ᠡᠮᠲᠦ ᠶᠢᠨ ᠭᠤᠣᠯ ᠰᠤᠮᠤᠨ ᠤ ︽ᠭᠡᠷ ᠤᠨ ᠡᠭᠦᠳᠡᠨ︾ ᠤ ᠵᠣᠭᠤᠭ ᠤᠨ ᠠᠩᠬᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠦᠮᠡᠨ ᠤ ᠰᠡᠳᠬᠢᠯ ᠳᠤ ᠬᠦᠷᠭᠡᠵᠡᠢ
ᠨᠡᠶᠢᠲᠡᠯᠡᠭᠰᠡᠨ ᠴᠠᠭ᠄
2022/11/25
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠲᠥᠯᠥᠭᠡ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠲᠡᠭᠦᠨ ᠤ ᠵᠣᠷᠢᠭ ᠰᠠᠨᠠᠭᠠᠨ ᠤ ᠮᠥᠨ ᠴᠢᠨᠠᠷ ᠢ ᠨᠡᠩ ᠭᠦᠨᠵᠡᠭᠡᠶ ᠨᠠᠷᠢᠨ ᠨᠢᠮᠪᠠᠶ ᠣᠶᠢᠯᠠᠭᠠᠭᠤᠯᠵᠤ᠂ ᠣᠶᠢᠷ᠎ᠠ ᠳᠤ᠂ ᠡᠮᠲᠦ ᠶᠢᠨ ᠭᠤᠣᠯ ᠰᠤᠮᠤ ᠡᠯ᠎ᠡ ᠭᠠᠴᠠᠭᠠᠨ ᠤ ︽ᠭᠡᠷ ᠤᠨ ᠡᠭᠦᠳᠡᠨ ᠳᠠᠬᠢ︾ ᠵᠣᠭᠤᠭ ᠳᠡᠯᠭᠡᠬᠦ ᠠᠩᠭᠢ ᠶᠢ ᠵᠣᠬᠢᠶᠠᠨ ᠪᠠᠶᠢᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠨᠠᠮ ᠤᠨ ᠰᠠᠶᠢᠨ ᠲᠠᠭᠤᠨ᠂ ᠰᠠᠶᠢᠨ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠤᠷᠢᠶᠠᠯᠠᠬᠤ ᠬᠦᠴᠦᠨ᠂ ᠨᠢᠭᠲᠠᠷᠠᠭᠤᠯᠬᠤ ᠬᠦᠴᠦᠨ᠂ ᠨᠥᠯᠥᠭᠡᠯᠡᠬᠦ ᠬᠦᠴᠦᠨ ᠢ ᠦᠨᠡᠨᠬᠦ ᠴᠢᠩᠭᠠᠳᠬᠠᠵᠤ᠂ ᠠᠷᠠᠳ ᠤᠯᠠᠨ ᠳᠤ ᠣᠶᠢᠯᠠᠭᠠᠭᠤᠯᠵᠤ᠂ ᠣᠶᠢᠯᠠᠭᠠᠭᠤᠯᠵᠤ᠂ ᠨᠠᠶᠢᠳᠠᠪᠤᠷᠢᠵᠢᠭᠤᠯᠵᠤ ᠴᠢᠳᠠᠬᠤ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠭᠦᠨᠵᠡᠭᠡᠢ ᠪᠥᠭᠡᠳ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠡᠬᠢᠭᠤᠯᠪᠠ᠃ ︽ᠭᠡᠷ ᠤᠨ ᠡᠭᠦᠳᠡ︾ ᠶᠢᠨ ᠵᠣᠭᠤᠭ ᠤᠨ ᠠᠩᠬᠢ ᠶᠢᠨ ᠭᠡᠰᠢᠭᠦᠳ ᠲᠤᠰ ᠲᠣᠰᠬᠤᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠠᠴᠠ ᠮᠠᠯᠴᠢᠨ ᠲᠠᠷᠢᠶᠠᠴᠢᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠠᠭᠤᠯᠭ᠎ᠠ ᠶᠢ ᠰᠣᠩᠭᠤᠨ ᠠᠪᠴᠤ᠂ ᠭᠦᠨᠵᠡᠭᠡᠢ ᠪᠥᠭᠡᠳ ᠣᠶᠢᠯᠠᠭᠠᠮᠵᠢᠲᠠᠢ ᠦᠭᠡ ᠬᠡᠯᠡ ᠪᠠᠷ ᠬᠤᠪᠢᠶᠠᠯᠴᠠᠨ ᠰᠣᠯᠢᠯᠴᠠᠵᠤ᠂ ᠤᠯᠠᠨ ᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠭᠤᠯᠵᠤ᠂ ᠰᠠᠶᠢᠲᠤᠷ ᠲᠤᠤᠱᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠦᠢᠯᠡᠳᠪᠦᠷᠢᠯᠡᠯ ᠠᠮᠢᠳᠤᠷᠠᠯ ᠳᠤ ᠣᠷᠣᠯᠴᠠᠭᠤᠯᠤᠨ᠎ᠠ᠃      ᠰᠢᠨᠹᠧᠩ ᠭᠠᠴᠠᠭ᠎ᠠ ᠶᠢᠨ ︽ᠭᠡᠷ ᠤᠨ ᠡᠭᠦᠳᠡᠨ︾ ᠤ ᠵᠣᠭᠤᠭᠳᠠᠬᠤ ᠠᠩᠬᠢ ᠶᠢᠨ ᠭᠡᠰᠢᠭᠦᠨ ᠯᠠᠢ ᠸᠠᠨ ᠯᠢ᠄ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠦᠨ᠎ᠡ᠂ ᠡᠨᠡ ᠨᠢ ᠪᠢᠳᠡᠨ ᠳᠤ ᠨᠡᠩ ᠤᠯᠠᠨ ᠬᠥᠭᠵᠢᠯᠲᠡ ᠶᠢᠨ ᠠᠵᠠ ᠲᠣᠬᠢᠶᠠᠯ ᠣᠯᠭᠤᠵᠤ᠂ ᠨᠡᠩ ᠤᠯᠠᠨ ᠰᠠᠶᠢᠨ ᠲᠦᠷᠦ ᠶᠢᠨ ᠪᠤᠳᠤᠯᠭ᠎ᠠ ᠶᠢ ᠬᠥᠳᠡᠭᠡ ᠲᠣᠰᠬᠤᠨ ᠳᠤ ᠨᠠᠶᠢᠳᠠᠪᠤᠷᠢᠵᠢᠭᠤᠯᠬᠤ ᠪᠣᠯᠤᠨ᠎ᠠ ᠭᠡᠵᠦ ᠳᠤᠷᠠᠳᠤᠭᠰᠠᠨ ᠪᠠᠶᠢᠨ᠎ᠠ︾ ᠭᠡᠵᠦ ᠬᠡᠯᠡᠪᠡ᠃ ᠲᠣᠰ ᠤᠳᠠᠭᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠠᠵᠢᠯᠯᠠᠭ᠎ᠠ ᠳᠤ᠂ ᠡᠮᠦᠨᠭᠤᠯ ᠰᠤᠮᠤ ᠶᠢᠨ 16 ᠭᠠᠴᠠᠭᠠᠨ ᠤ 32 ︽ᠬᠡᠷ ᠤᠨ ᠡᠭᠦᠳᠡᠨ ᠳᠠᠬᠢ︾ ᠵᠣᠭᠤᠭᠳᠠᠬᠤ ᠠᠩᠭᠢ ᠶᠢᠨ ᠭᠡᠰᠢᠭᠦᠨ ᠨᠡᠶᠢᠲᠡ 500 ᠭᠠᠷᠤᠶ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠤᠨ ᠣᠷᠣᠯᠴᠠᠭᠤᠯᠵᠤ᠂ ᠨᠠᠮ ᠤᠨ ᠭᠡᠰᠢᠭᠦᠨ ᠣᠯᠠᠨ ᠲᠦᠮᠡᠨ ᠤ ᠨᠠᠮ ᠤᠨ ᠬᠠᠮᠤᠭ ᠤᠨ ᠰᠢᠨ᠎ᠡ ᠴᠢᠭᠯᠡᠯᠲᠡ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ᠂ ᠣᠶᠢᠯᠠᠭᠠᠯᠲᠠ ᠶᠢᠨ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠵᠡᠯ ᠰᠠᠨᠠᠭᠠᠨ ᠤ ᠬᠦᠴᠦᠨ ᠪᠠ ᠠᠵᠢᠯᠯᠠᠭᠠᠨ ᠤ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠤᠭᠰᠠᠨ ᠪᠠᠶᠢᠨ᠎ᠠ᠃    
 
ᠢᠷᠡᠯᠲᠡ᠄ ᠢᠷᠡᠯᠲᠡ᠄ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号