| ᠬᠢᠩᠭᠠᠨ ᠵᠠᠬᠢᠷᠭ᠎ᠠ ᠦᠰᠦᠭ ﹇2022﹈ 111 ᠳ᠋ᠤᠭᠡᠷ ᠲᠣᠭᠠᠲᠤ | | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ︽2022 ᠣᠨ ᠳᠤ ᠬᠢᠩᠭᠠᠨ ᠠᠶᠢᠮᠠᠭ ᠤᠨ ᠠᠯᠠᠰᠢᠨ ᠦᠬᠡᠷ ᠪᠣᠷᠳᠣᠵᠤ ᠲᠠᠷᠭᠤᠯᠠᠭᠤᠯᠬᠤ ᠪᠠ ᠠᠯᠠᠰᠢᠨ | ᠦᠬᠡᠷ ᠠᠯᠠᠰᠢᠨ ᠬᠤᠨᠢ ᠨᠢᠲᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠨᠠᠷᠢᠨ | ᠲᠠᠩᠰᠠ ︵ᠲᠤᠷᠰᠢᠨ ᠬᠡᠷᠡᠭᠵᠢᠭᠦᠯᠬᠦ︶︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2022 ᠣᠨ ᠤ 8 ᠰᠠᠷ᠎ᠠ ᠶᠢᠨ 29 | 2022 ᠣᠨ ᠤ ᠬᠢᠩᠭᠠᠨ ᠠᠶᠢᠮᠠᠭ ᠤᠨ ᠠᠯᠠᠰᠢᠨ ᠦᠬᠡᠷ ᠪᠣᠷᠳᠣᠵᠤ ᠲᠠᠷᠭᠤᠯᠠᠭᠤᠯᠬᠤ ᠪᠠ | ᠠᠯᠠᠰᠢᠨ ᠦᠬᠡᠷ ᠠᠯᠠᠰᠢᠨ ᠬᠤᠨᠢ ᠨᠢᠲᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠳᠡᠮᠵᠢᠬᠦ ᠲᠥᠷᠥ ᠶᠢᠨ | ᠪᠣᠳᠣᠯᠭ᠎ᠠ ᠶᠢᠨ ᠨᠠᠷᠢᠨ ᠲᠠᠩᠰᠠ ︵ᠲᠤᠷᠰᠢᠨ ᠬᠡᠷᠡᠭᠵᠢᠭᠦᠯᠬᠦ︶ | | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠠᠯᠠᠰᠢᠨ ᠦᠬᠡᠷ ᠠᠯᠠᠰᠢᠨ ᠬᠤᠨᠢᠨ ᠤ ᠦᠢᠯᠡᠳᠪᠦᠷᠢᠯᠡᠯ | ᠬᠥᠭᠵᠢᠯᠲᠡ ᠶᠢ ᠠᠬᠢᠭᠤᠯᠬᠤ ᠲᠠᠪᠤᠨ ᠵᠢᠯ ᠤᠨ ᠠᠵᠢᠯᠯᠠᠭᠠᠨ ᠤ ᠲᠥᠰᠦᠯ︾ ︵ᠲᠠᠷᠢᠶᠠᠯᠠᠩ ᠮᠠᠯ ᠠᠵᠤ ᠠᠬᠤᠶ | ᠲᠠᠷᠬᠠᠭᠠᠭᠰᠠᠨ ︹ 2021 ︺ 10 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ ᠠᠯᠠᠰᠢᠨ ᠦᠬᠡᠷ ᠪᠣᠷᠳᠣᠬᠤ ᠴᠢᠳᠠᠪᠤᠷᠢ ᠪᠠ | ᠠᠯᠠᠰᠢᠨ ᠦᠬᠡᠷ ᠠᠯᠠᠰᠢᠨ ᠬᠤᠨᠢᠨ ᠤ ᠪᠣᠳᠠᠲᠠᠶ ᠨᠢᠲᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠮᠠᠨ ᠤ ᠠᠶᠢᠮᠠᠭ ᠤᠨ | ᠨ ᠠᠯᠠᠰᠢᠨ ᠦᠬᠡᠷ ᠠᠯᠠᠰᠢᠨ ᠬᠤᠨᠢ ᠶᠢ ᠠᠶᠢᠮᠠᠭ ᠤᠨ ᠳᠣᠲᠣᠷ᠎ᠠ ᠲᠤᠬᠠᠶ ᠶᠢᠨ ᠭᠠᠵᠠᠷ ᠲᠤᠨᠢ ᠨᠢᠲᠤᠯᠬᠤ ᠶᠢ | ᠠᠬᠢᠭᠤᠯᠬᠤ ᠶᠢᠨ ᠲᠤᠰᠠᠳᠠ᠂ ᠲᠣᠰ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠶᠢ ᠣᠨᠴᠠᠭᠠᠶᠢᠯᠠᠨ ᠨᠡᠶᠢᠲᠡᠯᠡᠪᠡ | ᠃ | ᠨᠢᠭᠡ᠂ ᠳᠡᠮᠵᠢᠬᠦ ᠬᠡᠪᠴᠢᠶ᠎ᠡ ᠪᠠ ᠵᠠᠷᠴᠢᠮ | ︵ᠨᠢᠭᠡ︶ 2022 ᠣᠨ ᠳᠤ ᠡᠳ᠋ ᠤᠨ ᠵᠠᠰᠠᠭ ᠤᠨ ᠲᠤᠰᠬᠠᠶ ᠪᠠᠯᠠ ᠮᠥᠩᠭᠦ ᠶᠢ ᠳᠣᠭᠢᠷᠠᠭᠤᠯᠵᠤ᠂ ᠠᠯᠠᠰᠢᠨ | ᠦᠬᠡᠷ ᠪᠣᠷᠳᠣᠬᠤ ᠴᠢᠳᠠᠪᠤᠷᠢ ᠪᠠ ᠠᠯᠠᠰᠢᠨ ᠦᠬᠡᠷ ᠠᠯᠠᠰᠢᠨ ᠬᠤᠨᠢᠨ ᠤ ᠪᠣᠳᠠᠲᠠᠶ ᠨᠢᠲᠤᠯᠬᠤ ᠴᠢᠳᠠᠪᠤᠷᠢ ᠶᠢ | ᠳᠡᠭᠡᠭᠰᠢᠯᠡᠭᠦᠯᠬᠦ ᠶᠢ ᠳᠡᠮᠵᠢᠵᠦ᠂ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠶᠢ | ᠠᠬᠢᠭᠤᠯᠤᠨ᠎ᠠ᠃ ᠪᠡᠯᠡ ᠮᠥᠩᠭᠦ ᠳᠤ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠲᠤᠰᠬᠠᠶ ᠵᠣᠭᠤᠰ ᠢ | ᠲᠤᠰᠬᠠᠶ ᠵᠦᠢᠯ ᠳᠤ ᠬᠡᠷᠡᠭᠯᠡᠨ᠎ᠡ᠃ | ︵ᠬᠤᠶᠠᠷ︶ ᠠᠶᠢᠮᠠᠭ ᠤᠨ ᠳᠣᠲᠣᠭᠠᠳᠤ ᠳᠤ ᠪᠦᠷᠢᠳᠬᠡᠨ ᠳᠠᠩᠰᠠᠯᠠᠭᠤᠯᠤᠭᠰᠠᠨ ᠦᠬᠡᠷ ᠬᠤᠨᠢᠨ ᠤ ᠴᠡᠭ | ᠲᠣᠭᠲᠠᠭᠠᠨ ᠨᠢᠲᠤᠯᠬᠤ ᠠᠵᠤ ᠠᠬᠤᠶᠢᠯᠠᠯ᠂ ᠲᠡᠵᠢᠭᠡᠨ ᠦᠷᠡᠵᠢᠭᠦᠯᠬᠦ ᠡᠷᠦᠬᠡ ︵ᠲᠠᠯᠠᠪᠠᠶ᠂ ᠠᠵᠤ ᠠᠬᠤᠶᠢᠯᠠᠯ᠂ | ᠬᠤᠷᠰᠢᠶ᠎ᠠ︶᠂ ᠠᠯᠠᠰᠢᠨ ᠦᠬᠡᠷ ᠠᠯᠠᠰᠢᠨ ᠬᠤᠨᠢᠨ ᠤ ᠵᠠᠭᠤᠴᠢᠯᠠᠭᠴᠢ ᠪᠦᠬᠦᠨ ᠢ ᠴᠥᠮ ᠲᠣᠰ ᠲᠥᠷᠥ ᠶᠢᠨ | ᠪᠣᠳᠣᠯᠭ᠎ᠠ ᠶᠢᠨ ᠳᠡᠮᠵᠢᠬᠦ ᠬᠡᠪᠴᠢᠶᠡᠨ ᠳᠤ ᠣᠷᠣᠭᠤᠯᠤᠨ᠎ᠠ᠃ | ︵ᠭᠤᠷᠪᠠ︶ ᠠᠶᠢᠮᠠᠭ ᠤᠨ ᠳᠣᠲᠣᠷᠠᠬᠢ ᠦᠬᠡᠷ ᠬᠤᠨᠢᠨ ᠤ ᠴᠡᠭ ᠲᠣᠭᠲᠠᠭᠠᠨ ᠨᠢᠲᠤᠯᠬᠤ ᠠᠵᠤ ᠠᠬᠤᠶᠢᠯᠠᠯ ᠤᠨ | ᠨᠢᠲᠤᠯᠵᠤ ᠡᠳ᠋ᠰᠢᠭᠦᠯᠬᠦ ᠠᠵᠢᠯ ᠨᠢ ᠡᠷᠬᠡᠪᠰᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ | ᠬᠤᠨᠢ ᠨᠢᠲᠤᠯᠬᠤ ᠬᠠᠮᠢᠶᠠᠷᠤᠯᠲᠠ ᠶᠢᠨ ᠠᠷᠭ᠎ᠠ︾ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠵᠢᠴᠢ | ᠡᠯ᠎ᠡ ᠵᠦᠢᠯ ᠤᠨ ᠠᠵᠢᠯᠯᠠᠬᠤ ᠲᠦᠷᠢᠮ ᠳᠤ ᠨᠡᠶᠢᠴᠡᠭᠰᠡᠨ ᠪᠠᠶᠢᠬᠤ ᠬᠡᠷᠡᠭᠲᠡᠶ᠃ | ᠬᠤᠶᠠᠷ᠂ ᠬᠡᠷᠡᠭᠵᠢᠭᠦᠯᠬᠦ ᠠᠭᠤᠯᠭ᠎ᠠ | ︵ᠨᠢᠭᠡ︶ ᠠᠯᠠᠰᠢᠨ ᠦᠬᠡᠷ ᠤᠨ ᠠᠶᠢᠮᠠᠭ ᠳᠣᠲᠣᠷ᠎ᠠ ᠪᠠᠨ ᠪᠣᠷᠳᠣᠬᠤ ᠶᠢ ᠳᠡᠭᠡᠭᠰᠢᠯᠡᠭᠦᠯᠬᠦ ᠶᠢ ᠳᠡᠮᠵᠢᠨ᠎ᠡ | 1. ᠠᠶᠢᠮᠠᠭ ᠤᠨ ᠳᠣᠲᠣᠷᠠᠬᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ ︵ᠲᠠᠯᠠᠪᠠᠶ᠂ ᠠᠵᠤ ᠠᠬᠤᠶᠢᠯᠠᠯ᠂ | ᠬᠤᠷᠰᠢᠶ᠎ᠠ︶ ᠶᠢᠨ ᠵᠢᠯ ᠳᠤ 50 ᠲᠣᠯᠣᠭᠠᠶ ︵50 ᠲᠣᠯᠣᠭᠠᠶ ᠪᠠᠭᠲᠠᠨ᠎ᠠ︶ ᠠᠴᠠ ᠳᠡᠭᠡᠭᠰᠢ ᠪᠣᠷᠳᠣᠵᠤ | ᠲᠠᠷᠭᠤᠯᠠᠭᠤᠯᠬᠤ ᠦᠬᠡᠷ ᠢ ᠪᠣᠷᠣᠯᠠᠭᠤᠯᠬᠤ ᠶᠢᠨ ᠬᠠᠮᠲᠤ ᠠᠶᠢᠮᠠᠭ ᠤᠨ ᠳᠣᠲᠣᠷᠠᠬᠢ ᠠᠯᠠᠰᠢᠨ ᠦᠬᠡᠷ ᠤᠨ ᠴᠡᠭ | ᠲᠣᠭᠲᠠᠭᠠᠭᠰᠠᠨ ᠨᠢᠲᠤᠯᠬᠤ ᠠᠵᠤ ᠠᠬᠤᠶᠢᠯᠠᠯ ᠳᠤ ᠬᠦᠷᠭᠡᠵᠦ ᠨᠢᠲᠤᠯᠵᠤ ᠡᠳ᠋ᠰᠢᠭᠦᠯᠦᠭᠰᠡᠨ ᠪᠠᠶᠢᠪᠠᠯ᠂ ᠪᠣᠷᠳᠣᠵᠤ | ᠲᠠᠷᠭᠤᠯᠠᠭᠤᠯᠬᠤ ᠦᠬᠡᠷ ᠨᠢᠭᠡᠪᠦᠷᠢ ᠳᠤ 200 ᠲᠥᠭᠦᠷᠢᠭ ᠤᠨ ᠨᠥᠬᠦᠪᠥᠷᠢ ᠣᠯᠭᠤᠨ᠎ᠠ᠃ | ︵ᠬᠤᠶᠠᠷ︶ ᠠᠯᠠᠰᠢᠨ ᠦᠬᠡᠷ ᠤᠨ ᠠᠶᠢᠮᠠᠭ ᠲᠤ ᠨᠢᠲᠤᠯᠬᠤ ᠶᠢ ᠳᠡᠮᠵᠢᠨ᠎ᠡ | 2. ᠵᠢᠯ ᠤᠨ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠨᠢ 1 ᠲᠦᠮᠡ ᠠᠴᠠ 2 ᠲᠦᠮᠡᠨ ᠲᠣᠯᠣᠭᠠᠶ ᠳᠤ | ᠬᠦᠷᠦᠭᠰᠡᠨ ︵2 ᠲᠦᠮᠡ ᠪᠠᠭᠲᠠᠬᠤ ᠥᠬᠡᠶ︶ ᠦᠬᠡᠷ ᠨᠢᠲᠤᠯᠬᠤ ᠠᠵᠤ ᠠᠬᠤᠶᠢᠯᠠᠯ ᠳᠤ 300 ᠲᠥᠭᠦᠷᠢᠭ / | ᠲᠣᠯᠣᠭᠠᠶ ᠶᠢᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ | 3. ᠣᠨ ᠤ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠨᠢ 2 ᠲᠦᠮᠡ ᠠᠴᠠ 3 ᠲᠦᠮᠡᠨ ᠲᠣᠯᠣᠭᠠᠶ ᠳᠤ | ᠬᠥᠷᠥᠭᠰᠡᠨ ︵3 ᠲᠦᠮᠡ ᠪᠠᠭᠲᠠᠬᠤ ᠥᠭᠡᠢ︶ ᠦᠬᠡᠷ ᠨᠢᠲᠤᠯᠬᠤ ᠠᠵᠤ ᠠᠬᠤᠶᠢᠯᠠᠯ ᠳᠤ 500 ᠲᠥᠭᠦᠷᠢᠭ / | ᠲᠣᠯᠣᠭᠠᠶ ᠶᠢᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ | 4. ᠣᠨ ᠤ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠨᠢ 3 ᠲᠦᠮᠡᠨ ᠲᠣᠯᠣᠭᠠᠶ ᠠᠴᠠ ᠳᠡᠭᠡᠭᠰᠢ ᠳᠤ ᠬᠥᠷᠥᠭᠰᠡᠨ | ᠦᠬᠡᠷ ᠨᠢᠲᠤᠯᠬᠤ ᠠᠵᠤ ᠠᠬᠤᠶᠢᠯᠠᠯ ᠳᠤ 600 ᠲᠥᠭᠦᠷᠢᠭ / ᠲᠣᠯᠣᠭᠠᠶ ᠶᠢᠨ ᠪᠠᠷᠢᠮᠵᠢᠶ᠎ᠠ ᠪᠠᠷ ᠨᠥᠬᠦᠪᠥᠷᠢ | ᠣᠯᠭᠤᠨ᠎ᠠ᠃ | 5. ᠡᠯ᠎ᠡ ᠲᠥᠷᠥᠯ ᠤᠨ ᠵᠠᠭᠤᠴᠢ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠠᠴᠠ ᠠᠶᠢᠮᠠᠭ ᠤᠨ | ᠳᠣᠲᠣᠭᠠᠳᠤ ᠶᠢᠨ ᠠᠯᠠᠵᠤ ᠨᠢᠲᠤᠯᠬᠤ ᠠᠵᠤ ᠠᠬᠤᠶᠢᠯᠠᠯ ᠳᠤ ᠠᠯᠠᠰᠢᠨ ᠦᠬᠡᠷ ᠬᠦᠷᠭᠡᠵᠦ ᠥᠭᠬᠦ ᠳᠤ᠂ 100 | ᠲᠥᠭᠦᠷᠢᠭ / ᠲᠣᠯᠣᠭᠠᠶ ᠶᠢᠨ ᠪᠠᠷᠢᠮᠵᠢᠶ᠎ᠠ ᠪᠠᠷ ᠲᠡᠭᠡᠭᠡᠪᠦᠷᠢ ᠶᠢᠨ ᠨᠥᠬᠦᠪᠥᠷᠢ ᠣᠯᠭᠤᠨ᠎ᠠ᠃ | ︵ᠭᠤᠷᠪᠠ︶ ᠠᠯᠠᠰᠢᠨ ᠬᠤᠨᠢ ᠶᠢ ᠠᠶᠢᠮᠠᠭ ᠲᠤ ᠨᠢᠲᠤᠯᠬᠤ ᠶᠢ ᠳᠡᠮᠵᠢᠨ᠎ᠡ | 6. ᠵᠢᠯ ᠤᠨ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠨᠢ 1 ᠲᠦᠮᠡ ᠠᠴᠠ 2 ᠲᠦᠮᠡ ᠳᠤ ᠬᠦᠷᠦᠭᠰᠡᠨ ︵2 | ᠲᠦᠮᠡ ᠪᠠᠭᠲᠠᠬᠤ ᠥᠬᠡᠶ︶ ᠬᠤᠨᠢ ᠨᠢᠲᠤᠯᠬᠤ ᠠᠵᠤ ᠠᠬᠤᠶᠢᠯᠠᠯ ᠳᠤ 10 ᠲᠥᠭᠦᠷᠢᠭ / ᠲᠣᠯᠣᠭᠠᠶ ᠶᠢᠨ | ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ | 7. ᠵᠢᠯ ᠤᠨ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠨᠢ 2 ᠲᠦᠮᠡ ᠠᠴᠠ 3 ᠲᠦᠮᠡ ᠳᠤ ᠬᠦᠷᠦᠭᠰᠡᠨ ︵3 | ᠲᠦᠮᠡ ᠶᠢ ᠪᠠᠭᠲᠠᠭᠠᠬᠤ ᠥᠬᠡᠶ︶ ᠬᠤᠨᠢ ᠨᠢᠲᠤᠯᠬᠤ ᠠᠵᠤ ᠠᠬᠤᠶᠢᠯᠠᠯ ᠳᠤ 15 ᠲᠥᠭᠦᠷᠢᠭ ᠤᠨ ᠪᠠᠷᠢᠮᠵᠢᠶ᠎ᠠ ᠪᠠᠷ | ᠨᠥᠬᠦᠪᠥᠷᠢ ᠥᠭᠭᠦᠨ᠎ᠡ᠃ | 8. ᠵᠢᠯ ᠤᠨ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠨᠢ 3 ᠲᠦᠮᠡ ᠠᠴᠠ ᠳᠡᠭᠡᠭᠰᠢ ᠳᠤ ᠬᠦᠷᠦᠭᠰᠡᠨ ᠬᠤᠨᠢ | ᠨᠢᠲᠤᠯᠬᠤ ᠠᠵᠤ ᠠᠬᠤᠶᠢᠯᠠᠯ ᠳᠤ 20 ᠲᠥᠭᠦᠷᠢᠭ / ᠲᠣᠯᠣᠭᠠᠶ ᠶᠢᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ | 9. ᠡᠯ᠎ᠡ ᠲᠥᠷᠥᠯ ᠤᠨ ᠵᠠᠭᠤᠴᠢ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠠᠴᠠ ᠠᠶᠢᠮᠠᠭ ᠤᠨ | ᠳᠣᠲᠣᠭᠠᠳᠤ ᠶᠢᠨ ᠠᠯᠠᠵᠤ ᠨᠢᠲᠤᠯᠬᠤ ᠠᠵᠤ ᠠᠬᠤᠶᠢᠯᠠᠯ ᠳᠤ ᠠᠯᠠᠰᠢᠨ ᠬᠤᠨᠢ ᠬᠦᠷᠭᠡᠬᠦ ᠳᠤ 5 ᠲᠥᠭᠦᠷᠢᠭ ᠤᠨ | ᠪᠠᠷᠢᠮᠵᠢᠶ᠎ᠠ ᠪᠠᠷ ᠲᠡᠭᠡᠭᠡᠪᠦᠷᠢ ᠶᠢᠨ ᠨᠥᠬᠦᠪᠥᠷᠢ ᠣᠯᠭᠤᠨ᠎ᠠ᠃ | ︵ᠳᠥᠷᠪᠡ︶ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ | 10. ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ ᠪᠠᠶᠢᠭᠠᠳ ᠠᠯᠠᠰᠢᠨ ᠦᠬᠡᠷ ᠪᠣᠷᠳᠣᠬᠤ᠂ | ᠠᠯᠠᠰᠢᠨ ᠦᠬᠡᠷ ᠠᠯᠠᠰᠢᠨ ᠬᠤᠨᠢ ᠨᠢᠲᠤᠯᠬᠤ ᠵᠠᠩᠭᠢᠯᠠᠭ᠎ᠠ ᠳᠤ ᠴᠢᠭᠯᠡᠭᠦᠯᠦᠨ ᠡᠯ᠎ᠡ ᠵᠦᠢᠯ ᠤᠨ ᠲᠥᠷᠥᠯ ᠬᠡᠯᠪᠡᠷᠢ ᠶᠢᠨ | ᠵᠢᠭᠡᠯᠡᠯᠭᠡ ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠪᠦᠲᠦᠭᠡᠭᠳᠡᠬᠦᠨ ᠢᠶᠠᠨ ᠳᠠᠨᠵᠢᠯᠠᠬᠤ᠂ ᠲᠠᠷᠢᠶᠠᠯᠠᠩ ᠤᠨ | ᠳᠠᠭᠠᠭᠠᠯᠲᠠ ᠬᠢᠬᠦ ᠵᠡᠷᠭᠡ ᠵᠠᠭᠪᠤᠷ ᠤᠨ ᠵᠢᠭᠡᠯᠡᠯᠭᠡ ᠶᠢᠨ ᠲᠥᠷᠥᠯ ᠵᠦᠢᠯ ᠢ ᠳᠡᠯᠭᠡᠷᠡᠭᠦᠯᠦᠨ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠯᠠᠰᠢᠨ ᠦᠬᠡᠷ ᠪᠣᠷᠳᠣᠬᠤ᠂ ᠠᠯᠠᠰᠢᠨ ᠦᠬᠡᠷ | ᠠᠯᠠᠰᠢᠨ ᠬᠤᠨᠢ ᠨᠢᠲᠤᠯᠬᠤ ᠵᠠᠩᠭᠢᠯᠠᠭ᠎ᠠ ᠶᠢᠨ ᠪᠠᠯᠠ ᠲᠣᠬᠢᠷᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ | ᠰᠢᠢᠳᠪᠦᠷᠢᠯᠡᠨ᠎ᠡ᠃ | ᠭᠤᠷᠪᠠ᠂ ᠳᠠᠭᠠᠯᠳᠤᠭᠤᠯᠤᠭᠰᠠᠨ ᠲᠦᠷᠢᠮ | ᠲᠣᠰ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠳᠤ ᠬᠤᠯᠪᠣᠭᠳᠠᠬᠤ ᠪᠠᠯᠠ ᠮᠥᠩᠭᠦ ᠨᠢ ᠠᠶᠢᠮᠠᠭ ᠤᠨ | ᠲᠣᠰ ᠱᠠᠲᠤᠨ ᠤ ᠡᠳ᠋ ᠤᠨ ᠵᠠᠰᠠᠭ ᠤᠨ ᠪᠠᠯᠠ ᠮᠥᠩᠭᠦ ᠪᠠᠶᠢᠵᠤ᠂ ᠲᠥᠰᠦᠪ ᠤᠨ ᠲᠦᠷᠢᠮ ᠤᠨ ᠬᠠᠮᠢᠶᠠᠷᠤᠯᠲᠠ ᠶᠢ | ᠬᠡᠷᠡᠭᠵᠢᠭᠦᠯᠦᠨ᠂ ᠰᠢᠯᠭᠠᠨ ᠬᠤᠷᠢᠶᠠᠵᠤ ᠰᠢᠯᠭᠠᠨ ᠬᠢᠨᠠᠬᠤ ᠠᠷᠭ᠎ᠠ ᠮᠠᠶ᠋ᠢᠭ ᠢᠶᠠᠷ ᠬᠡᠷᠡᠭᠵᠢᠭᠦᠯᠦᠨ᠎ᠡ᠃ ᠪᠠᠯᠠ | ᠮᠥᠩᠭᠦ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠷᠭ᠎ᠠ᠂ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ ᠢ ᠠᠶᠢᠮᠠᠭ ᠤᠨ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠲᠣᠭᠲᠠᠭᠠᠨ᠎ᠠ᠃ | ︵ᠨᠢᠭᠡ︶ ᠲᠣᠰ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠶᠢᠨ 1 ᠳ᠋ᠤᠭᠡᠷ ᠵᠦᠢᠯ ᠳᠤ᠂ ᠭᠠᠷᠭᠠᠭᠰᠠᠨ | ᠪᠣᠷᠳᠣᠵᠤ ᠲᠠᠷᠭᠤᠯᠠᠭᠤᠯᠬᠤ ᠦᠬᠡᠷ ᠢ ᠡᠷᠬᠡᠪᠰᠢ ᠲᠣᠰ ᠲᠡᠵᠢᠭᠡᠨ ᠦᠷᠡᠵᠢᠭᠦᠯᠬᠦ ᠲᠠᠯᠠᠪᠠᠶ ᠳᠤ 4 ᠰᠠᠷ᠎ᠠ ᠠᠴᠠ | ᠳᠡᠭᠡᠭᠰᠢ ᠪᠣᠷᠳᠣᠵᠤ ᠲᠠᠷᠭᠤᠯᠠᠭᠤᠯᠬᠤ ᠬᠡᠷᠡᠭᠲᠡᠶ᠃ | ︵ᠬᠤᠶᠠᠷ︶ ᠲᠣᠰ ᠲᠥᠷᠥ ᠶᠢᠨ ᠪᠣᠳᠣᠯᠭ᠎ᠠ ᠶᠢᠨ ᠨᠢᠭᠡᠳᠦᠭᠡᠷ ᠵᠦᠢᠯ᠂ ᠲᠠᠪᠤᠳᠤᠭᠠᠷ ᠵᠦᠢᠯ ᠳᠤ ᠵᠡᠷᠭᠡᠪᠡᠷ | ᠨᠡᠶᠢᠴᠡᠭᠰᠡᠨ ᠪᠠᠶᠢᠪᠠᠯ᠂ ᠨᠡᠶᠢᠯᠡᠭᠦᠯᠦᠨ ᠬᠡᠷᠡᠭᠵᠢᠭᠦᠯᠵᠦ ᠪᠣᠯᠤᠨ᠎ᠠ᠃ | ︵ᠭᠤᠷᠪᠠ︶ ᠡᠯ᠎ᠡ ᠬᠤᠰᠢᠭᠤ ᠰᠢᠶᠠᠨ ᠬᠤᠲᠠ ᠶᠢᠨ ᠲᠣᠰ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ | ᠱᠠᠩᠨᠠᠵᠤ ᠲᠤᠰᠠᠯᠠᠬᠤ ᠲᠥᠷᠥ ᠶᠢᠨ ᠪᠣᠳᠣᠯᠭ᠎ᠠ ᠨᠡᠶᠢᠲᠡᠯᠡᠬᠦ ᠶᠢ ᠵᠣᠷᠢᠭᠵᠢᠭᠤᠯᠤᠨ᠎ᠠ᠃ | ︵ᠳᠥᠷᠪᠡ︶ ᠲᠥᠷᠥ ᠶᠢᠨ ᠪᠣᠳᠣᠯᠭ᠎ᠠ ᠶᠢᠨ ᠳᠣᠲᠣᠷᠠᠬᠢ ︽ᠳᠡᠭᠡᠷᠡᠬᠢ︾ ᠳᠤ ᠡᠬᠡ ᠲᠤᠭ᠎ᠠ ᠶᠢ ᠪᠠᠭᠲᠠᠭᠠᠨ᠎ᠠ᠃ | | ︵ᠲᠠᠪᠤ︶ ᠪᠣᠷᠳᠣᠵᠤ ᠲᠠᠷᠭᠤᠯᠠᠭᠤᠯᠤᠭᠰᠠᠨ ᠠᠯᠠᠰᠢᠨ ᠦᠬᠡᠷ ᠪᠣᠷᠳᠣᠵᠤ ᠲᠠᠷᠭᠤᠯᠠᠭᠤᠯᠬᠤ ᠠᠴᠠ ᠠᠪᠤᠭᠠᠳ | ᠲᠠᠯᠠᠪᠠᠶ ᠳᠤ ᠣᠷᠣᠵᠤ ᠨᠢᠲᠤᠯᠬᠤ ᠠᠴᠠ ᠡᠮᠦᠨᠡᠬᠢ ᠶᠠᠪᠤᠴᠠ ᠳᠤ ᠡᠷᠬᠡᠪᠰᠢ ᠴᠠᠷᠤᠯᠲᠠ ᠶᠢᠨ ᠴᠢᠬᠢᠨ ᠲᠡᠮᠳᠡᠭ ᠵᠡᠭᠦᠬᠦ | ᠬᠡᠷᠡᠭᠲᠡᠶ᠃ | ︵ᠵᠢᠷᠭᠤᠭ᠎ᠠ︶ ᠠᠶᠢᠮᠠᠭ ᠤᠨ ᠳᠣᠲᠣᠷᠠᠬᠢ ᠦᠬᠡᠷ ᠬᠤᠨᠢᠨ ᠤ ᠴᠡᠭ ᠲᠣᠭᠲᠠᠭᠠᠨ ᠠᠯᠠᠵᠤ ᠨᠢᠲᠤᠯᠬᠤ ᠠᠵᠤ | ᠠᠬᠤᠶᠢᠯᠠᠯ ᠤᠳ ᠠᠯᠪᠠᠨ ᠤ ᠮᠠᠯ ᠤᠨ ᠡᠮᠴᠢ ᠶᠢ ᠲᠣᠮᠢᠯᠠᠨ ᠰᠠᠭᠤᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ | ᠬᠡᠷᠡᠭᠲᠡᠶ᠃ | ︵ᠳᠣᠯᠤᠭ᠎ᠠ︶ ᠠᠶᠢᠮᠠᠭ᠂ ᠬᠤᠰᠢᠭᠤ ᠰᠢᠶᠠᠨ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ | ᠮᠥᠴᠢᠷ ᠤᠳ ︽ᠬᠢᠩᠭᠠᠨ ᠠᠶᠢᠮᠠᠭ ᠤᠨ ᠮᠠᠯ ᠵᠢᠭᠦᠷᠲᠡᠨ ᠨᠢᠲᠤᠯᠬᠤ ᠠᠯᠤᠰ ᠡᠵᠡᠮᠰᠢᠯᠲᠦ ᠸᠢᠳᠢᠤ᠋ ᠬᠡᠯᠪᠡᠷᠢ ᠪᠠᠷ | ᠬᠢᠨᠠᠨ ᠡᠵᠡᠮᠳᠡᠬᠦ ᠲᠠᠪᠴᠠᠩ︾ ᠤᠨ ᠦᠢᠯᠡᠳᠦᠯ ᠢ ᠪᠠᠳᠠᠷᠠᠭᠤᠯᠵᠤ᠂ ᠨᠢᠲᠤᠯᠬᠤ ᠠᠵᠤ ᠠᠬᠤᠶᠢᠯᠠᠯ ᠤᠨ ᠬᠢᠨᠠᠯᠲᠠ | ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠃ | ︵ᠨᠠᠢᠮᠠ︶ ᠠᠶᠢᠮᠠᠭ᠂ ᠬᠤᠰᠢᠭᠤ ᠰᠢᠶᠠᠨ ᠬᠤᠳᠠ ᠶᠢᠨ ᠡᠯ᠎ᠡ ᠱᠠᠲᠤᠨ ᠤ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠲᠡᠭᠡᠭᠡᠪᠦᠷᠢ ᠶᠢᠨ | ᠭᠤᠭᠴᠤᠭ᠎ᠠ ᠶᠢᠨ ᠬᠢᠵᠢᠭ ᠪᠠᠶᠢᠴᠠᠭᠠᠬᠤ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠴᠠᠭ ᠲᠤᠬᠠᠶ ᠳᠤ ᠨᠢ | ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ︵ᠶᠢᠰᠦ︶ ᠲᠣᠰ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠳᠠᠬᠢ ︽ᠠᠯᠠᠰᠢᠨ ᠦᠬᠡᠷ ᠨᠢᠲᠤᠯᠬᠤ | ᠨᠡᠮᠡᠭᠳᠡᠯ ᠤᠨ ᠬᠡᠮᠵᠢᠶ᠎ᠡ︾ ᠭᠡᠳᠡᠭ ᠨᠢ ︽2021 ᠣᠨ ᠤ ᠪᠣᠳᠠᠲᠠᠶ ᠨᠢᠲᠤᠯᠬᠤ ᠲᠤᠭ᠎ᠠ ᠬᠡᠮᠵᠢᠶ᠎ᠡ ᠪᠠᠷ ᠰᠠᠭᠤᠷᠢ | ᠲᠤᠭ᠎ᠠ ᠪᠣᠯᠭᠠᠵᠤ᠂ ᠠᠶᠢᠮᠠᠭ ᠤᠨ ᠳᠣᠲᠣᠷᠠᠬᠢ ᠠᠯᠠᠰᠢᠨ ᠦᠬᠡᠷ ᠨᠢᠲᠤᠯᠬᠤ ᠠᠵᠤ ᠠᠬᠤᠶᠢᠯᠠᠯ ᠳᠤ ᠨᠢᠲᠤᠯᠵᠤ | ᠡᠳ᠋ᠰᠢᠭᠦᠯᠬᠦ ᠶᠢᠨ ᠬᠠᠮᠲᠤ ᠪᠣᠷᠣᠯᠠᠭᠤᠯᠤᠭᠰᠠᠨ ᠨᠡᠮᠡᠭᠳᠡᠯ ᠤᠨ ᠬᠡᠮᠵᠢᠶ᠎ᠡ ᠪᠠᠷ ᠠᠯᠠᠰᠢᠨ ᠦᠬᠡᠷ ᠨᠢᠲᠤᠯᠬᠤ︾ ᠶᠢ ᠵᠢᠭᠠᠵᠤ | ᠪᠣᠶ᠃ | ︵ᠠᠷᠪᠠ︶ ᠲᠣᠰ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠳᠠᠬᠢ ︽ᠠᠯᠠᠰᠢᠨ ᠬᠤᠨᠢ ᠨᠢᠲᠤᠯᠬᠤ ᠶᠢᠨ | ᠨᠡᠮᠡᠭᠳᠡᠯ ᠤᠨ ᠬᠡᠮᠵᠢᠶ᠎ᠡ︾ ᠭᠡᠳᠡᠭ ᠨᠢ ︽2022 ᠣᠨ ᠳᠤ ᠪᠣᠳᠠᠲᠠᠶ 1 ᠲᠦᠮᠡᠨ ᠬᠤᠨᠢ ᠨᠢᠲᠤᠯᠬᠤ ᠪᠠᠷ ᠰᠠᠭᠤᠷᠢ | ᠲᠤᠭ᠎ᠠ ᠪᠣᠯᠭᠠᠵᠤ᠂ ᠠᠶᠢᠮᠠᠭ ᠤᠨ ᠳᠣᠲᠣᠷᠠᠬᠢ ᠠᠯᠠᠰᠢᠨ ᠬᠤᠨᠢ ᠨᠢᠲᠤᠯᠬᠤ ᠶᠢᠨ ᠠᠵᠤ ᠠᠬᠤᠶᠢᠯᠠᠯ ᠳᠤ | ᠨᠢᠲᠤᠯᠬᠤ ᠶᠢᠨ ᠬᠠᠮᠲᠤ ᠪᠣᠷᠣᠯᠠᠭᠤᠯᠬᠤ ᠶᠢᠨ ᠨᠡᠮᠡᠭᠳᠡᠯ ᠤᠨ ᠬᠡᠮᠵᠢᠶ᠎ᠡ ᠪᠠᠷ ᠠᠯᠠᠰᠢᠨ ᠬᠤᠨᠢ ᠨᠢᠲᠤᠯᠬᠤ ᠶᠢ︾ ᠶᠢ | ᠵᠢᠭᠠᠵᠤ ᠪᠣᠶ᠃ | ︵ᠠᠷᠪᠠᠨ ᠨᠢᠭᠡ︶ 2021 ᠣᠨ ᠠᠴᠠ ᠨᠠᠰᠢ᠂ ᠬᠠᠤᠯᠢ ᠲᠣᠭᠲᠠᠭᠠᠯ ᠠᠴᠠ ᠵᠥᠷᠢᠴᠡᠭᠰᠡᠨ ᠲᠡᠮᠳᠡᠭᠯᠡᠯ ᠲᠠᠢ | ᠠᠶᠢᠮᠠᠭ ᠤᠨ ᠳᠣᠲᠣᠷᠠᠬᠢ ᠦᠬᠡᠷ ᠬᠤᠨᠢ ᠨᠢᠲᠤᠯᠬᠤ ᠴᠡᠭ ᠲᠣᠭᠲᠠᠭᠠᠭᠰᠠᠨ ᠠᠵᠤ ᠠᠬᠤᠶᠢᠯᠠᠯ ᠤᠳ ᠲᠣᠰ | ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠶᠢ ᠭᠥᠷᠳᠡᠵᠦ ᠪᠣᠯᠬᠤ ᠥᠬᠡᠶ᠃ | ︵ᠠᠷᠪᠠᠨ ᠬᠤᠶᠠᠷ︶ ᠠᠶᠢᠮᠠᠭ ᠤᠨ ᠳᠣᠲᠣᠷᠠᠬᠢ ᠦᠬᠡᠷ ᠬᠤᠨᠢᠨ ᠤ ᠴᠡᠭ ᠲᠣᠭᠲᠠᠭᠠᠨ ᠨᠢᠲᠤᠯᠬᠤ ᠠᠵᠤ | ᠠᠬᠤᠶᠢᠯᠠᠯ ᠤᠳ ᠪᠣᠬᠢᠷ ᠪᠣᠳᠠᠰ ᠭᠠᠳᠠᠭᠰᠢᠯᠠᠭᠤᠯᠤᠭᠠᠳ ᠪᠠᠷᠢᠮᠵᠢᠶ᠎ᠠ ᠳᠤ ᠬᠦᠷᠦᠭᠰᠡᠨ ᠥᠬᠡᠶ ᠪᠠᠶᠢᠪᠠᠯ ᠲᠣᠰ | ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠶᠢ ᠭᠥᠷᠳᠡᠵᠦ ᠪᠣᠯᠬᠤ ᠥᠬᠡᠶ᠃ | ︵ᠠᠷᠪᠠᠨ ᠭᠤᠷᠪᠠ︶ ︽ᠬᠢᠩᠭᠠᠨ ᠠᠶᠢᠮᠠᠭ ᠤᠨ ᠮᠠᠯ ᠵᠢᠭᠦᠷᠲᠡᠨ ᠢ ᠨᠢᠲᠤᠯᠬᠤ ᠠᠯᠤᠰ ᠡᠵᠡᠮᠰᠢᠯᠲᠦ ᠸᠢᠳᠢᠤ᠋ | ᠬᠡᠯᠪᠡᠷᠢ ᠪᠠᠷ ᠬᠢᠨᠠᠨ ᠡᠵᠡᠮᠳᠡᠬᠦ ᠲᠠᠪᠴᠠᠩ︾ ᠤᠨ ᠬᠢᠨᠠᠨ ᠡᠵᠡᠮᠳᠡᠬᠦ ᠲᠥᠬᠦᠭᠡᠷᠦᠮᠵᠢ ᠶᠢ ᠵᠣᠷᠢᠭᠤᠳᠠ ᠬᠠᠯᠬᠠᠯᠠᠭᠰᠠᠨ᠂ | ᠴᠠᠬᠢᠯᠭᠠᠨ ᠢ ᠵᠣᠷᠢᠭᠤᠳᠠ ᠲᠠᠰᠤᠯᠤᠭᠰᠠᠨ ᠵᠡᠷᠭᠡ ᠦᠢᠯᠡ ᠠᠵᠢᠯᠯᠠᠭ᠎ᠠ ᠲᠠᠢ ᠪᠠᠶᠢᠪᠠᠯ᠂ ᠲᠤᠬᠠᠶ ᠶᠢᠨ ᠴᠠᠭ ᠲᠤᠨᠢ | ᠸᠢᠳᠢᠤ ᠬᠡᠯᠪᠡᠷᠢ ᠪᠠᠷ ᠬᠢᠨᠠᠨ ᠡᠵᠡᠮᠳᠡᠬᠦ ᠳᠤ ᠬᠦᠷᠦᠭᠰᠡᠨ ᠥᠬᠡᠶ ᠠᠶᠢᠮᠠᠭ ᠤᠨ ᠳᠣᠲᠣᠷᠠᠬᠢ ᠦᠬᠡᠷ ᠬᠤᠨᠢ ᠶᠢ ᠴᠡᠭ | ᠲᠣᠭᠲᠠᠭᠠᠨ ᠨᠢᠲᠤᠯᠬᠤ ᠠᠵᠤ ᠠᠬᠤᠶᠢᠯᠠᠯ ᠤᠳ ᠲᠣᠰ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠶᠢ ᠭᠥᠷᠳᠡᠵᠦ | ᠪᠣᠯᠬᠤ ᠥᠬᠡᠶ︔ ︽ᠬᠢᠩᠭᠠᠨ ᠠᠶᠢᠮᠠᠭ ᠤᠨ ᠮᠠᠯ ᠵᠢᠭᠦᠷᠲᠡᠨ ᠢ ᠨᠢᠲᠤᠯᠬᠤ ᠠᠯᠤᠰ ᠡᠵᠡᠮᠰᠢᠯᠲᠦ ᠸᠢᠳᠢᠤ᠋ ᠬᠡᠯᠪᠡᠷᠢ ᠪᠠᠷ | ᠬᠢᠨᠠᠨ ᠡᠵᠡᠮᠳᠡᠬᠦ ᠲᠠᠪᠴᠠᠩ︾ ᠢ ᠬᠤᠯᠪᠣᠭᠰᠠᠨ ᠥᠬᠡᠶ ᠠᠶᠢᠮᠠᠭ ᠤᠨ ᠳᠣᠲᠣᠷᠠᠬᠢ ᠦᠬᠡᠷ ᠬᠤᠨᠢ ᠶᠢ ᠴᠡᠭ | ᠲᠣᠭᠲᠠᠭᠠᠨ ᠨᠢᠲᠤᠯᠬᠤ ᠠᠵᠤ ᠠᠬᠤᠶᠢᠯᠠᠯ ᠤᠳ ᠲᠣᠰ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠᠶᠢ ᠭᠥᠷᠳᠡᠵᠦ | ᠪᠣᠯᠬᠤ ᠥᠬᠡᠶ᠃ | ︵ᠠᠷᠪᠠᠨ ᠳᠥᠷᠪᠡ︶ ᠣᠷᠣᠯᠠᠨ ᠨᠢᠲᠤᠯᠬᠤ ᠠᠵᠤ ᠠᠬᠤᠶᠢᠯᠠᠯ ᠤᠨ ᠨᠠᠶᠢᠳᠠᠵᠤ ᠨᠢᠲᠤᠯᠤᠭᠰᠠᠨ ︵ᠣᠷᠣᠯᠠᠨ | ᠨᠢᠲᠤᠯᠤᠭᠰᠠᠨ︶ ᠦᠬᠡᠷ ᠬᠤᠨᠢᠨ ᠳᠤ ᠨᠥᠬᠦᠪᠥᠷᠢ ᠥᠭᠬᠦ ᠥᠬᠡᠶ᠃ ᠨᠠᠶᠢᠳᠠᠵᠤ ᠨᠢᠲᠤᠯᠬᠤ ︵ᠣᠷᠣᠯᠠᠨ ᠨᠢᠲᠤᠯᠬᠤ︶ | ᠦᠬᠡᠷ ᠬᠤᠨᠢ ᠭᠡᠳᠡᠭ ᠨᠢ ᠠᠵᠤ ᠠᠬᠤᠶᠢᠯᠠᠯ᠂ ᠬᠤᠪᠢ ᠬᠥᠮᠦᠨ ᠵᠡᠷᠭᠡ ᠪᠠᠶᠢᠭᠠᠯᠢ ᠬᠥᠮᠦᠨ ᠤ ᠨᠠᠶᠢᠳᠠᠵᠤ ᠪᠠᠶᠢᠭᠠᠳ | ᠦᠬᠡᠷ ᠬᠤᠨᠢᠨ ᠤ ᠴᠡᠭ ᠲᠣᠭᠲᠠᠭᠠᠨ ᠨᠢᠲᠤᠯᠬᠤ ᠠᠵᠤ ᠠᠬᠤᠶᠢᠯᠠᠯ ᠳᠤ ᠨᠠᠶᠢᠳᠠᠵᠤ ᠣᠷᠣᠯᠠᠨ ᠨᠢᠲᠤᠯᠬᠤ ᠦᠬᠡᠷ | ᠬᠤᠨᠢ ᠶᠢ ᠵᠢᠭᠠᠵᠤ ᠪᠣᠶ᠂ ᠨᠢᠲᠤᠯᠤᠭᠰᠠᠨ ᠤ ᠳᠠᠷᠠᠭᠠᠬᠢ ᠦᠬᠡᠷ ᠬᠤᠨᠢᠨ ᠤ ᠪᠦᠲᠦᠭᠡᠭᠳᠡᠬᠦᠨ ᠪᠣᠯ ᠨᠠᠶᠢᠳᠠᠭᠰᠠᠨ ᠠᠵᠤ | ᠠᠬᠤᠶᠢᠯᠠᠯ ︵ᠬᠤᠪᠢ ᠬᠥᠮᠦᠨ︶ ᠤᠨ ᠦᠬᠡᠷ ᠬᠤᠨᠢᠨ ᠤ ᠪᠦᠲᠦᠭᠡᠭᠳᠡᠬᠦᠨ ᠪᠠᠶᠢᠵᠤ᠂ ᠦᠬᠡᠷ ᠬᠤᠨᠢᠨ ᠤ ᠴᠡᠭ | ᠲᠣᠭᠲᠠᠭᠠᠨ ᠨᠢᠲᠤᠯᠬᠤ ᠠᠵᠤ ᠠᠬᠤᠶᠢᠯᠠᠯ ᠳᠤ ᠬᠠᠷᠢᠶᠠᠯᠠᠭᠳᠠᠬᠤ ᠥᠬᠡᠶ᠃ | ︵ᠠᠷᠪᠠᠨ ᠲᠠᠪᠤ︶ ᠲᠡᠭᠡᠭᠡᠪᠦᠷᠢ ᠶᠢᠨ ᠨᠥᠬᠦᠪᠥᠷᠢ ᠳᠤ ᠲᠡᠵᠢᠭᠡᠨ ᠦᠷᠡᠵᠢᠭᠦᠯᠬᠦ ᠡᠷᠦᠬᠡ ︵ᠲᠠᠯᠠᠪᠠᠶ᠂ ᠠᠵᠤ | ᠠᠬᠤᠶᠢᠯᠠᠯ᠂ ᠬᠤᠷᠰᠢᠶ᠎ᠠ︶᠂ ᠠᠯᠠᠰᠢᠨ ᠦᠬᠡᠷ ᠠᠯᠠᠰᠢᠨ ᠬᠤᠨᠢᠨ ᠤ ᠵᠠᠭᠤᠴᠢᠯᠠᠭᠴᠢ ᠵᠡᠷᠭᠡ ᠡᠯ᠎ᠡ ᠲᠥᠷᠥᠯ ᠤᠨ | ᠵᠠᠭᠤᠴᠢ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠠᠴᠠ ᠠᠶᠢᠮᠠᠭ ᠤᠨ ᠳᠣᠲᠣᠷᠠᠬᠢ ᠠᠯᠠᠵᠤ ᠨᠢᠲᠤᠯᠬᠤ ᠠᠵᠤ | ᠠᠬᠤᠶᠢᠯᠠᠯ ᠳᠤ ᠠᠯᠠᠰᠢᠨ ᠦᠬᠡᠷ ᠠᠯᠠᠰᠢᠨ ᠬᠤᠨᠢᠨ ᠤ ᠲᠡᠭᠡᠭᠡᠪᠦᠷᠢ ᠶᠢᠨ ᠠᠯᠠᠰᠢᠨ ᠦᠬᠡᠷ ᠠᠯᠠᠰᠢᠨ ᠬᠤᠨᠢᠨ ᠤ | ᠲᠡᠵᠢᠭᠡᠪᠦᠷᠢ᠂ ᠬᠤᠷᠣᠭᠳᠠᠯ ᠪᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠤᠷᠣᠭᠳᠠᠯ᠂ ᠰᠢᠲᠠᠭᠠᠯᠭ᠎ᠠ ᠶᠢᠨ ᠲᠣᠰᠣ | ᠵᠡᠷᠭᠡ ᠲᠡᠭᠡᠭᠡᠪᠦᠷᠢ ᠶᠢᠨ ᠠᠵᠢᠯᠯᠠᠭ᠎ᠠ ᠶᠢᠨ ᠨᠥᠬᠦᠪᠥᠷᠢ ᠶᠢ ᠪᠠᠭᠲᠠᠭᠠᠨ᠎ᠠ᠃ | ︵ᠠᠷᠪᠠᠨ ᠵᠢᠷᠭᠤᠭ᠎ᠠ︶ ᠲᠣᠰ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠶᠢ ᠬᠡᠷᠡᠭᠵᠢᠭᠦᠯᠬᠦ ᠴᠠᠭ ᠢ ᠨᠢᠭᠡ | ᠵᠢᠯ ᠲᠤᠷᠰᠢᠨ ᠬᠡᠷᠡᠭᠵᠢᠭᠦᠯᠵᠦ᠂ ᠲᠣᠰ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠶᠢ ᠳᠠᠷᠤᠮᠠᠯᠯᠠᠨ | ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠬᠦ ᠴᠠᠭ ᠢ ᠪᠤᠳᠤᠨ᠎ᠠ᠃ | ︵ᠠᠷᠪᠠᠨ ᠳᠣᠯᠤᠭ᠎ᠠ︶ ᠲᠣᠰ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢᠨ ᠠᠭᠤᠯᠭ᠎ᠠ ᠶᠢ ᠬᠢᠩᠭᠠᠨ | ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ |