ᠥᠳᠥᠨ ᠪᠥᠮᠪᠦᠭᠡ ᠴᠣᠬᠢᠭᠠᠳ ᠨᠢᠳᠦ ᠰᠢᠷᠬᠠᠳᠤᠭᠰᠠᠨ ᠢ ᠬᠡᠨ ᠬᠠᠷᠢᠭᠤᠴᠠᠬᠤ ᠪᠤᠶ︖
ᠨᠡᠶᠢᠲᠡᠯᠡᠭᠰᠡᠨ ᠴᠠᠭ᠄
2022/11/25
     ᠬᠡᠷᠡᠭ ᠤᠨ ᠵᠢᠱᠢᠶ᠎ᠡ ᠰᠦᠩ ᠠᠪᠤᠭᠠᠢ ᠥᠳᠥᠨ ᠪᠥᠮᠪᠦᠭᠡ ᠶᠢᠨ ᠤᠷᠤᠯᠳᠤᠭᠠᠨ ᠳᠤ ᠣᠷᠣᠯᠴᠠᠵᠤ᠂ ᠪᠥᠮᠪᠥᠭᠡᠨ ᠨᠠᠶᠢᠵᠠ ᠵᠧᠦ ᠠᠪᠤᠭᠠᠢ ᠶᠢᠨ ᠴᠣᠬᠢᠵᠤ ᠢᠷᠡᠭᠦᠯᠦᠭᠰᠡᠨ ᠥᠳᠥᠨ ᠪᠥᠮᠪᠥᠭᠡᠨ ᠳᠤ ᠪᠠᠷᠠᠭᠤᠨ ᠨᠢᠳᠦ ᠪᠠᠨ ᠰᠢᠷᠬᠠᠲᠤᠭᠤᠯᠪᠠ᠃ ᠬᠡᠷᠡᠭ ᠭᠠᠷᠤᠭᠰᠠᠨ ᠤ ᠳᠠᠷᠠᠭ᠎ᠠ ᠵᠧᠤ ᠠᠪᠤᠭᠠᠶ ᠰᠠᠨᠠᠭᠠᠴᠢᠯᠠᠭ᠎ᠠ ᠠᠴᠠ ᠪᠠᠨ ᠰᠥᠩ ᠠᠪᠤᠭᠠᠶ ᠳᠤ ᠪᠠᠷ᠎ᠠ ᠪᠣᠯᠵᠤ ᠡᠮᠨᠡᠭᠦᠯᠦᠭᠰᠡᠨ ᠪᠥᠭᠡᠳ ᠡᠮᠨᠡᠯᠭᠡ ᠶᠢᠨ ᠵᠠᠷᠤᠳᠠᠯ ᠢ ᠣᠷᠣᠯᠠᠨ ᠲᠤᠰᠢᠶᠠᠵᠠᠶ᠃ ᠰᠡᠭᠦᠯᠡᠷ ᠨᠢ ᠰᠥᠩ ᠠᠪᠤᠭᠠᠶ ᠠᠴᠠ ᠵᠧᠤ ᠠᠪᠤᠭᠠᠶ ᠶᠢ ᠰᠢᠭᠦᠬᠦ ᠬᠤᠷᠢᠶᠠᠨ ᠳᠤ ᠵᠠᠭᠠᠯᠳᠤᠵᠤ ᠲᠥᠯᠥᠪᠦᠷᠢ ᠠᠪᠬᠤ ᠪᠠᠷ ᠱᠠᠭᠠᠷᠳᠠᠵᠠᠶ᠃ ᠵᠧᠤ ᠠᠪᠤᠭᠠᠶ ᠰᠥᠩ ᠠᠪᠤᠭᠠᠶ ᠶᠢᠨ ᠰᠢᠷᠬᠠᠲᠤᠭᠰᠠᠨ ᠳᠤ ᠬᠠᠷᠢᠭᠤᠴᠠᠯᠭ᠎ᠠ ᠡᠭᠦᠷᠭᠡᠯᠡᠨ᠎ᠡ ᠦᠦ︖ ᠬᠠᠤᠯᠢ ᠢᠶᠠᠷ ᠲᠠᠶᠢᠯᠪᠤᠷᠢᠯᠠᠬᠤ ᠨᠢ ᠬᠡᠷᠡᠭ ᠥᠬᠡᠶ᠃ ᠢᠷᠭᠡᠨ ᠤ ᠬᠠᠤᠯᠢ ᠶᠢᠨ ᠪᠢᠴᠢᠭ ᠤᠨ ᠨᠢᠭᠡ ᠮᠢᠩᠭ᠎ᠠ ᠨᠢᠭᠡ ᠵᠠᠭᠤ ᠳᠠᠯᠠᠨ ᠵᠢᠷᠭᠤᠳᠤᠭᠠᠷ ᠵᠦᠢᠯ ᠳᠤ᠂ ᠵᠣᠬᠢᠬᠤ ᠠᠶᠤᠯ ᠲᠦᠭᠰᠢᠭᠦᠷᠢ ᠪᠦᠬᠦᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠰᠠᠶᠢᠨ ᠳᠤᠷ᠎ᠠ ᠠᠴᠠ ᠪᠠᠨ ᠣᠷᠣᠯᠴᠠᠵᠤ᠂ ᠪᠤᠰᠤᠳ ᠣᠷᠣᠯᠴᠠᠭᠴᠢ ᠶᠢᠨ ᠦᠢᠯᠡ ᠠᠵᠢᠯᠯᠠᠭ᠎ᠠ ᠠᠴᠠ ᠪᠤᠯᠵᠤ ᠬᠤᠬᠢᠷᠠᠯ ᠳᠤ ᠤᠴᠠᠷᠠᠭᠰᠠᠨ ᠪᠠᠶᠢᠪᠠᠯ᠂ ᠬᠤᠬᠢᠷᠠᠯ ᠠᠮᠰᠠᠭᠴᠢ ᠨᠢ ᠪᠤᠰᠤᠳ ᠣᠷᠣᠯᠴᠠᠭᠴᠢ ᠪᠠᠷ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠭᠤᠶᠤᠴᠢᠯᠠᠵᠤ ᠪᠣᠯᠬᠤ ᠦᠭᠡᠢ ᠭᠡᠵᠦ ᠲᠣᠭᠲᠠᠭᠠᠵᠠᠢ᠃ ᠭᠡᠪᠡᠴᠦ ᠪᠤᠰᠤᠳ ᠣᠷᠣᠯᠴᠠᠭᠰᠠᠳ ᠤᠨ ᠵᠣᠷᠢᠭᠤᠳᠠ ᠪᠤᠶᠤ ᠬᠦᠨᠳᠦ ᠶᠡᠭᠡ ᠠᠳᠡᠯ ᠭᠠᠷᠭᠠᠭᠰᠠᠨ ᠨᠢ ᠡᠭᠦᠨ ᠳᠤ ᠪᠠᠭᠲᠠᠬᠤ ᠤᠢᠭᠡᠢ᠃    
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号