠷᠣᠰᠢᠨ ᠰᠠᠭᠤᠬᠤ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠣᠷᠴᠢᠨ ᠠᠬᠤᠶ ᠶᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠶᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 3 ᠤ ᠡᠳᠦᠷ ᠲᠦᠯᠢᠶᠡᠮᠤᠳᠤ ᠪᠠᠯᠭᠠᠰᠤᠨ ᠤ ᠪᠦᠭᠡ ᠶᠢᠨ ᠵᠢᠯᠠᠭ᠎ᠠ ᠭᠠᠴᠠᠭ᠎ᠠ ᠶᠢᠨ ︽ᠬᠤᠶᠠᠷ ᠵᠥᠪᠯᠡᠯ︾ ᠵᠢᠴᠢ ᠲᠣᠰᠬᠤᠨ ᠳᠤ ᠰᠠᠭᠤᠭ᠎ᠠ ᠺᠠᠳ᠋ᠷᠴᠤᠳ ᠬᠠᠲᠤᠴᠠᠭᠠᠨ ᠠᠶᠢᠯ ᠳᠤ ᠭᠦᠨᠵᠡᠭᠡᠶᠢᠷᠡᠨ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃     ᠲᠤᠰ ᠤᠳᠠᠭᠠᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠴᠠᠭᠠᠨ ᠬᠤᠭ ᠨᠣᠪᠰᠢ᠂ ᠡᠰᠢ ᠰᠦᠷᠡᠯ ᠪᠣᠯᠤᠨ ᠦᠬᠡᠷ ᠬᠤᠨᠢᠨ ᠤ ᠪᠠᠭᠠᠰᠤ ᠰᠢᠭᠡᠰᠦ ᠶᠢ ᠭᠤᠣᠯᠳᠠᠯᠭ᠎ᠠ ᠲᠠᠢ ᠴᠡᠭᠴᠡᠯᠡᠨ ᠴᠡᠪᠡᠷᠯᠡᠵᠦ᠂ ᠠᠵᠢᠯᠲᠠᠳ ᠬᠦᠢᠲᠡᠨ ᠠᠴᠠ ᠠᠶᠤᠬᠤ ᠦᠭᠡᠶ᠂ ᠵᠠᠮ ᠳᠡᠭᠡᠷᠡᠬᠢ ᠮᠠᠯ ᠤᠨ ᠪᠠᠭᠠᠰᠤ ᠰᠢᠭᠡᠰᠦ ᠵᠡᠷᠭᠡ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ ᠶᠠᠪᠠᠭᠠᠨ ᠢᠶᠠᠷ ᠴᠡᠪᠡᠷᠯᠡᠵᠦ᠂ ︽ᠥᠨᠳᠥᠷ ᠪᠠᠷᠢᠮᠵᠢᠶ᠎ᠠ ᠪᠠᠷ᠂ ᠥᠨᠴᠥᠭ ᠪᠤᠯᠤᠩ ᠥᠬᠡᠶ︾ ᠪᠠᠶᠢᠬᠤ ᠵᠠᠷᠴᠢᠮ ᠶᠣᠰᠣᠭᠠᠷ᠂ ᠬᠠᠷᠢᠯᠴᠠᠨ ᠬᠠᠮᠵᠢᠯᠴᠠᠵᠤ᠂ ᠰᠡᠳᠬᠢᠯ ᠰᠠᠨᠠᠭ᠎ᠠ ᠪᠠᠨ ᠣᠯᠣᠯᠴᠠᠨ ᠬᠠᠮᠵᠢᠯᠴᠠᠵᠤ᠂ ᠨᠢᠭᠡ ᠦᠳᠡ ᠶᠢᠨ ᠡᠮᠦᠨ᠎ᠡ ᠬᠥᠳᠡᠯᠮᠦᠷᠢᠯᠡᠬᠦ ᠪᠠᠷ ᠳᠡᠮᠵᠢᠨ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠴᠠᠭᠠᠨ ᠬᠤᠭ ᠨᠣᠪᠰᠢ᠂ ᠡᠰᠢ ᠰᠦᠷᠡᠯ ᠪᠠ ᠦᠬᠡᠷ ᠬᠤᠨᠢᠨ ᠤ ᠪᠠᠭᠠᠰᠤ ᠰᠢᠭᠡᠰᠦ ᠶᠢ ᠴᠡᠪᠡᠷᠯᠡᠨ ᠴᠡᠪᠡᠷᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠶᠢᠨ ᠲᠥᠯᠥᠭᠡ ᠬᠤᠪᠢ ᠬᠤᠪᠢᠨ ᠤ ᠬᠦᠴᠦᠨ ᠴᠢᠳᠠᠯ ᠢᠶᠠᠨ ᠬᠠᠷᠠᠮ ᠥᠬᠡᠶ ᠵᠣᠷᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠯ ᠪᠠ ᠣᠶᠤᠨ ᠰᠠᠨᠠᠭᠠᠨ ᠤ ᠳᠦᠷᠰᠦ ᠪᠠᠶᠢᠳᠠᠯ ᠢ ᠲᠥᠪᠯᠡᠷᠡᠭᠦᠯᠦᠨ ᠢᠯᠡᠷᠡᠭᠦᠯᠪᠡ᠃ ᠳᠠᠷᠠᠭ᠎ᠠ ᠪᠠᠷ᠂ ᠪᠦᠬᠡ ᠶᠢᠨ ᠵᠢᠯᠠᠭ᠎ᠠ ᠭᠠᠴᠠᠭ᠎ᠠ ᠶᠢ ᠥᠷᠭᠡᠨ ᠢᠶᠠᠷ ᠤᠬᠠᠭᠤᠯᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠳᠠᠭᠠᠭᠤᠯᠵᠤ ᠪᠠᠶᠢᠭᠠᠳ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠳᠤ ᠢᠳᠡᠪᠬᠢᠲᠡᠶ ᠣᠷᠣᠯᠴᠠᠭᠤᠯᠵᠤ᠂ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ᠂ ᠬᠥᠳᠡᠭᠡ ᠶᠢᠨ ᠵᠠᠩ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠨᠢ ᠪᠠᠶᠠᠨ ᠴᠢᠨᠡᠭᠡᠯᠢᠭ ᠭᠠᠴᠠᠭ᠎ᠠ ᠶᠢᠨ ᠣᠷᠴᠢᠨ ᠲᠣᠭᠤᠷᠢᠨ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠪᠣᠯᠤᠨ᠎ᠠ᠃    
 
ᠢᠷᠡᠯᠲᠡ᠄ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ  ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号