ᠨᠢᠭᠡ ᠂ ᠠᠬᠤᠢ ᠪᠠᠶᠢᠳᠠᠯ | ᠮᠠᠨ ᠤ ᠠᠶᠢᠮᠠᠭ ᠤᠨ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ︿ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠨᠦᠭᠦᠳ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ | 〔2019〕 33 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ ᠰᠦ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ﹀ ᠶᠢᠨ ᠲᠤᠬᠠᠶ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ 〔 2022 〕 18 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠮᠡᠲᠦ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠬᠤᠶᠠᠷ ᠂ ᠭᠤᠤᠯ ᠠᠭᠤᠯᠭ᠎ᠠ | ᠨᠢᠭᠡ᠂ ᠣᠷᠣᠨ ᠨᠤᠲᠤᠭ ᠤᠨ ᠤᠨᠴᠠᠯᠢᠭᠳᠤ ᠴᠠᠭᠠᠨ ᠢᠳᠡᠭᠡᠨ ᠡᠳ᠋ᠰᠢᠭᠦᠯᠵᠦ ᠪᠠᠷᠢᠮᠵᠢᠶᠠᠵᠢᠭᠤᠯᠬᠤ | ᠲᠤᠷᠰᠢᠯᠲᠠ ᠳᠤ ᠨᠥᠬᠦᠪᠥᠷᠢ ᠣᠯᠭᠤᠨ᠎ᠠ᠃ ᠨᠢᠭᠡᠨᠲᠡ ᠵᠢᠵᠢᠭ ᠦᠢᠯᠡᠳᠬᠡᠯ ᠤᠨ ᠳᠠᠩᠰᠠᠯᠠᠯ ᠤᠨ ᠦᠨᠡᠮᠯᠡᠯ | ᠣᠯᠤᠭᠰᠠᠨ ᠪᠠᠶᠢᠪᠠᠯ᠂ ᠵᠢᠯ ᠤᠨ ᠡᠳ᠋ᠰᠢᠭᠦᠯᠦᠭᠰᠡᠨ ᠲᠦᠭᠦᠬᠡᠶ ᠰᠦ ᠨᠢ 100 ᠲᠣᠨ ᠪᠤᠶᠤ ᠵᠢᠯ ᠳᠤ 20 | ᠲᠣᠨ ᠠᠴᠠ ᠳᠡᠭᠡᠭᠰᠢ ᠴᠠᠭᠠᠨ ᠢᠳᠡᠭᠡᠨ ᠤ ᠭᠠᠷᠤᠯᠲᠠ ᠲᠠᠢ ᠣᠷᠣᠨ ᠨᠤᠲᠤᠭ ᠤᠨ ᠤᠨᠴᠠᠯᠢᠭᠳᠤ ᠴᠠᠭᠠᠨ ᠢᠳᠡᠭᠡᠨ ᠤ | ᠵᠢᠵᠢᠭ ᠦᠢᠯᠡᠳᠬᠡᠯ᠂ ᠬᠤᠷᠰᠢᠶ᠎ᠠ᠂ ᠬᠤᠯᠪᠣᠭᠠᠲᠤ ᠴᠣᠭᠴᠠ᠂ ᠪᠠᠷᠢᠮᠵᠢᠶᠠᠵᠢᠭᠤᠯᠬᠤ ᠲᠤᠷᠰᠢᠯᠲᠠ ᠶᠢᠨ ᠴᠡᠭ ᠲᠤ | ᠣᠷᠣᠭᠤᠯᠵᠤ᠂ ᠰᠦ ᠶᠢᠨ ᠢᠷᠡᠯᠲᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ᠂ ᠴᠠᠭᠠᠨ | ᠢᠳᠡᠭᠡ ᠡᠳ᠋ᠰᠢᠭᠦᠯᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠬᠢᠭᠡᠳ ᠲᠥᠬᠦᠭᠡᠷᠦᠮᠵᠢ ᠬᠤᠳᠠᠯᠳᠤᠨ | ᠠᠪᠬᠤ᠂ ᠦᠢᠯᠡᠳᠪᠦᠷᠢᠯᠡᠯ ᠤᠨ ᠤᠷᠠᠯᠠᠯ ᠢ ᠲᠠᠰ ᠳᠡᠪᠰᠢᠭᠦᠯᠬᠦ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ | ᠲᠥᠬᠦᠭᠡᠷᠦᠮᠵᠢ ᠳᠣᠭᠢᠷᠠᠭᠤᠯᠬᠤ᠂ ᠬᠥᠯᠳᠡᠭᠡᠵᠦ ᠬᠡᠯᠬᠢᠶᠡᠵᠢᠭᠦᠯᠬᠦ ᠲᠡᠭᠡᠭᠡᠪᠦᠷᠢ ᠶᠢᠨ ᠭᠦᠢᠯᠭᠡᠭᠡᠨ ᠤ ᠰᠢᠰᠲ᠋ᠧᠮᠵᠢ ᠶᠢᠨ | ᠪᠥᠲᠥᠭᠡᠨ ᠪᠠᠶᠢᠭᠤᠯᠤᠯᠲᠠ ᠵᠡᠷᠭᠡ ᠶᠢ ᠳᠡᠮᠵᠢᠵᠦ᠂ ᠲᠤᠷᠰᠢᠯᠲᠠ ᠶᠢᠨ ᠴᠡᠭ ᠤᠨ ᠠᠶᠢᠮᠠᠭ ᠤᠨ ᠱᠠᠲᠤᠨ ᠳᠤ 30 | ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ︔ ᠬᠤᠰᠢᠭᠤ ᠰᠢᠶᠠᠨ ᠬᠤᠲᠠ 20 ᠲᠦᠮᠡᠨ ᠲᠥᠭᠦᠷᠢᠭ ᠤᠨ ᠢᠵᠢ | ᠪᠥᠷᠢᠳᠦᠭᠦᠯᠬᠦ ᠨᠥᠬᠦᠪᠥᠷᠢ ᠥᠭᠭᠦᠨ᠎ᠡ᠃ | ᠬᠤᠶᠠᠷ᠂ SC ᠭᠡᠷᠡᠴᠢᠯᠡᠭᠡ ᠬᠢᠯᠭᠡᠬᠦ ᠪᠠᠷ ᠭᠤᠶᠤᠴᠢᠯᠠᠭᠰᠠᠨ ᠠᠵᠤ ᠠᠬᠤᠶᠢᠯᠠᠯ ᠳᠤ ᠨᠥᠬᠦᠪᠥᠷᠢ ᠥᠭᠭᠦᠨ᠎ᠡ᠃ | ᠵᠢᠵᠢᠭ ᠦᠢᠯᠡᠳᠭᠡᠯ ᠤᠨ ᠭᠠᠵᠠᠷ᠂ ᠬᠤᠷᠰᠢᠶ᠎ᠠ᠂ ᠠᠵᠤ ᠠᠬᠤᠶᠢᠯᠠᠯ ᠤᠨ ᠥᠭᠡᠷᠡᠴᠢᠯᠡᠨ ᠲᠠᠰ ᠳᠡᠪᠰᠢᠭᠦᠯᠵᠦ SC | ᠭᠡᠷᠡᠴᠢᠯᠡᠯ ᠤᠯᠬᠤ ᠶᠢ ᠵᠣᠷᠢᠭᠵᠢᠭᠤᠯᠵᠤ᠂ 2022 ᠣᠨ ᠠᠴᠠ ᠡᠬᠢᠯᠡᠨ᠂ SC ᠭᠡᠷᠡᠴᠢᠯᠡᠯ ᠰᠢᠨ᠎ᠡ ᠪᠠᠷ ᠣᠯᠤᠭᠰᠠᠨ | ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠶ ᠪᠠᠷ 50 ᠲᠦᠮᠡᠨ ᠲᠥᠭᠦᠷᠢᠭ ᠢᠶᠠᠷ ᠱᠠᠩᠨᠠᠨ᠎ᠠ᠃ ᠪᠤᠰᠤᠳ ᠴᠠᠭᠠᠨ | ᠢᠳᠡᠭᠡᠨ ᠢ ᠡᠳ᠋ᠰᠢᠭᠦᠯᠬᠦ ᠬᠢᠷᠢ ᠬᠡᠮ ᠲᠠᠢ ᠠᠵᠤ ᠠᠬᠤᠶᠢᠯᠠᠯ᠂ ᠬᠤᠷᠰᠢᠶ᠎ᠠ ᠳᠤ ᠪᠠᠶᠢᠴᠠᠭᠠᠨ ᠰᠢᠯᠭᠠᠵᠤ ᠪᠠᠶᠢᠴᠠᠭᠠᠨ | ᠰᠢᠨᠵᠢᠬᠦ ᠦᠢᠯᠡᠴᠢᠯᠡᠭᠡ ᠬᠠᠩᠭᠠᠵᠤ ᠦᠢᠯᠡᠳᠭᠦᠨ ᠤ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠬᠦᠷᠢᠶ᠎ᠡ | ᠬᠡᠪᠴᠢᠶ᠎ᠡ ᠶᠢ ᠥᠷᠭᠡᠳᠬᠡᠵᠦ ᠳᠡᠶᠢᠯᠬᠦ ᠪᠠᠶᠢᠭᠤᠯᠤᠮᠵᠢ ᠪᠤᠶᠤ ᠠᠵᠤ ᠠᠬᠤᠶᠢᠯᠠᠯ ᠤᠨ ᠵᠢᠯ ᠤᠨ ᠪᠠᠶᠢᠴᠠᠭᠠᠨ ᠰᠢᠨᠵᠢᠭᠰᠡᠨ | ᠬᠡᠮᠵᠢᠶ᠎ᠡ ᠨᠢ 2000 ᠪᠦᠯᠦᠭ ᠤᠳᠠᠭ᠎ᠠ ᠳᠤ ᠬᠦᠷᠦᠭᠰᠡᠨ ᠪᠠᠶᠢᠪᠠᠯ᠂ ᠨᠢᠭᠡ ᠤᠳᠠᠭ᠎ᠠ ᠳᠤ 20 ᠲᠦᠮᠡᠨ | ᠲᠥᠭᠦᠷᠢᠭ ᠢᠶᠠᠷ ᠱᠠᠩᠨᠠᠨ᠎ᠠ᠃ | ᠭᠤᠷᠪᠠ᠂ ᠠᠰᠢᠭ ᠲᠤᠰᠠ ᠶᠢᠨ ᠨᠢᠭᠲᠠ ᠬᠤᠯᠪᠣᠯᠳᠤᠭᠰᠠᠨ ᠲᠣᠭᠲᠠᠴᠠ ᠶᠢ ᠪᠠᠶᠢᠭᠤᠯᠬᠤ ᠳᠤ ᠨᠥᠬᠦᠪᠥᠷᠢ | ᠥᠭᠭᠦᠨ᠎ᠡ᠃ ᠴᠠᠭᠠᠨ ᠢᠳᠡᠭᠡᠨ ᠢ ᠡᠳ᠋ᠰᠢᠭᠦᠯᠬᠦ ᠠᠵᠤ ᠠᠬᠤᠶᠢᠯᠠᠯ᠂ ᠵᠢᠵᠢᠭ ᠦᠢᠯᠡᠳᠭᠡᠯ᠂ ᠲᠡᠵᠢᠭᠡᠨ ᠦᠷᠡᠵᠢᠭᠦᠯᠬᠦ | ᠡᠷᠦᠬᠡ ᠪᠣᠯᠤᠨ ᠠᠵᠢᠯ ᠲᠥᠷᠥᠯ ᠤᠨ ᠨᠡᠶᠢᠭᠡᠮᠯᠢᠭ ᠤᠨ ᠬᠠᠮᠲᠤᠪᠠᠷ ᠵᠥᠪᠳᠡᠯᠴᠡᠬᠦ ᠲᠣᠭᠲᠠᠴᠠ ᠶᠢ ᠪᠠᠶᠢᠭᠤᠯᠬᠤ ᠶᠢ | ᠳᠡᠮᠵᠢᠵᠦ᠂ ᠲᠦᠭᠦᠬᠡᠶ ᠰᠢᠨ᠎ᠡ ᠰᠦ ᠬᠤᠳᠠᠯᠳᠤᠨ ᠠᠪᠬᠤ ᠪᠠ ᠪᠣᠷᠣᠯᠠᠭᠤᠯᠬᠤ ᠬᠠᠷᠢᠴᠠᠭ᠎ᠠ ᠶᠢ | ᠲᠣᠭᠲᠠᠪᠤᠷᠢᠵᠢᠭᠤᠯᠤᠨ᠎ᠠ᠃ 10 ᠠᠴᠠ ᠳᠡᠭᠡᠭᠰᠢᠬᠢ ᠭᠡᠰᠢᠭᠦᠳ ᠢ ᠲᠠᠶᠢᠴᠢᠯᠠᠨ ᠬᠤᠳᠠᠯᠳᠤᠨ ᠠᠪᠬᠤ ᠪᠠ | ᠪᠣᠷᠣᠯᠠᠭᠤᠯᠬᠤ ᠬᠠᠷᠢᠴᠠᠭ᠎ᠠ ᠶᠢ ᠲᠣᠭᠲᠠᠪᠤᠷᠢᠵᠢᠭᠤᠯᠵᠤ ᠳᠡᠶᠢᠯᠬᠦ ᠬᠤᠷᠰᠢᠶ᠎ᠠ ᠶᠢ ᠨᠢᠭᠡ ᠤᠳᠠᠭ᠎ᠠ ᠶᠢᠨ ᠴᠢᠨᠠᠷᠲᠠᠶ ᠪᠠᠷ 5 | ᠲᠦᠮᠡᠨ ᠲᠥᠭᠦᠷᠢᠭ ᠢᠶᠠᠷ ᠱᠠᠩᠨᠠᠨ᠎ᠠ︔ ᠬᠤᠷᠰᠢᠶ᠎ᠠ ᠶᠢᠨ ᠪᠦᠷᠢᠯᠳᠦᠬᠦᠨ ︵ᠲᠡᠵᠢᠭᠡᠨ ᠦᠷᠡᠵᠢᠭᠦᠯᠬᠦ ᠡᠷᠦᠬᠡ︶ ᠨᠢ 5 | ᠲᠣᠨ ᠲᠦᠭᠦᠬᠡᠶ ᠰᠢᠨ᠎ᠡ ᠰᠦ / ᠵᠢᠯ ᠳᠤ ᠨᠢᠭᠡ ᠤᠳᠠᠭ᠎ᠠ ᠶᠢᠨ ᠴᠢᠨᠠᠷᠲᠠᠶ 2500 ᠲᠥᠭᠦᠷᠢᠭ ᠤᠨ ᠨᠥᠬᠦᠪᠥᠷᠢ | ᠥᠭᠴᠦ᠂ ᠬᠤᠷᠰᠢᠶ᠎ᠠ ᠶᠢᠨ ᠪᠦᠷᠢᠯᠳᠦᠬᠦᠨ ︵ᠲᠡᠵᠢᠭᠡᠨ ᠦᠷᠡᠵᠢᠭᠦᠯᠬᠦ ᠡᠷᠦᠬᠡ︶ ᠨᠢ 10 ᠲᠣᠨ ᠲᠦᠭᠦᠬᠡᠶ ᠰᠢᠨ᠎ᠡ | ᠰᠦ / ᠵᠢᠯ ᠳᠤ ᠨᠢᠭᠡ ᠤᠳᠠᠭ᠎ᠠ ᠶᠢᠨ ᠴᠢᠨᠠᠷᠲᠠᠶ 5000 ᠲᠥᠭᠦᠷᠢᠭ ᠤᠨ ᠨᠥᠬᠦᠪᠥᠷᠢ ᠥᠭᠭᠦᠨ᠎ᠡ᠃ ᠴᠠᠭᠠᠨ | ᠢᠳᠡᠭᠡᠨ ᠪᠣᠷᠣᠯᠠᠭᠤᠯᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠣᠷᠣᠯᠠᠭᠤᠯᠬᠤ ᠭᠤᠤᠯ ᠴᠣᠭᠴᠠ ᠳᠤ | ᠡᠵᠡᠩᠨᠡᠨ ᠪᠣᠷᠣᠯᠠᠭᠤᠯᠬᠤ ᠨᠥᠬᠦᠪᠥᠷᠢ ᠣᠯᠭᠤᠵᠤ᠂ ᠵᠢᠯ ᠤᠨ ᠪᠣᠷᠣᠯᠠᠭᠤᠯᠤᠯᠲᠠ ᠶᠢᠨ ᠨᠣᠷᠮ᠎ᠠ ᠨᠢ 100 ᠲᠦᠮᠡᠨ | ᠲᠥᠭᠦᠷᠢᠭ᠂ 200 ᠲᠦᠮᠡᠨ ᠲᠥᠭᠦᠷᠢᠭ᠂ 500 ᠲᠦᠮᠡᠨ ᠲᠥᠭᠦᠷᠢᠭ᠂ 1000 ᠲᠦᠮᠡᠨ ᠲᠥᠭᠦᠷᠢᠭ ᠠᠴᠠ | ᠳᠡᠭᠡᠭᠰᠢ ᠪᠠᠶᠢᠪᠠᠯ ᠲᠣᠰ ᠲᠣᠰ 2 ᠲᠦᠮᠡᠨ ᠲᠥᠭᠦᠷᠢᠭ᠂ 5 ᠲᠦᠮᠡᠨ ᠲᠥᠭᠦᠷᠢᠭ᠂ 10 ᠲᠦᠮᠡᠨ ᠲᠥᠭᠦᠷᠢᠭ᠂ | 20 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ᠃ | ᠲᠦᠷᠪᠡ᠂ ᠲᠡᠵᠢᠭᠡᠯ ᠡᠪᠡᠰᠦ ᠪᠣᠷᠳᠤᠭ᠎ᠠ ᠶᠢ ᠬᠤᠳᠠᠯᠳᠤᠨ ᠠᠪᠴᠤ ᠨᠥᠭᠡᠴᠡᠯᠡᠬᠦ ᠳᠤ ᠨᠥᠬᠦᠪᠥᠷᠢ ᠥᠭᠭᠦᠨ᠎ᠡ᠃ | ᠳᠤᠮᠳᠠ ᠵᠢᠵᠢᠭ ᠰᠠᠭᠠᠯᠢ ᠶᠢᠨ ᠢᠳᠡᠭᠡᠨ ᠪᠣᠯᠪᠠᠰᠤᠷᠠᠭᠤᠯᠬᠤ ᠦᠢᠯᠡᠳᠭᠡᠯ ᠪᠣᠯᠤᠨ ᠰᠠᠭᠠᠯᠢ ᠶᠢᠨ ᠢᠷᠡᠯᠲᠡ ᠶᠢ | ᠬᠠᠩᠭᠠᠵᠤ ᠪᠠᠶᠢᠭ᠎ᠠ ᠳᠤᠮᠳᠠ ᠵᠢᠵᠢᠭ ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠷᠦᠬᠡ ᠳᠤ | ᠥᠨᠳᠥᠷ ᠤᠨᠠᠯᠲᠠ ᠲᠠᠢ ᠴᠠᠷᠭᠠᠰᠤ ᠳᠠᠷᠢᠬᠤ ᠪᠠ ᠲᠡᠵᠢᠭᠡᠯ ᠡᠪᠡᠰᠦ ᠪᠣᠷᠳᠤᠭ᠎ᠠ ᠶᠢ ᠬᠤᠷᠢᠶᠠᠨ ᠨᠥᠭᠡᠴᠡᠯᠡᠬᠦ | ᠨᠥᠬᠦᠪᠥᠷᠢ ᠶᠢ ᠤᠷᠢᠳᠠᠪᠠᠷ ᠬᠦᠷᠲᠡᠭᠡᠵᠦ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠤᠬᠠᠶ ᠶᠢᠨ ᠭᠠᠵᠠᠷ ᠲᠠᠭᠠᠨ | ᠣᠶᠢᠷ᠎ᠠ ᠬᠠᠪᠢ ᠳᠠᠭᠠᠨ ᠲᠡᠵᠢᠭᠡᠯ ᠡᠪᠡᠰᠦ ᠪᠣᠷᠳᠣᠭᠠᠨ ᠤ ᠭᠠᠵᠠᠷ ᠢ ᠢᠵᠢ ᠪᠥᠷᠢᠳᠦᠭᠦᠯᠬᠦ ᠶᠢ ᠵᠣᠷᠢᠭᠵᠢᠭᠤᠯᠤᠨ᠎ᠠ᠃ | ᠲᠠᠪᠤ᠂ ᠰᠠᠭᠠᠯᠢ ᠶᠢᠨ ᠦᠨᠢᠶ᠎ᠡ ᠶᠢᠨ ᠬᠤᠶᠠᠷ ᠵᠦᠢᠯ ᠤᠨ ᠡᠪᠡᠳᠴᠢᠨ ᠢ ᠰᠡᠷᠭᠡᠶᠢᠯᠡᠨ ᠡᠵᠡᠮᠳᠡᠬᠦ ᠳᠤ ᠨᠦᠬᠦᠪᠦᠷᠢ | ᠤᠯᠤᠭᠤᠨᠠ᠃ ᠨᠥᠬᠦᠴᠡᠯ ᠳᠤ ᠨᠡᠶᠢᠴᠡᠬᠦ ᠳᠤᠮᠳᠠ ᠪᠠᠭ᠎ᠠ ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ ᠲᠠᠯᠠᠪᠠᠶ ᠳᠤ | ᠂ ᠠᠶᠢᠮᠠᠭ ᠤᠨ ᠱᠠᠲᠤᠨ ᠠᠴᠠ ᠪᠷᠦ᠋ᠼᠧᠯ ᠡᠪᠡᠳᠴᠢᠨ ᠤ A19 ᠸᠠᠺᠼᠢᠨ ᠤ ᠦᠨ᠎ᠡ ᠬᠠᠩᠰᠢ ᠶᠢ 30% ᠪᠠᠷ | ᠨᠥᠬᠦᠪᠥᠷᠢᠯᠡᠵᠦ᠂ ᠰᠦᠷᠢᠶ᠎ᠡ ᠡᠪᠡᠳᠴᠢᠨ ᠢ ᠪᠠᠶᠢᠴᠠᠭᠠᠨ ᠰᠢᠯᠭᠠᠬᠤ ᠵᠠᠷᠤᠳᠠᠯ ᠢ 30% ᠪᠠᠷ ᠨᠥᠬᠦᠪᠥᠷᠢᠯᠡᠨ᠎ᠡ︔ | ᠬᠤᠰᠢᠭᠤ ᠰᠢᠶᠠᠨ ᠬᠤᠲᠠ ᠨᠢ ᠪᠷᠦ᠋ᠼᠧᠯ ᠡᠪᠡᠳᠴᠢᠨ ᠤ A19 ᠸᠠᠺᠼᠢᠨ ᠤ ᠦᠨ᠎ᠡ ᠬᠠᠩᠰᠢ ᠶᠢᠨ 20% ᠶᠢ | ᠨᠥᠬᠦᠪᠥᠷᠢᠯᠡᠵᠦ᠂ ᠰᠦᠷᠢᠶ᠎ᠡ ᠡᠪᠡᠳᠴᠢᠨ ᠢ ᠪᠠᠶᠢᠴᠠᠭᠠᠨ ᠰᠢᠯᠭᠠᠬᠤ ᠵᠠᠷᠤᠳᠠᠯ ᠤᠨ 20% ᠶᠢ ᠨᠥᠬᠦᠪᠥᠷᠢᠯᠡᠨ᠎ᠡ᠃ | ᠵᠢᠷᠭᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠦᠷᠦᠯ ᠲᠡᠮᠳᠡᠭ ᠤᠨ | ᠪᠠᠶᠢᠭᠤᠯᠤᠯᠲᠠ ᠶᠢ ᠳᠡᠮᠵᠢᠨ᠎ᠡ᠃ ᠠᠶᠢᠮᠠᠭ ᠤᠨ ᠱᠠᠲᠤᠨ ᠤ ᠡᠳ᠋ ᠤᠨ ᠵᠠᠰᠠᠭ ᠠᠴᠠ ᠵᠢᠯ ᠪᠦᠷᠢ 200 ᠲᠦᠮᠡᠨ | ᠲᠥᠭᠦᠷᠢᠭ ᠤᠨ ᠪᠠᠯᠠ ᠮᠥᠩᠭᠦ ᠳᠣᠭᠢᠷᠠᠭᠤᠯᠵᠤ᠂ ᠤᠯᠠᠮᠵᠢᠯᠠᠯᠲᠤ ᠴᠠᠭᠠᠨ ᠢᠳᠡᠭᠡᠨ ᠢ ᠰᠤᠳᠤᠯᠤᠨ ᠨᠡᠭᠡᠭᠡᠬᠦ᠂ | ᠤᠷᠠᠯᠠᠯ ᠢ ᠳᠡᠭᠡᠭᠰᠢᠯᠡᠭᠦᠯᠬᠦ᠂ ᠮᠡᠷᠭᠡᠵᠢᠯ ᠢ ᠰᠠᠶᠢᠵᠢᠷᠠᠭᠤᠯᠬᠤ ᠳᠤ ᠬᠡᠷᠡᠭᠯᠡᠵᠦ᠂ ᠤᠯᠠᠮᠵᠢᠯᠠᠯᠲᠤ ᠴᠠᠭᠠᠨ ᠢᠳᠡᠭᠡᠨ ᠤ | ᠰᠢᠨ᠎ᠡ ᠤᠷᠠᠯᠠᠯ᠂ ᠰᠢᠨ᠎ᠡ ᠦᠢᠯᠡᠳᠭᠦᠨ᠂ ᠰᠢᠨ᠎ᠡ ᠢᠳᠡᠭᠡᠨ ᠤ ᠠᠷᠭ᠎ᠠ ᠶᠢᠨ ᠰᠢᠨ᠎ᠡ ᠶᠢ ᠡᠭᠦᠳᠴᠦ᠂ ᠴᠠᠭᠠᠨ | ᠢᠳᠡᠭᠡᠨ ᠤ ᠬᠠᠮᠢᠶ᠎ᠠ ᠪᠥᠬᠦᠶ ᠬᠦᠷᠢᠶᠡᠨ ᠳᠠᠬᠢ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠳᠡᠮᠵᠢᠨ᠎ᠡ︔ ᠴᠠᠭᠠᠨ ᠢᠳᠡᠭᠡᠨ ᠢ ᠡᠳ᠋ᠰᠢᠭᠦᠯᠬᠦ | ᠦᠢᠯᠡᠳᠭᠡᠯ ᠤᠨ ᠴᠠᠭᠠᠨ ᠢᠳᠡᠭᠡᠨ ᠤ ᠲᠠᠸᠠᠷ ᠤᠨ ᠵᠢᠷᠤᠭᠠᠰᠤᠨ ᠲᠡᠮᠳᠡᠭ ᠤᠯᠬᠤ ᠶᠢ ᠳᠡᠮᠵᠢᠵᠦ᠂ ᠰᠢᠨ᠎ᠡ ᠮᠠᠶ᠋ᠢᠭ ᠤᠨ | ᠪᠣᠭᠤᠳᠠᠯᠯᠠᠬᠤ ᠮᠠᠲ᠋ᠧᠷᠢᠶᠠᠯ ᠪᠠ ᠤᠷᠠᠯᠠᠯ ᠢ ᠬᠡᠷᠡᠭᠯᠡᠨ᠂ ᠪᠣᠭᠤᠳᠠᠯᠯᠠᠬᠤ ᠵᠢᠷᠤᠭ ᠲᠥᠯᠥᠪᠯᠡᠭᠡ ᠶᠢᠨ ᠰᠢᠨ᠎ᠡ ᠶᠢ | ᠡᠭᠦᠳᠴᠦ᠂ ᠪᠣᠭᠤᠳᠠᠯᠯᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ︔ ᠣᠷᠣᠨ ᠨᠤᠲᠤᠭ ᠤᠨ ᠣᠨᠴᠠᠯᠢᠭᠲᠤ ᠴᠠᠭᠠᠨ | ᠢᠳᠡᠭᠡᠨ ᠤ ᠭᠠᠷ ᠦᠢᠯᠡᠳᠭᠡᠯ ᠤᠨ ᠭᠠᠵᠠᠷ ᠤᠨ ᠲᠠᠸᠠᠷ ᠤᠨ ᠲᠡᠮᠳᠡᠭ ᠭᠤᠶᠤᠴᠢᠯᠠᠬᠤ ᠶᠢ ᠤᠯᠤᠰ ᠤᠨ ᠭᠠᠵᠠᠷ | ᠵᠦᠶ ᠶᠢᠨ ᠲᠡᠮᠳᠡᠭ ᠤᠨ ᠲᠠᠸᠠᠷ ᠤᠨ ᠲᠡᠮᠳᠡᠭ ︵ᠦᠢᠯᠡᠳᠭᠦᠨ︶ ᠢ ᠰᠢᠨ᠎ᠡ ᠪᠠᠷ ᠣᠯᠤᠭᠰᠠᠨ ᠠᠵᠤ ᠠᠬᠤᠶᠢᠯᠠᠯ ︵ | ᠪᠦᠯᠬᠦᠮ︶ ᠳᠤ ᠨᠢᠭᠡ ᠤᠳᠠᠭ᠎ᠠ ᠶᠢᠨ ᠴᠢᠨᠠᠷᠲᠠᠶ ᠪᠠᠷ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ᠳᠣᠯᠤᠭ᠎ᠠ᠂ ᠲᠠᠷᠢᠶᠠᠯᠠᠩ ᠪᠠ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠳᠤ ᠨᠥᠬᠦᠪᠥᠷᠢ ᠣᠯᠭᠤᠨ᠎ᠠ᠃ | ᠲᠠᠷᠢᠶᠠᠯᠠᠩ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠥᠷᠨᠢᠭᠦᠯᠦᠭᠰᠡᠨ ᠡᠵᠡᠩᠨᠡᠯᠲᠡ ᠶᠢᠨ ᠭᠤᠤᠯ | ᠴᠣᠭᠴᠠ ᠳᠤ ᠵᠤᠭᠠᠴᠠᠯ ᠤᠨ ᠵᠣᠷᠢᠭᠰᠠᠨ ᠭᠠᠵᠠᠷ᠂ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠵᠡᠷᠭᠡ ᠶᠢ ᠱᠠᠩᠨᠠᠵᠤ | ᠨᠥᠬᠦᠪᠥᠷᠢᠯᠡᠬᠦ ᠶᠢ ᠥᠷᠨᠢᠭᠦᠯᠦᠨ᠎ᠡ᠃ ᠵᠢᠯ ᠳᠤ 1 ᠲᠦᠮᠡᠨ ᠬᠥᠮᠦᠨ ᠤᠳᠠᠭ᠎ᠠ ᠳᠤ ᠬᠦᠷᠦᠭᠰᠡᠨ ᠵᠤᠭᠠᠴᠠᠭᠰᠠᠳ ᠢ | ᠨᠢᠭᠡ ᠤᠳᠠᠭ᠎ᠠ ᠳᠤ 2 ᠲᠦᠮᠡᠨ ᠲᠥᠭᠦᠷᠢᠭ ᠢᠶᠠᠷ ᠱᠠᠩᠨᠠᠵᠤ᠂ ᠵᠢᠯ ᠳᠤ 5 ᠲᠦᠮᠡᠨ ᠬᠥᠮᠦᠨ ᠤᠳᠠᠭ᠎ᠠ ᠳᠤ | ᠬᠦᠷᠦᠭᠰᠡᠨ ᠵᠤᠭᠠᠴᠠᠭᠰᠠᠳ ᠢ ᠨᠢᠭᠡ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ︔ ᠥᠪᠡᠷᠲᠡᠭᠡᠨ ᠵᠠᠰᠠᠬᠤ | ᠣᠷᠣᠨ ᠤ ᠲᠠᠰ ᠤᠨ ᠤᠯᠠᠮᠵᠢᠯᠠᠯᠲᠤ ᠴᠠᠭᠠᠨ ᠢᠳᠡᠭᠡᠨ ᠤ ᠵᠦᠢᠯ ᠤᠨ ᠤᠳᠤᠮᠯᠠᠯ ᠤᠨ ᠪᠤᠰᠤ ᠤᠯᠠᠮᠵᠢᠯᠠᠭᠴᠢ ᠶᠢ | ᠭᠥᠷᠳᠡᠭᠰᠡᠳ ᠲᠤ ᠨᠢᠭᠡ ᠤᠳᠠᠭ᠎ᠠ ᠶᠢᠨ ᠴᠢᠨᠠᠷᠲᠠᠶ ᠤᠯᠠᠮᠵᠢᠯᠠᠨ ᠰᠤᠷᠬᠤ ᠨᠥᠬᠦᠪᠥᠷᠢ 2 ᠲᠦᠮᠡᠨ ᠲᠥᠭᠦᠷᠢᠭ | ᠣᠯᠭᠤᠵᠤ᠂ ᠠᠶᠢᠮᠠᠭ ᠤᠨ ᠲᠠᠰ ᠤᠨ ᠤᠯᠠᠮᠵᠢᠯᠠᠯᠲᠤ ᠴᠠᠭᠠᠨ ᠢᠳᠡᠭᠡᠨ ᠤ ᠵᠦᠢᠯ ᠤᠨ ᠤᠳᠤᠮᠯᠠᠯ ᠤᠨ ᠪᠤᠰᠤ | ᠤᠯᠠᠮᠵᠢᠯᠠᠭᠴᠢ ᠶᠢ ᠭᠥᠷᠳᠡᠭᠰᠡᠳ ᠲᠤ ᠨᠢᠭᠡ ᠤᠳᠠᠭ᠎ᠠ ᠶᠢᠨ ᠴᠢᠨᠠᠷᠲᠠᠶ ᠤᠯᠠᠮᠵᠢᠯᠠᠨ ᠰᠤᠷᠬᠤ ᠨᠥᠬᠦᠪᠥᠷᠢ 1 ᠲᠦᠮᠡᠨ | ᠲᠥᠭᠦᠷᠢᠭ ᠣᠯᠭᠤᠨ᠎ᠠ᠃ | ᠨᠠᠢᠮᠠ᠂ ᠮᠥᠩᠭᠦᠨ ᠭᠦᠢᠯᠭᠡᠭᠡᠨ ᠤ ᠳᠠᠭᠠᠳᠬᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠳᠤᠮᠳᠠ ᠪᠠᠭ᠎ᠠ | ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ᠂ ᠬᠤᠷᠰᠢᠶ᠎ᠠ ᠶᠢᠨ ᠵᠢᠭᠡᠯᠡᠯᠭᠡ ᠪᠠᠷ ᠰᠠᠭᠠᠯᠢ ᠶᠢᠨ ᠮᠢᠬ᠎ᠠ ᠶᠢ | ᠬᠠᠪᠰᠤᠷᠭᠠᠨ ᠬᠡᠷᠡᠭᠯᠡᠬᠦ ᠬᠡᠯᠪᠡᠷᠢ ᠶᠢᠨ ᠰᠠᠭᠠᠯᠢ ᠶᠢᠨ ᠦᠨᠢᠶ᠎ᠡ ᠬᠤᠳᠠᠯᠳᠤᠨ ᠠᠪᠤᠭᠰᠠᠨ ᠳᠤ ᠵᠢᠭᠡᠯᠡᠯᠭᠡ ᠶᠢᠨ ᠳᠠᠮ | ᠬᠦᠦ ᠣᠯᠭᠤᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠤᠨ ᠰᠠᠭᠠᠯᠢ ᠶᠢᠨ ᠢᠳᠡᠭᠡᠨ ᠤ ᠬᠤᠷᠰᠢᠶ᠎ᠠ | ᠂ ᠠᠵᠤ ᠠᠬᠤᠶᠢᠯᠠᠯ ᠳᠤ ᠦᠢᠯᠡᠳᠪᠦᠷᠢᠯᠡᠯ ᠡᠵᠡᠩᠨᠡᠯᠲᠡ ᠶᠢᠨ ᠵᠢᠭᠡᠯᠡᠯᠭᠡ ᠶᠢᠨ ᠳᠡᠮᠵᠢᠯᠭᠡ ᠣᠯᠭᠤᠨ᠎ᠠ᠃ ᠳᠤᠮᠳᠠ ᠪᠠᠭ᠎ᠠ | ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ᠂ ᠬᠤᠷᠰᠢᠶ᠎ᠠ ᠶᠢᠨ ᠰᠠᠭᠠᠯᠢ ᠶᠢᠨ ᠮᠢᠬ᠎ᠠ ᠶᠢ ᠬᠠᠪᠰᠤᠷᠭᠠᠨ | ᠬᠡᠷᠡᠭᠯᠡᠬᠦ ᠬᠡᠯᠪᠡᠷᠢ ᠶᠢᠨ ᠰᠠᠭᠠᠯᠢ ᠶᠢᠨ ᠦᠨᠢᠶ᠎ᠡ ᠶᠢ ᠪᠥᠬᠦᠳᠡ ᠶᠢ ᠰᠠᠭᠠᠯᠢ ᠶᠢᠨ ᠦᠨᠢᠶ᠎ᠡ ᠶᠢᠨ ᠲᠥᠷᠥ ᠶᠢᠨ | ᠪᠤᠳᠤᠯᠭ᠎ᠠ ᠶᠢᠨ ᠴᠢᠨᠠᠷᠲᠠᠢ ᠳᠠᠭᠠᠳᠬᠠᠯ ᠳᠤ ᠤᠷᠤᠭᠤᠯᠤᠨ᠎ᠠ᠃ | ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠬᠦ | ᠴᠠᠭ ᠨᠢ ᠨᠢᠭᠡ ᠵᠢᠯ ᠪᠣᠯᠤᠨ᠎ᠠ᠂ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂ ᠱᠠᠩᠨᠠᠬᠤ ᠪᠠᠷ | ᠨᠥᠬᠦᠪᠥᠷᠢᠯᠡᠬᠦ ᠶᠢ ᠣᠷᠣᠯᠠᠭᠤᠯᠬᠤ︾ ᠠᠷᠭ᠎ᠠ ᠮᠠᠶ᠋ᠢᠭ ᠢ ᠠᠪᠴᠤ ᠬᠡᠷᠡᠭᠵᠢᠭᠦᠯᠦᠨ᠎ᠡ᠃ ᠠᠶᠢᠮᠠᠭ ᠤᠨ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠣᠳᠠᠲᠠᠶ ᠬᠡᠷᠡᠭᠵᠢᠭᠦᠯᠬᠦ | ᠨᠠᠷᠢᠨ ᠲᠦᠷᠢᠮ ᠲᠣᠭᠲᠠᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠪᠠᠷ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠣᠰ ᠲᠥᠷᠥ ᠶᠢᠨ ᠪᠣᠳᠣᠯᠭ᠎ᠠ ᠶᠢᠨ ᠬᠡᠷᠡᠭᠰᠡᠬᠦ ᠪᠠᠯᠠ | ᠮᠥᠩᠭᠦ ᠶᠢ ᠠᠶᠢᠮᠠᠭ ᠤᠨ ᠱᠠᠲᠤ ᠪᠠ ᠬᠤᠰᠢᠭᠤ ᠰᠢᠶᠠᠨ ᠬᠤᠲᠠ ᠠᠴᠠ ᠡᠳ᠋ ᠤᠨ ᠵᠠᠰᠠᠭ ᠤᠨ ᠠᠵᠢᠯ ᠶᠠᠪᠤᠳᠠᠯ ᠤᠨ | ᠡᠷᠬᠡ ᠶᠢᠨ ᠬᠤᠪᠢᠶᠠᠷᠢᠯᠠᠯ ᠤᠨ ᠬᠠᠷᠢᠴᠠᠯ ᠶᠣᠰᠣᠭᠠᠷ ᠬᠠᠮᠲᠤᠪᠠᠷ ᠡᠭᠦᠷᠭᠡᠯᠡᠨ᠎ᠡ᠃ ᠲᠣᠰ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠤ ᠳᠠᠷᠠᠭ᠎ᠠ᠂ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠠᠰᠲᠠᠭᠠᠨ ᠲᠣᠭᠲᠠᠭᠠᠯ ᠲᠠᠢ ᠪᠣᠯ᠂ | ᠲᠡᠷᠡ ᠲᠣᠭᠲᠠᠭᠠᠯ ᠢ ᠵᠢᠷᠤᠮᠯᠠᠨ᠎ᠠ᠃ | ᠲᠣᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠠᠭᠤᠯᠭ᠎ᠠ ᠶᠢ ᠬᠢᠩᠭᠠᠨ ᠠᠶᠢᠮᠠᠭ ᠤᠨ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ |