ᠬᠢᠩᠭᠠᠨ ᠠᠶᠢᠮᠠᠭ ᠤᠨ ᠵᠠᠬᠢᠷᠭ᠎ᠠ ᠶᠢᠨ ︽2022 ᠣᠨ ᠳᠤ ᠬᠢᠩᠭᠠᠨ ᠠᠶᠢᠮᠠᠭ ᠤᠨ ᠠᠯᠠᠰᠢᠨ ᠦᠬᠡᠷ ᠪᠣᠷᠳᠣᠵᠤ ᠲᠠᠷᠭᠤᠯᠠᠭᠤᠯᠬᠤ ᠪᠠ ᠠᠯᠠᠰᠢᠨ ᠦᠬᠡᠷ ᠠᠯᠠᠰᠢᠨ ᠬᠤᠨᠢ ᠨᠢᠲᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ︵ᠲᠤᠷᠰᠢᠨ ᠬᠡᠷᠡᠭᠵᠢᠭᠦᠯᠬᠦ︶ ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/11/7
     ᠬᠢᠩᠭᠠᠨ ᠵᠠᠬᠢᠷᠭ᠎ᠠ ᠦᠰᠦᠭ ﹇2022﹈ 111  ᠳ᠋ᠤᠭᠡᠷ ᠲᠣᠭᠠᠲᠤ      ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ︽2022 ᠣᠨ ᠳᠤ ᠬᠢᠩᠭᠠᠨ ᠠᠶᠢᠮᠠᠭ ᠤᠨ ᠠᠯᠠᠰᠢᠨ ᠦᠬᠡᠷ ᠪᠣᠷᠳᠣᠵᠤ ᠲᠠᠷᠭᠤᠯᠠᠭᠤᠯᠬᠤ ᠪᠠ ᠠᠯᠠᠰᠢᠨ ᠦᠬᠡᠷ ᠠᠯᠠᠰᠢᠨ ᠬᠤᠨᠢ ᠨᠢᠲᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ︵ᠲᠤᠷᠰᠢᠨ ᠬᠡᠷᠡᠭᠵᠢᠭᠦᠯᠬᠦ︶︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                 2022 ᠣᠨ ᠤ 8 ᠰᠠᠷ᠎ᠠ ᠶᠢᠨ 29                2022 ᠣᠨ ᠤ ᠬᠢᠩᠭᠠᠨ ᠠᠶᠢᠮᠠᠭ ᠤᠨ ᠠᠯᠠᠰᠢᠨ ᠦᠬᠡᠷ ᠪᠣᠷᠳᠣᠵᠤ ᠲᠠᠷᠭᠤᠯᠠᠭᠤᠯᠬᠤ ᠪᠠ ᠠᠯᠠᠰᠢᠨ ᠦᠬᠡᠷ ᠠᠯᠠᠰᠢᠨ ᠬᠤᠨᠢ ᠨᠢᠲᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ︵ᠲᠤᠷᠰᠢᠨ ᠬᠡᠷᠡᠭᠵᠢᠭᠦᠯᠬᠦ︶         ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠠᠯᠠᠰᠢᠨ ᠦᠬᠡᠷ ᠠᠯᠠᠰᠢᠨ ᠬᠤᠨᠢᠨ ᠤ ᠦᠢᠯᠡᠳᠪᠦᠷᠢᠯᠡᠯ ᠬᠥᠭᠵᠢᠯᠲᠡ ᠶᠢ ᠠᠬᠢᠭᠤᠯᠬᠤ ᠲᠠᠪᠤᠨ ᠵᠢᠯ ᠤᠨ ᠠᠵᠢᠯᠯᠠᠭᠠᠨ ᠤ ᠲᠥᠰᠦᠯ︾ ︵ᠲᠠᠷᠢᠶᠠᠯᠠᠩ ᠮᠠᠯ ᠠᠵᠤ ᠠᠬᠤᠶ ᠲᠠᠷᠬᠠᠭᠠᠭᠰᠠᠨ ︹ 2021 ︺ 10 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ ᠠᠯᠠᠰᠢᠨ ᠦᠬᠡᠷ ᠪᠣᠷᠳᠣᠬᠤ ᠴᠢᠳᠠᠪᠤᠷᠢ ᠪᠠ ᠠᠯᠠᠰᠢᠨ ᠦᠬᠡᠷ ᠠᠯᠠᠰᠢᠨ ᠬᠤᠨᠢᠨ ᠤ ᠪᠣᠳᠠᠲᠠᠶ ᠨᠢᠲᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠮᠠᠨ ᠤ ᠠᠶᠢᠮᠠᠭ ᠤᠨ ‍ᠨ ᠠᠯᠠᠰᠢᠨ ᠦᠬᠡᠷ ᠠᠯᠠᠰᠢᠨ ᠬᠤᠨᠢ ᠶᠢ ᠠᠶᠢᠮᠠᠭ ᠤᠨ ᠳᠣᠲᠣᠷ᠎ᠠ ᠲᠤᠬᠠᠶ ᠶᠢᠨ ᠭᠠᠵᠠᠷ ᠲᠤᠨᠢ ᠨᠢᠲᠤᠯᠬᠤ ᠶᠢ ᠠᠬᠢᠭᠤᠯᠬᠤ ᠶᠢᠨ ᠲᠤᠰᠠᠳᠠ᠂ ᠲᠣᠰ ᠲᠥᠷᠥ ᠶᠢᠨ ᠪᠣᠳᠣᠯᠭ᠎ᠠ ᠶᠢᠨ ᠨᠠᠷᠢᠨ  ᠳᠠᠩᠰᠠ ᠶᠢ ᠣᠨᠴᠠᠭᠠᠶᠢᠯᠠᠨ ᠨᠡᠶᠢᠲᠡᠯᠡᠪᠡ    ᠨᠢᠭᠡ᠂ ᠳᠡᠮᠵᠢᠬᠦ ᠬᠡᠪᠴᠢᠶ᠎ᠡ ᠪᠠ ᠵᠠᠷᠴᠢᠮ    ︵ᠨᠢᠭᠡ︶ 2022 ᠣᠨ ᠳᠤ ᠡᠳ᠋ ᠤᠨ ᠵᠠᠰᠠᠭ ᠤᠨ ᠲᠤᠰᠬᠠᠶ ᠪᠠᠯᠠ ᠮᠥᠩᠭᠦ ᠶᠢ ᠳᠣᠭᠢᠷᠠᠭᠤᠯᠵᠤ᠂ ᠠᠯᠠᠰᠢᠨ ᠦᠬᠡᠷ ᠪᠣᠷᠳᠣᠬᠤ ᠴᠢᠳᠠᠪᠤᠷᠢ ᠪᠠ ᠠᠯᠠᠰᠢᠨ ᠦᠬᠡᠷ ᠠᠯᠠᠰᠢᠨ ᠬᠤᠨᠢᠨ ᠤ ᠪᠣᠳᠠᠲᠠᠶ ᠨᠢᠲᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠳᠡᠮᠵᠢᠵᠦ᠂ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠪᠡᠯᠡ ᠮᠥᠩᠭᠦ ᠳᠤ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠨ᠎ᠡ᠃    ︵ᠬᠤᠶᠠᠷ︶ ᠠᠶᠢᠮᠠᠭ ᠤᠨ ᠳᠣᠲᠣᠭᠠᠳᠤ ᠳᠤ ᠪᠦᠷᠢᠳᠬᠡᠨ ᠳᠠᠩᠰᠠᠯᠠᠭᠤᠯᠤᠭᠰᠠᠨ ᠦᠬᠡᠷ ᠬᠤᠨᠢᠨ ᠤ ᠴᠡᠭ ᠲᠣᠭᠲᠠᠭᠠᠨ ᠨᠢᠲᠤᠯᠬᠤ ᠠᠵᠤ ᠠᠬᠤᠶᠢᠯᠠᠯ᠂ ᠲᠡᠵᠢᠭᠡᠨ ᠦᠷᠡᠵᠢᠭᠦᠯᠬᠦ ᠡᠷᠦᠬᠡ ︵ᠲᠠᠯᠠᠪᠠᠶ᠂ ᠠᠵᠤ ᠠᠬᠤᠶᠢᠯᠠᠯ᠂ ᠬᠤᠷᠰᠢᠶ᠎ᠠ︶᠂ ᠠᠯᠠᠰᠢᠨ ᠦᠬᠡᠷ ᠠᠯᠠᠰᠢᠨ ᠬᠤᠨᠢᠨ ᠤ ᠵᠠᠭᠤᠴᠢᠯᠠᠭᠴᠢ ᠪᠦᠬᠦᠨ ᠢ ᠴᠥᠮ ᠲᠣᠰ ᠲᠥᠷᠥ ᠶᠢᠨ ᠪᠣᠳᠣᠯᠭ᠎ᠠ ᠶᠢᠨ ᠳᠡᠮᠵᠢᠬᠦ ᠬᠡᠪᠴᠢᠶᠡᠨ ᠳᠤ ᠣᠷᠣᠭᠤᠯᠤᠨ᠎ᠠ᠃    ︵ᠭᠤᠷᠪᠠ︶ ᠠᠶᠢᠮᠠᠭ ᠤᠨ ᠳᠣᠲᠣᠷᠠᠬᠢ ᠦᠬᠡᠷ ᠬᠤᠨᠢᠨ ᠤ ᠴᠡᠭ ᠲᠣᠭᠲᠠᠭᠠᠨ ᠨᠢᠲᠤᠯᠬᠤ ᠠᠵᠤ ᠠᠬᠤᠶᠢᠯᠠᠯ ᠤᠨ ᠨᠢᠲᠤᠯᠵᠤ ᠡᠳ᠋ᠰᠢᠭᠦᠯᠬᠦ ᠠᠵᠢᠯ ᠨᠢ ᠡᠷᠬᠡᠪᠰᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠨᠢᠲᠤᠯᠬᠤ ᠬᠠᠮᠢᠶᠠᠷᠤᠯᠲᠠ ᠶᠢᠨ ᠠᠷᠭ᠎ᠠ︾ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠵᠢᠴᠢ ᠡᠯ᠎ᠡ ᠵᠦᠢᠯ ᠤᠨ ᠠᠵᠢᠯᠯᠠᠬᠤ ᠲᠦᠷᠢᠮ ᠳᠤ ᠨᠡᠶᠢᠴᠡᠭᠰᠡᠨ ᠪᠠᠶᠢᠬᠤ ᠬᠡᠷᠡᠭᠲᠡᠶ᠃    ᠬᠤᠶᠠᠷ᠂ ᠬᠡᠷᠡᠭᠵᠢᠭᠦᠯᠬᠦ ᠠᠭᠤᠯᠭ᠎ᠠ    ︵ᠨᠢᠭᠡ︶ ᠠᠯᠠᠰᠢᠨ ᠦᠬᠡᠷ ᠤᠨ ᠠᠶᠢᠮᠠᠭ ᠳᠣᠲᠣᠷ᠎ᠠ ᠪᠠᠨ ᠪᠣᠷᠳᠣᠬᠤ ᠶᠢ ᠳᠡᠭᠡᠭᠰᠢᠯᠡᠭᠦᠯᠬᠦ ᠶᠢ ᠳᠡᠮᠵᠢᠨ᠎ᠡ 1. ᠠᠶᠢᠮᠠᠭ ᠤᠨ ᠳᠣᠲᠣᠷᠠᠬᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ ︵ᠲᠠᠯᠠᠪᠠᠶ᠂ ᠠᠵᠤ ᠠᠬᠤᠶᠢᠯᠠᠯ᠂ ᠬᠤᠷᠰᠢᠶ᠎ᠠ︶ ᠶᠢᠨ ᠵᠢᠯ ᠳᠤ 50 ᠲᠣᠯᠣᠭᠠᠶ ︵50 ᠲᠣᠯᠣᠭᠠᠶ ᠪᠠᠭᠲᠠᠨ᠎ᠠ︶ ᠠᠴᠠ ᠳᠡᠭᠡᠭᠰᠢ ᠪᠣᠷᠳᠣᠵᠤ ᠲᠠᠷᠭᠤᠯᠠᠭᠤᠯᠬᠤ ᠦᠬᠡᠷ ᠢ ᠪᠣᠷᠣᠯᠠᠭᠤᠯᠬᠤ ᠶᠢᠨ ᠬᠠᠮᠲᠤ ᠠᠶᠢᠮᠠᠭ ᠤᠨ ᠳᠣᠲᠣᠷᠠᠬᠢ ᠠᠯᠠᠰᠢᠨ ᠦᠬᠡᠷ ᠤᠨ  ᠴᠡᠭ ᠲᠣᠭᠲᠠᠭᠠᠭᠰᠠᠨ ᠨᠢᠲᠤᠯᠬᠤ ᠠᠵᠤ ᠠᠬᠤᠶᠢᠯᠠᠯ ᠳᠤ ᠬᠦᠷᠭᠡᠵᠦ ᠨᠢᠲᠤᠯᠵᠤ ᠡᠳ᠋ᠰᠢᠭᠦᠯᠦᠭᠰᠡᠨ ᠪᠠᠶᠢᠪᠠᠯ᠂ ᠪᠣᠷᠳᠣᠵᠤ ᠲᠠᠷᠭᠤᠯᠠᠭᠤᠯᠬᠤ ᠦᠬᠡᠷ ᠨᠢᠭᠡᠪᠦᠷᠢ ᠳᠤ 200 ᠲᠥᠭᠦᠷᠢᠭ ᠤᠨ ᠨᠥᠬᠦᠪᠥᠷᠢ ᠣᠯᠭᠤᠨ᠎ᠠ᠃    ︵ᠬᠤᠶᠠᠷ︶ ᠠᠯᠠᠰᠢᠨ ᠦᠬᠡᠷ ᠤᠨ ᠠᠶᠢᠮᠠᠭ ᠲᠤ ᠨᠢᠲᠤᠯᠬᠤ ᠶᠢ ᠳᠡᠮᠵᠢᠨ᠎ᠡ 2. ᠵᠢᠯ ᠤᠨ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠨᠢ 1 ᠲᠦᠮᠡ ᠠᠴᠠ 2 ᠲᠦᠮᠡᠨ ᠲᠣᠯᠣᠭᠠᠶ ᠳᠤ ᠬᠦᠷᠦᠭᠰᠡᠨ ︵2 ᠲᠦᠮᠡ ᠪᠠᠭᠲᠠᠬᠤ ᠥᠬᠡᠶ︶ ᠦᠬᠡᠷ ᠨᠢᠲᠤᠯᠬᠤ ᠠᠵᠤ ᠠᠬᠤᠶᠢᠯᠠᠯ ᠳᠤ 300 ᠲᠥᠭᠦᠷᠢᠭ / ᠲᠣᠯᠣᠭᠠᠶ ᠶᠢᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ 3. ᠣᠨ ᠤ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠨᠢ 2 ᠲᠦᠮᠡ ᠠᠴᠠ 3 ᠲᠦᠮᠡᠨ ᠲᠣᠯᠣᠭᠠᠶ ᠳᠤ ᠬᠥᠷᠥᠭᠰᠡᠨ ︵3 ᠲᠦᠮᠡ ᠪᠠᠭᠲᠠᠬᠤ ᠥᠭᠡᠢ︶ ᠦᠬᠡᠷ ᠨᠢᠲᠤᠯᠬᠤ ᠠᠵᠤ ᠠᠬᠤᠶᠢᠯᠠᠯ  ᠳᠤ 500 ᠲᠥᠭᠦᠷᠢᠭ / ᠲᠣᠯᠣᠭᠠᠶ ᠶᠢᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ 4. ᠣᠨ ᠤ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠨᠢ 3 ᠲᠦᠮᠡᠨ ᠲᠣᠯᠣᠭᠠᠶ ᠠᠴᠠ ᠳᠡᠭᠡᠭᠰᠢ ᠳᠤ ᠬᠥᠷᠥᠭᠰᠡᠨ ᠦᠬᠡᠷ ᠨᠢᠲᠤᠯᠬᠤ ᠠᠵᠤ ᠠᠬᠤᠶᠢᠯᠠᠯ  ᠳᠤ 600 ᠲᠥᠭᠦᠷᠢᠭ / ᠲᠣᠯᠣᠭᠠᠶ ᠶᠢᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ 5. ᠡᠯ᠎ᠡ ᠲᠥᠷᠥᠯ ᠤᠨ ᠵᠠᠭᠤᠴᠢ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠠᠴᠠ ᠠᠶᠢᠮᠠᠭ ᠤᠨ ᠳᠣᠲᠣᠭᠠᠳᠤ ᠶᠢᠨ ᠠᠯᠠᠵᠤ ᠨᠢᠲᠤᠯᠬᠤ ᠠᠵᠤ ᠠᠬᠤᠶᠢᠯᠠᠯ ᠳᠤ ᠠᠯᠠᠰᠢᠨ ᠦᠬᠡᠷ ᠬᠦᠷᠭᠡᠵᠦ ᠥᠭᠬᠦ ᠳᠤ᠂ 100 ᠲᠥᠭᠦᠷᠢᠭ / ᠲᠣᠯᠣᠭᠠᠶ ᠶᠢᠨ ᠪᠠᠷᠢᠮᠵᠢᠶ᠎ᠠ ᠪᠠᠷ ᠲᠡᠭᠡᠭᠡᠪᠦᠷᠢ ᠶᠢᠨ ᠨᠥᠬᠦᠪᠥᠷᠢ ᠣᠯᠭᠤᠨ᠎ᠠ᠃    ︵ᠭᠤᠷᠪᠠ︶ ᠠᠯᠠᠰᠢᠨ ᠬᠤᠨᠢ ᠶᠢ ᠠᠶᠢᠮᠠᠭ ᠲᠤ ᠨᠢᠲᠤᠯᠬᠤ ᠶᠢ ᠳᠡᠮᠵᠢᠨ᠎ᠡ 6. ᠵᠢᠯ ᠤᠨ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠨᠢ 1 ᠲᠦᠮᠡ ᠠᠴᠠ 2 ᠲᠦᠮᠡ ᠳᠤ ᠬᠦᠷᠦᠭᠰᠡᠨ ︵2 ᠲᠦᠮᠡ ᠪᠠᠭᠲᠠᠬᠤ ᠥᠬᠡᠶ︶ ᠬᠤᠨᠢ ᠨᠢᠲᠤᠯᠬᠤ ᠠᠵᠤ ᠠᠬᠤᠶᠢᠯᠠᠯ ᠳᠤ 10 ᠲᠥᠭᠦᠷᠢᠭ / ᠲᠣᠯᠣᠭᠠᠶ ᠶᠢᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ 7. ᠵᠢᠯ ᠤᠨ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠨᠢ 2 ᠲᠦᠮᠡ ᠠᠴᠠ 3 ᠲᠦᠮᠡ ᠳᠤ ᠬᠦᠷᠦᠭᠰᠡᠨ ︵3 ᠲᠦᠮᠡ ᠶᠢ ᠪᠠᠭᠲᠠᠭᠠᠬᠤ ᠥᠬᠡᠶ︶ ᠬᠤᠨᠢ ᠨᠢᠲᠤᠯᠬᠤ ᠠᠵᠤ ᠠᠬᠤᠶᠢᠯᠠᠯ ᠳᠤ 15 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠥᠭᠭᠦᠨ᠎ᠡ᠃ 8. ᠵᠢᠯ ᠤᠨ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠨᠢ 3 ᠲᠦᠮᠡ ᠠᠴᠠ ᠳᠡᠭᠡᠭᠰᠢ ᠳᠤ ᠬᠦᠷᠦᠭᠰᠡᠨ ᠬᠤᠨᠢ ᠨᠢᠲᠤᠯᠬᠤ ᠠᠵᠤ ᠠᠬᠤᠶᠢᠯᠠᠯ ᠳᠤ 20 ᠲᠥᠭᠦᠷᠢᠭ / ᠲᠣᠯᠣᠭᠠᠶ ᠶᠢᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ 9. ᠡᠯ᠎ᠡ ᠲᠥᠷᠥᠯ ᠤᠨ ᠵᠠᠭᠤᠴᠢ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠠᠴᠠ ᠠᠶᠢᠮᠠᠭ ᠤᠨ ᠳᠣᠲᠣᠭᠠᠳᠤ ᠶᠢᠨ ᠠᠯᠠᠵᠤ ᠨᠢᠲᠤᠯᠬᠤ ᠠᠵᠤ ᠠᠬᠤᠶᠢᠯᠠᠯ ᠳᠤ ᠠᠯᠠᠰᠢᠨ ᠬᠤᠨᠢ ᠬᠦᠷᠭᠡᠬᠦ ᠳᠤ 5 ᠲᠥᠭᠦᠷᠢᠭ ᠤᠨ ᠪᠠᠷᠢᠮᠵᠢᠶ᠎ᠠ ᠪᠠᠷ ᠲᠡᠭᠡᠭᠡᠪᠦᠷᠢ ᠶᠢᠨ ᠨᠥᠬᠦᠪᠥᠷᠢ ᠣᠯᠭᠤᠨ᠎ᠠ᠃    ︵ᠳᠥᠷᠪᠡ︶ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ 10. ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ ᠪᠠᠶᠢᠭᠠᠳ ᠠᠯᠠᠰᠢᠨ ᠦᠬᠡᠷ ᠪᠣᠷᠳᠣᠬᠤ᠂ ᠠᠯᠠᠰᠢᠨ ᠦᠬᠡᠷ ᠠᠯᠠᠰᠢᠨ ᠬᠤᠨᠢ ᠨᠢᠲᠤᠯᠬᠤ ᠵᠠᠩᠭᠢᠯᠠᠭ᠎ᠠ ᠳᠤ ᠴᠢᠭᠯᠡᠭᠦᠯᠦᠨ ᠡᠯ᠎ᠡ ᠵᠦᠢᠯ ᠤᠨ ᠲᠥᠷᠥᠯ ᠬᠡᠯᠪᠡᠷᠢ ᠶᠢᠨ ᠵᠢᠭᠡᠯᠡᠯᠭᠡ ᠶᠢᠨ ᠲᠥᠷᠥᠯ  ᠵᠦᠢᠯ ᠢ ᠨᠡᠭᠡᠭᠡᠨ ᠬᠥᠭᠵᠢᠭᠦᠯᠵᠦ᠂ ᠪᠦᠲᠦᠭᠡᠭᠳᠡᠬᠦᠨ ᠢᠶᠠᠨ ᠳᠠᠨᠵᠢᠯᠠᠬᠤ᠂ ᠲᠠᠷᠢᠶᠠᠯᠠᠩ ᠤᠨ ᠳᠠᠭᠠᠭᠠᠯᠲᠠ ᠬᠢᠬᠦ ᠵᠡᠷᠭᠡ ᠵᠠᠭᠪᠤᠷ ᠤᠨ ᠵᠢᠭᠡᠯᠡᠯᠭᠡ ᠶᠢᠨ ᠲᠥᠷᠥᠯ ᠵᠦᠢᠯ ᠢ ᠳᠡᠯᠭᠡᠷᠡᠭᠦᠯᠦᠨ᠂ ᠮᠥᠩᠭᠦᠨ  ᠭᠦᠢᠯᠭᠡᠭᠡᠨ ᠤ  ᠦᠢᠯᠡᠴᠢᠯᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠯᠠᠰᠢᠨ ᠦᠬᠡᠷ ᠪᠣᠷᠳᠣᠬᠤ᠂ ᠠᠯᠠᠰᠢᠨ ᠦᠬᠡᠷ ᠠᠯᠠᠰᠢᠨ ᠬᠤᠨᠢ ᠨᠢᠲᠤᠯᠬᠤ ᠵᠠᠩᠭᠢᠯᠠᠭ᠎ᠠ ᠶᠢᠨ ᠪᠠᠯᠠ ᠲᠣᠬᠢᠷᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃    ᠭᠤᠷᠪᠠ᠂ ᠳᠠᠭᠠᠯᠳᠤᠭᠤᠯᠤᠭᠰᠠᠨ ᠲᠦᠷᠢᠮ    ᠲᠣᠰ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠳᠤ ᠬᠤᠯᠪᠣᠭᠳᠠᠬᠤ ᠪᠠᠯᠠ ᠮᠥᠩᠭᠦ ᠨᠢ ᠠᠶᠢᠮᠠᠭ ᠤᠨ ᠲᠣᠰ ᠱᠠᠲᠤᠨ ᠤ ᠡᠳ᠋ ᠤᠨ ᠵᠠᠰᠠᠭ ᠤᠨ ᠪᠠᠯᠠ ᠮᠥᠩᠭᠦ ᠪᠠᠶᠢᠵᠤ᠂ ᠲᠥᠰᠦᠪ ᠤᠨ ᠲᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠰᠢᠯᠭᠠᠨ ᠬᠤᠷᠢᠶᠠᠵᠤ ᠰᠢᠯᠭᠠᠨ ᠬᠢᠨᠠᠬᠤ ᠠᠷᠭ᠎ᠠ ᠮᠠᠶ᠋ᠢᠭ ᠢᠶᠠᠷ ᠬᠡᠷᠡᠭᠵᠢᠭᠦᠯᠦᠨ᠎ᠡ᠃ ᠪᠠᠯᠠ ᠮᠥᠩᠭᠦ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠷᠭ᠎ᠠ᠂ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ ᠢ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠲᠣᠭᠲᠠᠭᠠᠨ᠎ᠠ᠃    ︵ᠨᠢᠭᠡ︶ ᠲᠣᠰ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠶᠢᠨ 1  ᠳ᠋ᠤᠭᠡᠷ  ᠵᠦᠢᠯ ᠳᠤ᠂ ᠭᠠᠷᠭᠠᠭᠰᠠᠨ ᠪᠣᠷᠳᠣᠵᠤ ᠲᠠᠷᠭᠤᠯᠠᠭᠤᠯᠬᠤ ᠦᠬᠡᠷ ᠢ ᠡᠷᠬᠡᠪᠰᠢ ᠲᠣᠰ ᠲᠡᠵᠢᠭᠡᠨ ᠦᠷᠡᠵᠢᠭᠦᠯᠬᠦ ᠲᠠᠯᠠᠪᠠᠶ ᠳᠤ 4 ᠰᠠᠷ᠎ᠠ ᠠᠴᠠ ᠳᠡᠭᠡᠭᠰᠢ ᠪᠣᠷᠳᠣᠵᠤ ᠲᠠᠷᠭᠤᠯᠠᠭᠤᠯᠬᠤ ᠬᠡᠷᠡᠭᠲᠡᠶ᠃    ︵ᠬᠤᠶᠠᠷ︶ ᠲᠣᠰ ᠲᠥᠷᠥ ᠶᠢᠨ ᠪᠣᠳᠣᠯᠭ᠎ᠠ ᠶᠢᠨ ᠨᠢᠭᠡᠳᠦᠭᠡᠷ ᠵᠦᠢᠯ᠂ ᠲᠠᠪᠤᠳᠤᠭᠠᠷ  ᠵᠦᠢᠯ ᠳᠤ ᠵᠡᠷᠭᠡᠪᠡᠷ ᠨᠡᠶᠢᠴᠡᠭᠰᠡᠨ ᠪᠠᠶᠢᠪᠠᠯ᠂ ᠨᠡᠶᠢᠯᠡᠭᠦᠯᠦᠨ ᠬᠡᠷᠡᠭᠵᠢᠭᠦᠯᠵᠦ ᠪᠣᠯᠤᠨ᠎ᠠ᠃    ︵ᠭᠤᠷᠪᠠ︶ ᠡᠯ᠎ᠡ ᠬᠤᠰᠢᠭᠤ ᠰᠢᠶᠠᠨ ᠬᠤᠲᠠ ᠶᠢᠨ ᠲᠣᠰ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠱᠠᠩᠨᠠᠵᠤ ᠲᠤᠰᠠᠯᠠᠬᠤ ᠲᠥᠷᠥ ᠶᠢᠨ ᠪᠣᠳᠣᠯᠭ᠎ᠠ ᠨᠡᠶᠢᠲᠡᠯᠡᠬᠦ ᠶᠢ ᠵᠣᠷᠢᠭᠵᠢᠭᠤᠯᠤᠨ᠎ᠠ᠃    ︵ᠳᠥᠷᠪᠡ︶ ᠲᠥᠷᠥ ᠶᠢᠨ ᠪᠣᠳᠣᠯᠭ᠎ᠠ ᠶᠢᠨ ᠳᠣᠲᠣᠷᠠᠬᠢ ︽ᠳᠡᠭᠡᠷᠡᠬᠢ︾ ᠳᠤ ᠡᠬᠡ ᠲᠤᠭ᠎ᠠ ᠶᠢ ᠪᠠᠭᠲᠠᠭᠠᠨ᠎ᠠ᠃    ︵ᠲᠠᠪᠤ︶ ᠪᠣᠷᠳᠣᠵᠤ ᠲᠠᠷᠭᠤᠯᠠᠭᠤᠯᠤᠭᠰᠠᠨ ᠠᠯᠠᠰᠢᠨ ᠦᠬᠡᠷ ᠪᠣᠷᠳᠣᠵᠤ ᠲᠠᠷᠭᠤᠯᠠᠭᠤᠯᠬᠤ ᠠᠴᠠ ᠠᠪᠤᠭᠠᠳ ᠲᠠᠯᠠᠪᠠᠶ ᠳᠤ ᠣᠷᠣᠵᠤ ᠨᠢᠲᠤᠯᠬᠤ ᠠᠴᠠ ᠡᠮᠦᠨᠡᠬᠢ ᠶᠠᠪᠤᠴᠠ ᠳᠤ ᠡᠷᠬᠡᠪᠰᠢ ᠴᠠᠷᠤᠯᠲᠠ ᠶᠢᠨ ᠴᠢᠬᠢᠨ ᠲᠡᠮᠳᠡᠭ ᠵᠡᠭᠦᠬᠦ ᠬᠡᠷᠡᠭᠲᠡᠶ᠃    ︵ᠵᠢᠷᠭᠤᠭ᠎ᠠ︶ ᠠᠶᠢᠮᠠᠭ ᠤᠨ ᠳᠣᠲᠣᠷᠠᠬᠢ ᠦᠬᠡᠷ ᠬᠤᠨᠢᠨ ᠤ  ᠴᠡᠭ ᠲᠣᠭᠲᠠᠭᠠᠨ ᠠᠯᠠᠵᠤ ᠨᠢᠲᠤᠯᠬᠤ ᠠᠵᠤ ᠠᠬᠤᠶᠢᠯᠠᠯ ᠤᠳ ᠠᠯᠪᠠᠨ ᠤ ᠮᠠᠯ ᠤᠨ ᠡᠮᠴᠢ ᠶᠢ ᠲᠣᠮᠢᠯᠠᠨ ᠰᠠᠭᠤᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃    ︵ᠳᠣᠯᠤᠭ᠎ᠠ︶ ᠠᠶᠢᠮᠠᠭ᠂ ᠬᠤᠰᠢᠭᠤ ᠰᠢᠶᠠᠨ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ︽ᠬᠢᠩᠭᠠᠨ ᠠᠶᠢᠮᠠᠭ ᠤᠨ ᠮᠠᠯ ᠵᠢᠭᠦᠷᠲᠡᠨ ᠨᠢᠲᠤᠯᠬᠤ ᠠᠯᠤᠰ ᠡᠵᠡᠮᠰᠢᠯᠲᠦ ᠸᠢᠳᠢᠤ᠋ ᠬᠡᠯᠪᠡᠷᠢ  ᠪᠠᠷ ᠬᠢᠨᠠᠨ ᠡᠵᠡᠮᠳᠡᠬᠦ ᠲᠠᠪᠴᠠᠩ︾ ᠤᠨ  ᠦᠢᠯᠡᠳᠦᠯ ᠢ ᠪᠠᠳᠠᠷᠠᠭᠤᠯᠵᠤ᠂ ᠨᠢᠲᠤᠯᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠃    ︵ᠨᠠᠢᠮᠠ︶ ᠠᠶᠢᠮᠠᠭ᠂ ᠬᠤᠰᠢᠭᠤ ᠰᠢᠶᠠᠨ ᠬᠤᠳᠠ ᠶᠢᠨ ᠡᠯ᠎ᠡ ᠱᠠᠲᠤᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ  ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠲᠡᠭᠡᠭᠡᠪᠦᠷᠢ ᠶᠢᠨ ᠭᠤᠭᠴᠤᠭ᠎ᠠ ᠶᠢᠨ ᠬᠢᠵᠢᠭ ᠪᠠᠶᠢᠴᠠᠭᠠᠬᠤ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃    ︵ᠶᠢᠰᠦ︶ ᠲᠣᠰ ᠲᠥᠷᠥ ᠶᠢᠨ ᠪᠣᠳᠣᠯᠭ᠎ᠠ ᠶᠢᠨ ᠨᠠᠷᠢᠨ  ᠳᠠᠩᠰᠠ ᠳᠠᠬᠢ ︽ᠠᠯᠠᠰᠢᠨ ᠦᠬᠡᠷ ᠨᠢᠲᠤᠯᠬᠤ ᠨᠡᠮᠡᠭᠳᠡᠯ ᠤᠨ ᠬᠡᠮᠵᠢᠶ᠎ᠡ︾ ᠭᠡᠳᠡᠭ ᠨᠢ ︽2021 ᠣᠨ ᠤ ᠪᠣᠳᠠᠲᠠᠶ ᠨᠢᠲᠤᠯᠬᠤ ᠲᠤᠭ᠎ᠠ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ ᠠᠶᠢᠮᠠᠭ ᠤᠨ ᠳᠣᠲᠣᠷᠠᠬᠢ ᠠᠯᠠᠰᠢᠨ ᠦᠬᠡᠷ ᠨᠢᠲᠤᠯᠬᠤ ᠠᠵᠤ ᠠᠬᠤᠶᠢᠯᠠᠯ ᠳᠤ ᠨᠢᠲᠤᠯᠵᠤ ᠡᠳ᠋ᠰᠢᠭᠦᠯᠬᠦ ᠶᠢᠨ ᠬᠠᠮᠲᠤ ᠪᠣᠷᠣᠯᠠᠭᠤᠯᠤᠭᠰᠠᠨ ᠨᠡᠮᠡᠭᠳᠡᠯ ᠤᠨ ᠬᠡᠮᠵᠢᠶ᠎ᠡ ᠪᠠᠷ ᠠᠯᠠᠰᠢᠨ ᠦᠬᠡᠷ ᠨᠢᠲᠤᠯᠬᠤ︾ ᠶᠢ ᠵᠢᠭᠠᠵᠤ ᠪᠣᠶ᠃    ︵ᠠᠷᠪᠠ︶ ᠲᠣᠰ ᠲᠥᠷᠥ ᠶᠢᠨ ᠪᠣᠳᠣᠯᠭ᠎ᠠ ᠶᠢᠨ ᠨᠠᠷᠢᠨ  ᠳᠠᠩᠰᠠ ᠳᠠᠬᠢ ︽ᠠᠯᠠᠰᠢᠨ ᠬᠤᠨᠢ ᠨᠢᠲᠤᠯᠬᠤ ᠶᠢᠨ ᠨᠡᠮᠡᠭᠳᠡᠯ ᠤᠨ ᠬᠡᠮᠵᠢᠶ᠎ᠡ︾ ᠭᠡᠳᠡᠭ ᠨᠢ ︽2022 ᠣᠨ ᠳᠤ ᠪᠣᠳᠠᠲᠠᠶ 1 ᠲᠦᠮᠡᠨ ᠬᠤᠨᠢ ᠨᠢᠲᠤᠯᠬᠤ ᠪᠠᠷ ᠰᠠᠭᠤᠷᠢ ᠲᠤᠭ᠎ᠠ ᠪᠣᠯᠭᠠᠵᠤ᠂ ᠠᠶᠢᠮᠠᠭ ᠤᠨ ᠳᠣᠲᠣᠷᠠᠬᠢ ᠠᠯᠠᠰᠢᠨ ᠬᠤᠨᠢ ᠨᠢᠲᠤᠯᠬᠤ ᠶᠢᠨ ᠠᠵᠤ ᠠᠬᠤᠶᠢᠯᠠᠯ ᠳᠤ ᠨᠢᠲᠤᠯᠬᠤ ᠶᠢᠨ ᠬᠠᠮᠲᠤ ᠪᠣᠷᠣᠯᠠᠭᠤᠯᠬᠤ ᠶᠢᠨ ᠨᠡᠮᠡᠭᠳᠡᠯ ᠤᠨ ᠬᠡᠮᠵᠢᠶ᠎ᠡ ᠪᠠᠷ ᠠᠯᠠᠰᠢᠨ ᠬᠤᠨᠢ ᠨᠢᠲᠤᠯᠬᠤ ᠶᠢ︾ ᠶᠢ ᠵᠢᠭᠠᠵᠤ ᠪᠣᠶ᠃    ︵ᠠᠷᠪᠠᠨ ᠨᠢᠭᠡ︶ 2021 ᠣᠨ ᠠᠴᠠ ᠨᠠᠰᠢ᠂ ᠬᠠᠤᠯᠢ ᠲᠣᠭᠲᠠᠭᠠᠯ ᠠᠴᠠ ᠵᠥᠷᠢᠴᠡᠭᠰᠡᠨ ᠲᠡᠮᠳᠡᠭᠯᠡᠯ ᠲᠠᠢ ᠠᠶᠢᠮᠠᠭ ᠤᠨ ᠳᠣᠲᠣᠷᠠᠬᠢ ᠦᠬᠡᠷ ᠬᠤᠨᠢ ᠨᠢᠲᠤᠯᠬᠤ  ᠴᠡᠭ ᠲᠣᠭᠲᠠᠭᠠᠭᠰᠠᠨ ᠠᠵᠤ ᠠᠬᠤᠶᠢᠯᠠᠯ ᠤᠳ ᠲᠣᠰ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠶᠢ ᠭᠥᠷᠳᠡᠵᠦ ᠪᠣᠯᠬᠤ ᠥᠬᠡᠶ᠃    ︵ᠠᠷᠪᠠᠨ ᠬᠤᠶᠠᠷ︶ ᠠᠶᠢᠮᠠᠭ ᠤᠨ ᠳᠣᠲᠣᠷᠠᠬᠢ ᠦᠬᠡᠷ ᠬᠤᠨᠢᠨ ᠤ  ᠴᠡᠭ ᠲᠣᠭᠲᠠᠭᠠᠨ ᠨᠢᠲᠤᠯᠬᠤ ᠠᠵᠤ ᠠᠬᠤᠶᠢᠯᠠᠯ ᠤᠳ ᠪᠣᠬᠢᠷ ᠪᠣᠳᠠᠰ ᠭᠠᠳᠠᠭᠰᠢᠯᠠᠭᠤᠯᠤᠭᠠᠳ ᠪᠠᠷᠢᠮᠵᠢᠶ᠎ᠠ ᠳᠤ ᠬᠦᠷᠦᠭᠰᠡᠨ ᠥᠬᠡᠶ ᠪᠠᠶᠢᠪᠠᠯ ᠲᠣᠰ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠶᠢ ᠭᠥᠷᠳᠡᠵᠦ ᠪᠣᠯᠬᠤ ᠥᠬᠡᠶ᠃    ︵ᠠᠷᠪᠠᠨ ᠭᠤᠷᠪᠠ︶ ︽ᠬᠢᠩᠭᠠᠨ ᠠᠶᠢᠮᠠᠭ ᠤᠨ ᠮᠠᠯ ᠵᠢᠭᠦᠷᠲᠡᠨ ᠢ ᠨᠢᠲᠤᠯᠬᠤ ᠠᠯᠤᠰ ᠡᠵᠡᠮᠰᠢᠯᠲᠦ  ᠸᠢᠳᠢᠤ᠋ ᠬᠡᠯᠪᠡᠷᠢ ᠪᠠᠷ ᠬᠢᠨᠠᠨ ᠡᠵᠡᠮᠳᠡᠬᠦ ᠲᠠᠪᠴᠠᠩ︾ ᠤᠨ ᠬᠢᠨᠠᠨ ᠡᠵᠡᠮᠳᠡᠬᠦ ᠲᠥᠬᠦᠭᠡᠷᠦᠮᠵᠢ ᠶᠢ ᠵᠣᠷᠢᠭᠤᠳᠠ ᠬᠠᠯᠬᠠᠯᠠᠭᠰᠠᠨ᠂ ᠴᠠᠬᠢᠯᠭᠠᠨ ᠢ ᠵᠣᠷᠢᠭᠤᠳᠠ ᠲᠠᠰᠤᠯᠤᠭᠰᠠᠨ ᠵᠡᠷᠭᠡ  ᠦᠢᠯᠡ ᠠᠵᠢᠯᠯᠠᠭ᠎ᠠ ᠲᠠᠢ ᠪᠠᠶᠢᠪᠠᠯ᠂ ᠲᠤᠬᠠᠶ ᠶᠢᠨ ᠴᠠᠭ ᠲᠤᠨᠢ ᠸᠢᠳᠢᠤ ᠬᠡᠯᠪᠡᠷᠢ  ᠪᠠᠷ ᠬᠢᠨᠠᠨ ᠡᠵᠡᠮᠳᠡᠬᠦ ᠳᠤ ᠬᠦᠷᠦᠭᠰᠡᠨ ᠥᠬᠡᠶ ᠠᠶᠢᠮᠠᠭ ᠤᠨ ᠳᠣᠲᠣᠷᠠᠬᠢ ᠦᠬᠡᠷ ᠬᠤᠨᠢ ᠶᠢ  ᠴᠡᠭ ᠲᠣᠭᠲᠠᠭᠠᠨ ᠨᠢᠲᠤᠯᠬᠤ ᠠᠵᠤ ᠠᠬᠤᠶᠢᠯᠠᠯ ᠤᠳ ᠲᠣᠰ ᠲᠥᠷᠥ ᠶᠢᠨ ᠪᠣᠳᠣᠯᠭ᠎ᠠ ᠶᠢᠨ ᠨᠠᠷᠢᠨ  ᠳᠠᠩᠰᠠ ᠶᠢ ᠭᠥᠷᠳᠡᠵᠦ ᠪᠣᠯᠬᠤ ᠥᠬᠡᠶ︔ ︽ᠬᠢᠩᠭᠠᠨ ᠠᠶᠢᠮᠠᠭ ᠤᠨ ᠮᠠᠯ ᠵᠢᠭᠦᠷᠲᠡᠨ ᠢ ᠨᠢᠲᠤᠯᠬᠤ ᠠᠯᠤᠰ ᠡᠵᠡᠮᠰᠢᠯᠲᠦ ᠸᠢᠳᠢᠤ᠋ ᠬᠡᠯᠪᠡᠷᠢ ᠪᠠᠷ ᠬᠢᠨᠠᠨ ᠡᠵᠡᠮᠳᠡᠬᠦ ᠲᠠᠪᠴᠠᠩ︾ ᠢ ᠬᠤᠯᠪᠣᠭᠰᠠᠨ ᠥᠬᠡᠶ ᠠᠶᠢᠮᠠᠭ ᠤᠨ ᠳᠣᠲᠣᠷᠠᠬᠢ ᠦᠬᠡᠷ ᠬᠤᠨᠢ ᠶᠢ ᠴᠡᠭ ᠲᠣᠭᠲᠠᠭᠠᠨ ᠨᠢᠲᠤᠯᠬᠤ ᠠᠵᠤ ᠠᠬᠤᠶᠢᠯᠠᠯ ᠤᠳ ᠲᠣᠰ ᠲᠥᠷᠥ ᠶᠢᠨ ᠪᠣᠳᠣᠯᠭ᠎ᠠ ᠶᠢᠨ ᠨᠠᠷᠢᠨ  ᠳᠠᠩᠰᠠ‌‍ᠶᠢ ᠭᠥᠷᠳᠡᠵᠦ ᠪᠣᠯᠬᠤ ᠥᠬᠡᠶ᠃    ︵ᠠᠷᠪᠠᠨ ᠳᠥᠷᠪᠡ︶ ᠣᠷᠣᠯᠠᠨ ᠨᠢᠲᠤᠯᠬᠤ ᠠᠵᠤ ᠠᠬᠤᠶᠢᠯᠠᠯ ᠤᠨ ᠨᠠᠶᠢᠳᠠᠵᠤ ᠨᠢᠲᠤᠯᠤᠭᠰᠠᠨ ︵ᠣᠷᠣᠯᠠᠨ ᠨᠢᠲᠤᠯᠤᠭᠰᠠᠨ︶ ᠦᠬᠡᠷ ᠬᠤᠨᠢᠨ ᠳᠤ ᠨᠥᠬᠦᠪᠥᠷᠢ ᠥᠭᠬᠦ ᠥᠬᠡᠶ᠃ ᠨᠠᠶᠢᠳᠠᠵᠤ ᠨᠢᠲᠤᠯᠬᠤ ︵ᠣᠷᠣᠯᠠᠨ ᠨᠢᠲᠤᠯᠬᠤ︶ ᠦᠬᠡᠷ ᠬᠤᠨᠢ ᠭᠡᠳᠡᠭ ᠨᠢ ᠠᠵᠤ ᠠᠬᠤᠶᠢᠯᠠᠯ᠂ ᠬᠤᠪᠢ ᠬᠥᠮᠦᠨ ᠵᠡᠷᠭᠡ ᠪᠠᠶᠢᠭᠠᠯᠢ ᠬᠥᠮᠦᠨ ᠤ ᠨᠠᠶᠢᠳᠠᠵᠤ ᠪᠠᠶᠢᠭᠠᠳ ᠦᠬᠡᠷ ᠬᠤᠨᠢᠨ ᠤ ᠴᠡᠭ ᠲᠣᠭᠲᠠᠭᠠᠨ ᠨᠢᠲᠤᠯᠬᠤ ᠠᠵᠤ ᠠᠬᠤᠶᠢᠯᠠᠯ ᠳᠤ ᠨᠠᠶᠢᠳᠠᠵᠤ ᠣᠷᠣᠯᠠᠨ ᠨᠢᠲᠤᠯᠬᠤ ᠦᠬᠡᠷ ᠬᠤᠨᠢ ᠶᠢ ᠵᠢᠭᠠᠵᠤ ᠪᠣᠶ᠂ ᠨᠢᠲᠤᠯᠤᠭᠰᠠᠨ ᠤ ᠳᠠᠷᠠᠭᠠᠬᠢ ᠦᠬᠡᠷ ᠬᠤᠨᠢᠨ ᠤ ᠪᠦᠲᠦᠭᠡᠭᠳᠡᠬᠦᠨ ᠪᠣᠯ ᠨᠠᠶᠢᠳᠠᠭᠰᠠᠨ ᠠᠵᠤ ᠠᠬᠤᠶᠢᠯᠠᠯ ︵ᠬᠤᠪᠢ ᠬᠥᠮᠦᠨ︶ ᠤᠨ ᠦᠬᠡᠷ ᠬᠤᠨᠢᠨ ᠤ ᠪᠦᠲᠦᠭᠡᠭᠳᠡᠬᠦᠨ ᠪᠠᠶᠢᠵᠤ᠂ ᠦᠬᠡᠷ ᠬᠤᠨᠢᠨ ᠤ ᠴᠡᠭ ᠲᠣᠭᠲᠠᠭᠠᠨ ᠨᠢᠲᠤᠯᠬᠤ ᠠᠵᠤ ᠠᠬᠤᠶᠢᠯᠠᠯ ᠳᠤ ᠬᠠᠷᠢᠶᠠᠯᠠᠭᠳᠠᠬᠤ ᠥᠬᠡᠶ᠃    ︵ᠠᠷᠪᠠᠨ ᠲᠠᠪᠤ︶ ᠲᠡᠭᠡᠭᠡᠪᠦᠷᠢ ᠶᠢᠨ ᠨᠥᠬᠦᠪᠥᠷᠢ ᠳᠤ ᠲᠡᠵᠢᠭᠡᠨ ᠦᠷᠡᠵᠢᠭᠦᠯᠬᠦ ᠡᠷᠦᠬᠡ ︵ᠲᠠᠯᠠᠪᠠᠶ᠂ ᠠᠵᠤ ᠠᠬᠤᠶᠢᠯᠠᠯ᠂ ᠬᠤᠷᠰᠢᠶ᠎ᠠ︶᠂ ᠠᠯᠠᠰᠢᠨ ᠦᠬᠡᠷ ᠠᠯᠠᠰᠢᠨ ᠬᠤᠨᠢᠨ ᠤ ᠵᠠᠭᠤᠴᠢᠯᠠᠭᠴᠢ ᠵᠡᠷᠭᠡ ᠡᠯ᠎ᠡ ᠲᠥᠷᠥᠯ ᠤᠨ ᠵᠠᠭᠤᠴᠢ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠠᠴᠠ ᠠᠶᠢᠮᠠᠭ ᠤᠨ ᠳᠣᠲᠣᠷᠠᠬᠢ ᠠᠯᠠᠵᠤ ᠨᠢᠲᠤᠯᠬᠤ ᠠᠵᠤ ᠠᠬᠤᠶᠢᠯᠠᠯ ᠳᠤ ᠠᠯᠠᠰᠢᠨ ᠦᠬᠡᠷ ᠠᠯᠠᠰᠢᠨ ᠬᠤᠨᠢᠨ ᠤ ᠲᠡᠭᠡᠭᠡᠪᠦᠷᠢ ᠶᠢᠨ ᠠᠯᠠᠰᠢᠨ ᠦᠬᠡᠷ ᠠᠯᠠᠰᠢᠨ ᠬᠤᠨᠢᠨ ᠤ ᠲᠡᠵᠢᠭᠡᠪᠦᠷᠢ᠂ ᠬᠤᠷᠣᠭᠳᠠᠯ ᠪᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠤᠷᠣᠭᠳᠠᠯ᠂ ᠰᠢᠲᠠᠭᠠᠯᠭ᠎ᠠ ᠶᠢᠨ ᠲᠣᠰᠣ ᠵᠡᠷᠭᠡ ᠲᠡᠭᠡᠭᠡᠪᠦᠷᠢ ᠶᠢᠨ ᠠᠵᠢᠯᠯᠠᠭ᠎ᠠ ᠶᠢᠨ ᠨᠥᠬᠦᠪᠥᠷᠢ ᠶᠢ ᠪᠠᠭᠲᠠᠭᠠᠨ᠎ᠠ᠃    ︵ᠠᠷᠪᠠᠨ ᠵᠢᠷᠭᠤᠭ᠎ᠠ︶ ᠲᠣᠰ ᠲᠥᠷᠥ ᠶᠢᠨ ᠪᠣᠳᠣᠯᠭ᠎ᠠ ᠶᠢᠨ ᠨᠠᠷᠢᠨ  ᠳᠠᠩᠰᠠ ᠶᠢ ᠬᠡᠷᠡᠭᠵᠢᠭᠦᠯᠬᠦ ᠴᠠᠭ ᠢ ᠨᠢᠭᠡ ᠵᠢᠯ ᠲᠤᠷᠰᠢᠨ ᠬᠡᠷᠡᠭᠵᠢᠭᠦᠯᠵᠦ᠂ ᠲᠣᠰ ᠲᠥᠷᠥ ᠶᠢᠨ ᠪᠣᠳᠣᠯᠭ᠎ᠠ ᠶᠢᠨ ᠨᠠᠷᠢᠨ  ᠳᠠᠩᠰᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠬᠦ ᠴᠠᠭ ᠢ ᠪᠤᠳᠤᠨ᠎ᠠ᠃    ︵ᠠᠷᠪᠠᠨ ᠳᠣᠯᠤᠭ᠎ᠠ︶ ᠲᠣᠰ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢᠨ ᠠᠭᠤᠯᠭ᠎ᠠ ᠶᠢ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号