| 10 ᠰᠠᠷ᠎ᠠ ᠶᠢᠨ 31 ᠤ ᠡᠳᠦᠷ ᠬᠤᠷᠠᠯᠳᠤᠭᠤᠯᠤᠭᠰᠠᠨ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠭᠯᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠨᠡᠶᠢᠲᠡᠯᠡᠭᠰᠡᠨ | ᠢᠶᠠᠷ᠂ ᠬᠦᠬᠡᠬᠤᠳᠡ ᠶᠢᠨ ᠬᠢᠨ ᠣᠶᠢᠷ᠎ᠠ ᠶᠢᠨ ᠬᠤᠭᠤᠴᠡᠭᠠᠠ ᠳᠤ ︽ᠦᠲᠦᠭᠡᠭᠴᠢ ᠶᠢᠨ ᠪᠠᠶᠢᠴᠠᠭᠠᠯᠲᠠ + ᠪᠥᠭᠡᠮ | ᠬᠦᠴᠢᠯ ᠤᠨ ᠪᠠᠶᠢᠴᠠᠭᠠᠯᠲᠠ︾ ᠶᠢᠨ ᠬᠠᠮ ᠪᠠᠶᠢᠴᠠᠭᠠᠯᠲᠠ ᠶᠢᠨ ᠠᠷᠭ᠎ᠠ ᠬᠡᠯᠪᠡᠷᠢ ᠶᠢ ᠬᠡᠷᠡᠭᠯᠡᠪᠡ᠃ ᠬᠡᠷᠪᠡ | ᠦᠳᠦᠭᠡᠭᠴᠢ ᠶᠢᠨ ᠪᠠᠶᠢᠴᠠᠭᠠᠯᠲᠠ ᠶᠢᠨ ᠦᠷ᠎ᠡ ᠳ᠋ᠦᠩ ᠨᠢ ᠠᠷᠭ᠎ᠠ ᠴᠢᠨᠡᠷ ᠢᠯᠡᠷᠡᠪᠡᠯ ᠳᠣᠤᠷᠠᠬᠢ ᠭᠤᠷᠪᠠᠨ | ᠠᠯᠬᠤᠮ ᠢᠶᠠᠷ ᠬᠢᠭᠡᠷᠡᠢ᠄ ᠨᠢᠭᠡ ᠳᠤ᠂ ᠠᠮᠠᠪᠴᠢ ᠪᠠᠨ ᠳᠠᠷᠤᠢ ᠳᠤᠨᠢ ᠵᠡᠭᠦᠵᠦ᠂ ᠬᠠᠮᠲᠤ ᠰᠠᠭᠤᠭ᠎ᠠ ᠬᠥᠮᠦᠰ ᠠᠴᠠ ᠪᠠᠨ | ᠵᠣᠬᠢᠬᠤ ᠵᠠᠢ ᠲᠠᠢ ᠪᠠᠶᠢᠵᠦ᠂ ᠨᠥᠬᠦᠴᠡᠯ ᠲᠠᠢ ᠪᠣᠯ ᠭᠠᠭᠴᠡᠭᠠᠷ ᠢᠶᠠᠨ ᠨᠢᠭᠡ ᠥᠷᠥᠭᠡ ᠳᠤ ᠰᠠᠭᠤᠨ᠎ᠠ︔ ᠬᠤᠶᠠᠷ ᠲᠤ᠂ | ᠲᠡᠷᠡ ᠳᠠᠷᠤᠶ ᠳᠤᠨᠢ ᠪᠠᠶᠢᠭ᠎ᠠ ᠨᠡᠶᠢᠭᠡᠮ ᠲᠣᠭᠤᠷᠢᠭ ᠲᠠᠭᠠᠨ ᠮᠡᠳᠡᠭᠦᠯᠵᠦ᠂ ᠰᠠᠭᠤᠭ᠎ᠠ ᠬᠠᠶ᠋ᠢᠭ ᠪᠠ ᠠᠷᠭ᠎ᠠ ᠴᠢᠨᠠᠷ | ᠢᠯᠡᠷᠡᠭᠰᠡᠨ ᠪᠠᠶᠢᠳᠠᠯ ᠢᠶᠠᠨ ᠮᠡᠳᠡᠭᠳᠡᠵᠦ᠂ ᠪᠥᠭᠡᠮ ᠬᠦᠴᠢᠯ ᠤᠨ ᠪᠠᠶᠢᠴᠠᠭᠠᠯᠲᠠ ᠲᠣᠬᠢᠷᠠᠭᠤᠯᠬᠤ ᠶᠢ ᠬᠦᠯᠢᠶᠡᠨ᠎ᠡ︔ | ᠭᠤᠷᠪᠠ ᠳᠤ᠂ ᠬᠡᠷᠡᠭᠯᠡᠵᠦ ᠥᠩᠭᠡᠷᠡᠭᠰᠡᠨ ᠦᠯᠢᠭᠡᠷ ᠠᠪᠤᠭᠰᠠᠨ ᠭᠤᠤᠷᠰᠦ᠂ ᠪᠠᠶᠢᠴᠠᠭᠠᠯᠲᠠ ᠶᠢᠨ ᠺᠠᠷᠲ ᠵᠡᠷᠭᠡ ᠪᠠᠨ | ᠪᠦᠷᠢᠨ ᠴᠤᠭᠯᠠᠭᠤᠯᠵᠤ᠂ ᠨᠢᠭᠲᠠ ᠪᠢᠲᠡᠭᠦᠮᠵᠢᠯᠡᠭᠰᠡᠨ ᠤᠭᠤᠲᠠᠨ ᠳᠤ ᠬᠢᠵᠦ᠂ ᠬᠠᠮᠢᠶᠠᠷᠤᠯᠲᠠ ᠶᠢᠨ ᠠᠵᠢᠯᠲᠠᠨ ᠳᠤ | ᠲᠤᠰᠢᠶᠠᠵᠤ ᠡᠮᠴᠢᠯᠡᠭᠡᠨ ᠤ ᠬᠠᠶᠠᠭᠳᠠᠮᠠᠯ ᠪᠣᠳᠠᠰ ᠢᠶᠠᠷ ᠰᠢᠢᠳᠪᠦᠷᠢᠯᠡᠭᠦᠯᠦᠨ᠎ᠡ᠃ ᠬᠡᠷᠪᠡ ᠪᠥᠭᠡᠮ ᠬᠦᠴᠢᠯ ᠤᠨ | ᠪᠠᠶᠢᠴᠠᠭᠠᠯᠲᠠ ᠬᠡᠪ ᠤᠨ ᠪᠤᠰᠤ ᠪᠠᠶᠢᠪᠠᠯ᠂ ᠮᠡᠳᠡᠭᠳᠡᠯ ᠢ ᠲᠤᠰᠤᠬᠰᠡᠡ ᠤ ᠳᠠᠷᠠᠭ᠎ᠠ ᠳᠣᠣᠷᠠᠬᠢ ᠲᠠᠪᠤᠨ ᠲᠠᠯ᠎ᠠ ᠶᠢ | ᠰᠠᠶᠢᠲᠤᠷ ᠬᠢᠬᠦ ᠬᠡᠷᠡᠭᠲᠡᠶ᠄ ᠨᠢᠭᠡ ᠳᠤ᠂ ᠯᠠᠪᠳᠠᠭᠤᠨ ᠲᠣᠭᠲᠠᠭᠤᠨ ᠪᠠᠶᠢᠵᠤ᠂ ᠶᠠᠭᠠᠬᠢᠭᠰᠠᠨ ᠴᠤ ᠠᠶᠤᠵᠤ ᠰᠠᠨᠳᠤᠷᠴᠦ | ᠪᠣᠯᠬᠤ ᠥᠬᠡᠶ︔ ᠬᠤᠶᠠᠷ ᠲᠤ᠂ ᠲᠡᠷᠡ ᠳᠠᠷᠤᠶ ᠳᠤᠨᠢ ᠪᠠᠶᠢᠭ᠎ᠠ ᠭᠠᠵᠠᠷ ᠲᠠᠭᠠᠨ ᠪᠡᠶ᠎ᠡ ᠪᠠᠨ ᠲᠤᠰᠠᠭᠠᠷᠯᠠᠵᠤ᠂ | ᠨᠥᠬᠦᠴᠡᠯ ᠲᠠᠢ ᠪᠣᠯ ᠭᠠᠭᠴᠡᠭᠠᠷ ᠢᠶᠠᠨ ᠨᠢᠬᠡ ᠦᠷᠦᠭᠡ ᠳᠤ ᠰᠠᠭᠤᠵᠤ᠂ ᠠᠮᠠᠪᠴᠢ ᠪᠠᠨ ᠵᠡᠭᠦᠵᠦ᠂ ᠪᠤᠰᠤᠳ | ᠬᠥᠮᠦᠨ ᠲᠠᠢ ᠵᠣᠬᠢᠬᠤ ᠵᠠᠶ ᠶᠢ ᠪᠠᠲᠤᠯᠠᠬᠤ ᠶᠢᠨ ᠬᠠᠮᠲᠤ ᠬᠠᠷᠢᠯᠴᠠᠭ᠎ᠠ ᠬᠤᠯᠪᠣᠭ᠎ᠠ ᠪᠠᠨ ᠲᠠᠰᠤᠯᠳᠠᠬᠤ ᠦᠭᠡᠢ ᠪᠠᠶᠢᠬᠤ | ᠬᠡᠷᠡᠭᠲᠡᠢ︔ ᠭᠤᠷᠪᠠ ᠳᠤ᠂ ᠥᠪᠡᠷ ᠤᠨ ᠤᠢᠢᠷ᠎ᠠ ᠶᠢᠨ ᠬᠡᠲᠦᠨ ᠡᠳᠦᠷ ᠤᠨ ᠶᠡᠪᠤᠵᠤ ᠰᠡᠭᠤᠬᠰᠡᠡ ᠵᠠᠮ | ᠱᠤᠭᠤᠮ ᠢᠶᠠᠨ ᠨᠠᠷᠢᠨ ᠨᠢᠮᠪᠡᠢ ᠡᠷᠭᠢᠴᠡᠭᠦᠯᠦᠨ᠎ᠡ︔ ᠲᠦᠷᠪᠡ ᠳᠤ᠂ ᠤᠢᠢᠷ᠎ᠠ ᠶᠢᠨ ᠬᠤᠭᠤᠴᠡᠭᠠᠠ ᠳᠤ ᠨᠢᠭᠲᠠ | ᠦᠢᠷᠡᠳᠤᠬᠰᠡᠳ ᠲᠠᠭᠠᠨ ᠮᠡᠳᠡᠭᠳᠡᠵᠦ᠂ ᠬᠥᠮᠦᠨ ᠤᠯᠠᠨ ᠴᠤᠭᠯᠠᠷᠠᠳᠠᠭ ᠲᠠᠯᠠᠪᠤᠷ ᠲᠤ ᠣᠴᠢᠬᠤ ᠠᠴᠠ ᠵᠠᠶᠢᠯᠠᠰᠬᠢᠵᠦ᠂ | ᠥᠪᠡᠷ ᠤᠨ ᠡᠷᠡᠭᠦᠯ ᠮᠡᠨᠳᠤ ᠶᠢᠨ ᠬᠢᠨᠠᠨ ᠪᠠᠶᠢᠴᠠᠭᠠᠯᠲᠠ ᠪᠠᠨ ᠰᠠᠶᠢᠲᠤᠷ ᠬᠢᠵᠦ᠂ ᠵᠣᠬᠢᠴᠠᠭᠤᠯᠤᠨ ᠲᠤᠬᠢᠷᠠᠭᠤᠯᠵᠤ | ᠬᠠᠮᠢᠶᠠᠷᠤᠨ ᠡᠵᠡᠮᠳᠡᠬᠦ ᠠᠵᠢᠯ ᠲᠠᠢ ᠬᠠᠮᠵᠢᠯᠴᠠᠬᠤ ᠬᠡᠷᠡᠭᠲᠡᠢ︔ ᠲᠠᠪᠤ ᠳᠤ᠂ ᠪᠡᠶ᠎ᠡ ᠶᠢᠨ ᠦᠨᠡᠮᠯᠡᠯ᠂ ᠪᠠᠶᠢᠩᠭᠤ | ᠬᠡᠷᠡᠭᠯᠡᠬᠦ ᠡᠮ ᠤᠨ ᠵᠦᠢᠯ᠂ ᠰᠣᠯᠢᠵᠤ ᠤᠬᠢᠶᠠᠬᠤ ᠬᠤᠪᠴᠠᠰᠤ ᠬᠤᠨᠠᠷ᠂ ᠠᠮᠢᠳᠤᠷᠠᠯ ᠤᠨ ᠬᠡᠷᠡᠭᠰᠡᠯ ᠵᠡᠷᠭᠡ | ᠡᠮᠴᠢᠯᠡᠭᠡᠨ ᠤ ᠪᠠᠶᠢᠭᠤᠯᠤᠮᠵᠢ ᠪᠤᠶᠤ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠲᠤ ᠣᠴᠢᠬᠤ ᠳᠤ ᠬᠡᠷᠡᠭᠰᠡᠬᠦ ᠡᠳ᠋ | ᠪᠣᠳᠠᠰ ᠢᠶᠠᠨ ᠪᠡᠯᠡᠳᠬᠡᠵᠤ᠂ ᠤᠨᠴᠠᠭᠠᠶᠢᠯᠠᠨ ᠭᠠᠷ ᠤᠲᠠᠰᠤᠨ ᠤ ᠴᠠᠬᠢᠯᠭᠠᠨ ᠴᠡᠨᠡᠭᠯᠡᠬᠦ ᠤᠲᠠᠰᠤ ᠪᠠᠨ ᠮᠠᠷᠲᠠᠬᠤ | ᠦᠭᠡᠢ ᠶᠢ ᠰᠡᠨᠡᠭᠤᠯᠵᠤ ᠪᠠᠶᠢᠨ᠎ᠠ᠃ ᠬᠡᠷᠪᠡ ᠤᠯᠡᠡ ᠬᠦᠮᠤᠨ ᠬᠠᠮ ᠭᠤᠤᠷᠰᠤ ᠶᠢᠨ ᠪᠦᠭᠡᠮ ᠬᠦᠴᠢᠯ ᠤᠨ | ᠪᠠᠶᠢᠴᠠᠭᠠᠯᠲᠠ ᠬᠢᠵᠤ᠂ ᠠᠷᠭ᠎ᠠ ᠴᠢᠨᠠᠷ ᠢᠯᠡᠷᠡᠪᠡᠯ ᠮᠡᠳᠡᠭᠳᠡᠯ ᠢ ᠲᠤᠰᠤᠬᠰᠡᠡ ᠤ ᠳᠠᠷᠠᠭ᠎ᠠ ᠦᠪᠡᠷ ᠤᠨ ᠪᠠᠶᠢᠭ᠎ᠠ | ᠣᠷᠣᠨ ᠪᠠᠶᠢᠷᠢ ᠪᠠᠨ ᠲᠤᠳᠤ ᠬᠡᠯᠡᠵᠦ ᠥᠭᠬᠦ ᠶᠢᠨ ᠬᠠᠮᠲᠤ ᠲᠡᠷᠡ ᠳᠠᠷᠤᠶ ᠳᠤᠨᠢ ᠠᠮᠠᠪᠴᠢ ᠪᠠᠨ ᠵᠡᠭᠦᠵᠦ᠂ ᠪᠤᠰᠤᠳ | ᠬᠥᠮᠦᠨ ᠲᠠᠢ ᠵᠣᠬᠢᠬᠤ ᠵᠠᠶ ᠶᠢ ᠪᠠᠲᠤᠯᠠᠵᠤ᠂ ᠲᠠᠬᠢᠨ ᠪᠦᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠪᠠᠷ ᠬᠦᠯᠢᠶᠡᠨ᠎ᠡ᠃ | | |