ᠬᠡᠷᠡᠭ ᠤᠨ ᠵᠢᠱᠢᠶ᠎ᠡ ᠯᠢ ᠨᠠᠰᠤᠲᠠᠨ ᠭᠡᠷᠢᠶᠡᠰ ᠦᠯᠡᠳᠡᠭᠡᠵᠦ᠂ ᠬᠤᠶᠠᠷ ᠢᠵᠢ ᠭᠡᠷ ᠬᠥᠷᠤᠩᠭᠡ ᠶᠢ ᠭᠡᠷ ᠦᠭᠡᠢ | ᠭᠤᠷᠪᠠᠳᠤᠭᠠᠷ ᠬᠦᠦ ᠳᠡᠭᠡᠨ ᠥᠭᠴᠦ᠂ ᠦᠯᠡᠳᠡᠭᠰᠡᠨ ᠬᠤᠶᠠᠷ ᠢᠵᠢ ᠭᠡᠷ ᠢ ᠲᠤᠮᠤ ᠬᠦᠦ ᠪᠣᠯᠤᠨ ᠬᠤᠶᠠᠳᠤᠭᠠᠷ | ᠬᠦᠦ ᠳᠡᠭᠡᠨ ᠲᠤᠰᠪᠤᠷᠢ ᠨᠢᠭᠡ ᠶᠢ ᠦᠯᠡᠳᠡᠭᠡᠬᠦ ᠪᠠᠷ ᠭᠡᠷᠢᠶᠡᠰ ᠲᠤ ᠠᠯᠪᠠᠨ ᠭᠡᠷᠡᠴᠢᠯᠡᠭᠡ ᠬᠢᠯᠭᠡᠪᠡ᠃ ᠶᠡᠭᠡ ᠬᠦᠦ ᠨᠢ | ᠳᠤᠷ᠎ᠠ ᠦᠭᠡᠶᠢᠴᠡᠵᠦ᠂ ᠨᠠᠰᠤᠲᠠᠨ ᠢᠶᠠᠨ ᠡᠷᠭᠢᠵᠦ ᠦᠵᠡᠬᠦ ᠦᠭᠡᠢ ᠠᠴᠢᠯᠠᠨ ᠲᠡᠵᠢᠭᠡᠬᠦ ᠵᠠᠷᠤᠳᠠᠯ ᠴᠤ ᠥᠭᠬᠦ ᠦᠭᠡᠢ | ᠪᠣᠯᠪᠠ᠃ ᠯᠢ ᠨᠠᠰᠤᠲᠠᠨ ᠠᠭᠤᠷᠯᠠᠬᠤ ᠳᠠᠭᠠᠨ ᠲᠠᠬᠢᠵᠤ ᠭᠡᠷᠢᠶᠡᠰ ᠦᠯᠡᠳᠡᠭᠡᠵᠦ᠂ ᠲᠦᠷᠪᠡᠨ ᠢᠵᠢ ᠭᠡᠷ ᠬᠥᠷᠤᠩᠭᠡ ᠶᠢ | ᠬᠤᠶᠠᠳᠤᠭᠠᠷ ᠬᠦᠦ ᠪᠠ ᠭᠤᠷᠪᠠᠳᠤᠭᠠᠷ ᠬᠦᠦ ᠳᠡᠭᠡᠨ ᠲᠡᠭᠰᠢ ᠪᠠᠷ ᠬᠤᠪᠢᠶᠠᠨ ᠥᠭᠴᠡᠢ᠃ ᠬᠤᠶᠠᠷ ᠰᠠᠷ᠎ᠠ ᠶᠢᠨ | ᠲᠠᠷᠠᠭ᠎ᠠ᠂ ᠯᠢ ᠡᠪᠦᠭᠡ ᠡᠪᠡᠳᠴᠢᠨ ᠢᠶᠠᠷ ᠨᠠᠰᠤ ᠪᠠᠷᠠᠵᠠᠢ᠂ ᠶᠡᠭᠡ ᠬᠦᠦ ᠨᠢ ᠠᠯᠪᠠᠨ ᠭᠡᠷᠡᠴᠢᠯᠡᠭᠡ ᠶᠢᠨ ᠭᠡᠷᠢᠶᠡᠰ | ᠶᠣᠰᠣᠭᠠᠷ ᠭᠡᠷ ᠬᠤᠪᠢᠶᠠᠬᠤ ᠪᠠᠷ ᠱᠠᠭᠠᠷᠳᠠᠵᠠᠢ᠃ ᠲᠡᠭᠡᠪᠡᠯ ᠯᠢ ᠨᠠᠰᠤᠲᠠᠨ ᠤ ᠬᠤᠶᠠᠷ ᠬᠤᠪᠢ ᠭᠡᠷᠢᠶᠡᠰ ᠤᠨ | ᠠᠯᠢ ᠪᠠᠷ ᠨᠢ ᠪᠠᠷᠢᠮᠵᠢᠶ᠎ᠠ ᠪᠣᠯᠭᠠᠬᠤ ᠪᠤᠢ︖ ᠬᠠᠤᠯᠢ ᠢᠶᠠᠷ ᠲᠠᠶᠢᠯᠪᠤᠷᠢᠯᠠᠬᠤ ᠨᠢ ᠬᠠᠮᠤᠭ ᠰᠡᠭᠦᠯᠴᠢ ᠶᠢᠨ ᠨᠢᠭᠡ | ᠬᠤᠪᠢ ᠭᠡᠷᠢᠶᠡᠰ ᠢᠶᠠᠷ ᠪᠠᠷᠢᠮᠵᠢᠶ᠎ᠠ ᠪᠤᠯᠭᠠᠨ᠎ᠠ ᠠᠯᠪᠠᠨ ᠭᠡᠷᠡᠴᠢᠯᠡᠭᠡ ᠲᠠᠢ ᠭᠡᠷᠢᠶᠡᠰ ᠨᠢ ᠲᠡᠷᠢᠭᠦᠯᠡᠬᠦ ᠬᠦᠴᠦᠨ ᠦᠭᠡᠢ | ᠪᠣᠯᠤᠨ᠎ᠠ᠃ ᠢᠷᠭᠡᠨ ᠤ ᠬᠠᠤᠯᠢ ᠶᠢᠨ ᠪᠢᠴᠢᠭ ᠤᠨ ᠵᠠᠭᠤ ᠳᠥᠴᠢᠨ ᠬᠤᠶᠠᠳᠤᠭᠠᠷ ᠵᠦᠢᠯ ᠳᠤ᠂ ᠭᠡᠷᠢᠶᠡᠰ | ᠦᠯᠡᠳᠡᠭᠡᠭᠴᠢ ᠥᠪᠡᠷ ᠤᠨ ᠦᠯᠡᠳᠡᠭᠡᠭᠰᠡᠨ ᠭᠡᠷᠢᠶᠡᠰ ᠢᠶᠠᠨ ᠪᠤᠴᠠᠭᠠᠬᠤ ᠪᠤᠶᠤ ᠬᠤᠪᠢᠷᠠᠭᠤᠯᠵᠤ ᠪᠣᠯᠤᠨ᠎ᠠ ᠭᠡᠵᠦ | ᠲᠣᠭᠲᠠᠭᠠᠵᠠᠢ᠃ ᠭᠡᠷᠢᠶᠡᠰ ᠦᠯᠡᠳᠡᠭᠡᠭᠰᠡᠨ ᠤ ᠲᠠᠷᠠᠭ᠎ᠠ᠂ ᠭᠡᠷᠢᠶᠡᠰ ᠦᠯᠡᠳᠡᠭᠡᠭᠴᠢ ᠭᠡᠷᠢᠶᠡᠰ ᠤᠨ ᠠᠭᠤᠯᠭ᠎ᠠ ᠲᠠᠢ | ᠡᠰᠡᠷᠭᠦ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠠᠵᠢᠯᠯᠠᠭ᠎ᠠ ᠶᠢ ᠬᠢᠭᠰᠡᠨ ᠪᠠᠶᠢᠪᠠᠯ᠂ ᠭᠡᠷᠢᠶᠡᠰ ᠤᠨ ᠬᠤᠯᠪᠣᠭᠳᠠᠯ | ᠪᠦᠬᠦᠢ ᠠᠭᠤᠯᠭ᠎ᠠ ᠶᠢ ᠪᠤᠴᠠᠭᠠᠭᠰᠠᠨ ᠢᠶᠠᠷ ᠦᠵᠡᠨ᠎ᠡ᠃ ᠬᠡᠳᠦᠨ ᠭᠡᠷᠢᠶᠡᠰ ᠦᠯᠡᠳᠡᠭᠡᠭᠡᠳ ᠠᠭᠤᠯᠭ᠎ᠠ ᠨᠢ | ᠬᠠᠷᠰᠢᠯᠳᠤᠬᠤ ᠳᠤ ᠬᠦᠷᠪᠡᠯ᠂ ᠬᠠᠮᠤᠭ ᠰᠡᠭᠦᠯᠴᠢ ᠶᠢᠨ ᠭᠡᠷᠢᠶᠡᠰ ᠢᠶᠠᠷ ᠪᠠᠷᠢᠮᠵᠢᠶ᠎ᠠ ᠪᠣᠯᠭᠠᠨ᠎ᠠ᠃ | |