ᠰᠠᠶᠢᠨ ᠴᠢᠮᠡᠭᠡ᠂ ᠲᠡᠮᠦᠷ ᠵᠠᠮ ᠤᠨ 12306 APP ᠣᠯᠠᠨ ᠵᠦᠢᠯ ᠤᠨ ᠰᠢᠨ᠎ᠡ ᠴᠢᠳᠠᠮᠵᠢ ᠲᠠᠢ ᠪᠣᠯᠪᠠ︕
ᠨᠡᠶᠢᠲᠡᠯᠡᠭᠰᠡᠨ ᠴᠠᠭ᠄
2022/11/25
     ᠣᠶᠢᠷ᠎ᠠ ᠳᠤ᠂ ᠲᠡᠮᠦᠷ ᠵᠠᠮ ᠤᠨ 12306 APP ᠳᠠᠬᠢᠨᠲᠠ ᠲᠠᠰ ᠳᠡᠪᠰᠢᠵᠦ᠂ ᠪᠠᠰᠠ ᠣᠯᠠᠨ ᠬᠡᠷᠡᠭᠯᠡᠭᠡᠨ ᠤ ᠴᠢᠳᠠᠮᠵᠢ ᠨᠡᠮᠡᠭᠳᠡᠵᠡᠢ᠂ ᠬᠠᠮᠲᠤ ᠪᠠᠷ ᠣᠶᠢᠯᠠᠭᠠᠶ᠎ᠠ︕ ᠬᠤᠲᠠ ᠶᠢᠨ ᠨᠡᠷ᠎ᠡ ᠪᠠ ᠥᠷᠲᠡᠭᠡᠨ ᠨᠡᠷ᠎ᠡ ᠶᠢ ᠨᠠᠩ ᠲᠣᠳᠣᠷᠬᠠᠶ ᠪᠣᠯᠭᠠᠪᠠ ᠲᠡᠮᠦᠷ ᠵᠠᠮ ᠤᠨ 12306 APP ᠶᠢᠨ ᠲᠡᠷᠢᠭᠦᠨ ᠬᠠᠭᠤᠳᠠᠰᠤᠨ ᠳᠤ ᠵᠣᠷᠢᠭᠰᠠᠨ ᠭᠠᠵᠠᠷ ᠢᠶᠠᠨ ᠪᠢᠴᠢᠵᠤ ᠣᠷᠣᠭᠤᠯᠪᠠᠯ ᠰᠢᠰᠲ᠋ᠧᠮ ᠳᠤ ᠨᠢ ᠠᠶᠠᠨᠳᠠᠭᠠᠨ ᠲᠡᠷᠭᠡᠨ ᠥᠷᠲᠡᠭᠡᠨ ᠤ ᠵᠢᠭᠰᠠᠭᠠᠯᠲᠠ ᠭᠠᠷᠴᠤ ᠢᠷᠡᠨ᠎ᠡ᠃ ᠠᠶᠠᠯᠠᠯ ᠤᠨ ᠬᠠᠭᠤᠳᠠᠰᠤ ᠶᠢᠨ ᠠᠭᠤᠯᠭ᠎ᠠ ᠨᠠᠩ ᠪᠠᠶᠠᠯᠢᠭ ᠪᠣᠯᠪᠠ ᠠᠶᠠᠨᠴᠢᠳ ᠭᠠᠯᠲᠤ ᠲᠡᠷᠭᠡᠨ ᠪᠢᠯᠧᠲ ᠢ ᠬᠤᠳᠠᠯᠳᠤᠨ ᠠᠪᠤᠭᠰᠠᠨ ᠤ ᠳᠠᠷᠠᠭ᠎ᠠ᠂ ᠲᠡᠮᠦᠷ ᠵᠠᠮ ᠤᠨ 12306 APP ᠶᠢᠨ ᠲᠡᠷᠢᠭᠦᠨ ᠬᠠᠭᠤᠳᠠᠰᠤᠨ ᠳᠤ ᠲᠣᠰ ᠬᠥᠮᠦᠨ ᠤ ᠠᠶᠠᠯᠠᠯ ᠤᠨ ᠮᠡᠳᠡᠭᠡ ᠵᠠᠩᠭᠢ ᠠᠶᠠᠨᠳᠠᠭᠠᠨ ᠢᠯᠡᠷᠡᠵᠦ᠂ ᠠᠶᠠᠨᠴᠢᠳ ᠪᠠᠰᠠ ᠨᠠᠩ ᠪᠠᠶᠠᠯᠢᠭ ᠠᠭᠤᠯᠭ᠎ᠠ ᠲᠠᠢ ᠶᠠᠪᠤᠵᠤ ᠰᠠᠭᠤᠬᠤ ᠣᠶᠢᠯᠡᠴᠢᠯᠡᠭᠡᠨ ᠤ ᠮᠡᠳᠡᠭᠡ ᠵᠠᠩᠭᠢ ᠶᠢ ᠣᠯᠵᠤ ᠦᠵᠡᠬᠦ ᠪᠣᠯᠤᠨ᠎ᠠ᠃ ᠬᠤᠷᠠᠮᠳᠤᠯ ᠬᠤᠪᠢ ᠢᠶᠠᠷ ᠢᠶᠠᠨ ᠦᠳᠡ ᠶᠢᠨ ᠬᠤᠭᠤᠯᠠ ᠰᠣᠯᠢᠵᠤ ᠪᠣᠯᠤᠨ᠎ᠠ ᠲᠡᠮᠦᠷ ᠵᠠᠮ ᠤᠨ 12306 APP ᠨᠢ ᠲᠡᠷᠭᠡᠨ ᠳᠤ ᠰᠠᠭᠤᠭᠰᠠᠨ ᠬᠤᠪᠢ ᠬᠤᠷᠠᠮᠳᠤᠭᠤᠯᠬᠤ ᠰᠠᠭᠤᠷᠢᠨ ᠳᠡᠭᠡᠷ᠎ᠡ ᠪᠠᠨ ︽ᠬᠤᠭᠤᠯᠠ ᠲᠤᠭᠲᠠᠬᠤ ᠬᠤᠪᠢ︾ ᠬᠤᠷᠠᠮᠳᠤᠭᠤᠯᠬᠤ ᠴᠢᠳᠠᠮᠵᠢ ᠨᠡᠮᠡᠭᠳᠡᠵᠡᠢ᠃ ᠲᠦᠷ ᠴᠠᠭ ᠶᠢᠨ ᠡᠯᠧᠺᠳ᠋ᠷᠤᠨ ᠪᠡᠶ᠎ᠡ ᠶᠢᠨ ᠦᠨᠡᠮᠯᠡᠯ ᠭᠠᠯᠲᠤ ᠲᠡᠷᠭᠡᠨ ᠳᠤ ᠰᠠᠭᠤᠬᠤ ᠭᠡᠳ ᠪᠡᠶ᠎ᠡ ᠶᠢᠨ ᠦᠨᠡᠮᠯᠡᠯ ᠢᠶᠠᠨ ᠮᠠᠷᠳᠠᠭᠰᠠᠨ ᠪᠣᠯ ᠲᠡᠮᠦᠷ ᠵᠠᠮ ᠤᠨ 12306 APP ︽ᠲᠦᠷ ᠴᠠᠭ ᠤᠨ ᠪᠡᠶ᠎ᠡ ᠶᠢᠨ ᠦᠨᠡᠮᠯᠡᠯ︾ ᠤᠨ ᠠᠰᠠᠭᠤᠳᠠᠯ ᠢ ᠲᠡᠷᠡ ᠲᠠᠷᠣᠢ ᠳᠤᠨᠢ ᠰᠢᠢᠳᠪᠣᠷᠢᠯᠡᠵᠤ ᠲᠡᠶᠢᠯᠣᠨ᠎ᠠ᠃    
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号