| ᠨᠢᠭᠡ᠂ ᠠᠬᠤᠶ ᠪᠠᠶᠢᠳᠠᠯ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠠᠯᠠᠰᠢᠨ ᠦᠬᠡᠷ ᠠᠯᠠᠰᠢᠨ ᠬᠤᠨᠢᠨ ᠤ ᠦᠢᠯᠡᠳᠪᠦᠷᠢᠯᠡᠯ | ᠬᠥᠭᠵᠢᠯᠲᠡ ᠶᠢ ᠠᠬᠢᠭᠤᠯᠬᠤ ᠲᠠᠪᠤᠨ ᠵᠢᠯ ᠤᠨ ᠠᠵᠢᠯᠯᠠᠭᠠᠨ ᠤ ᠲᠥᠰᠦᠯ︾ ︵ᠲᠠᠷᠢᠶᠠᠯᠠᠩ ᠮᠠᠯ ᠠᠵᠤ ᠠᠬᠤᠶ | ᠲᠠᠷᠬᠠᠭᠠᠭᠰᠠᠨ ︹ 2021 ︺ 10 ᠳ᠋ᠤᠭᠠᠷ ᠲᠣᠭᠠᠲᠤ︶ ᠢ ᠦᠨᠳᠦᠰᠦᠯᠡᠨ᠂ ᠣᠨᠴᠠᠭᠠᠶᠢᠯᠠᠨ ︽2022 | ᠣᠨ ᠳᠤ ᠬᠢᠩᠭᠠᠨ ᠠᠶᠢᠮᠠᠭ ᠤᠨ ᠠᠯᠠᠰᠢᠨ ᠦᠬᠡᠷ ᠠᠯᠠᠰᠢᠨ ᠬᠤᠨᠢᠨ ᠤ ᠨᠢᠲᠤᠯᠬᠤ ᠴᠢᠳᠠᠪᠤᠷᠢ ᠶᠢ ᠳᠡᠭᠡᠭᠰᠢᠯᠡᠭᠦᠯᠬᠦ | ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠪᠠ᠃ ᠡᠬᠡ ᠪᠢᠴᠢᠭ ᠢ | ᠲᠤᠭᠤᠷᠪᠢᠬᠤ ᠶᠠᠪᠤᠴᠠ ᠳᠤ ᠪᠢᠳᠡ ᠭᠢᠷᠢᠨ ᠮᠤᠵᠢ ᠶᠢᠨ ᠢᠦ᠋ᠢᠱᠤ ᠬᠤᠲᠠ᠂ ᠬᠥᠯᠥᠨ ᠪᠤᠶᠢᠷ ᠬᠤᠲᠠ ᠶᠢᠨ ᠠᠷᠤᠨ | ᠬᠤᠰᠢᠭᠤ᠂ ᠰᠢᠯᠢ ᠶᠢᠨ ᠭᠤᠣᠯ ᠠᠶᠢᠮᠠᠭ ᠤᠨ ᠰᠦᠨᠢᠳ ᠵᠡᠭᠦᠨ ᠬᠤᠰᠢᠭᠤᠨ ᠤ ᠠᠯᠠᠰᠢᠨ ᠦᠬᠡᠷ ᠠᠯᠠᠰᠢᠨ ᠬᠤᠨᠢ ᠶᠢ | ᠱᠠᠩᠨᠠᠬᠤ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠠᠶ᠃ | ᠬᠤᠶᠠᠷ᠂ ᠳᠡᠮᠵᠢᠬᠦ ᠬᠡᠪᠴᠢᠶ᠎ᠡ ᠪᠠ ᠵᠠᠷᠴᠢᠮ | ︵ᠨᠢᠭᠡ︶ 2022 ᠣᠨ ᠳᠤ ᠡᠳ᠋ ᠤᠨ ᠵᠠᠰᠠᠭ ᠤᠨ ᠲᠤᠰᠬᠠᠶ ᠪᠠᠯᠠ ᠮᠥᠩᠭᠦ ᠶᠢ ᠳᠣᠭᠢᠷᠠᠭᠤᠯᠵᠤ᠂ ᠠᠯᠠᠰᠢᠨ | ᠦᠬᠡᠷ ᠪᠣᠷᠳᠣᠬᠤ ᠴᠢᠳᠠᠪᠤᠷᠢ ᠪᠠ ᠠᠯᠠᠰᠢᠨ ᠦᠬᠡᠷ ᠠᠯᠠᠰᠢᠨ ᠬᠤᠨᠢᠨ ᠤ ᠪᠣᠳᠠᠲᠠᠶ ᠨᠢᠲᠤᠯᠬᠤ ᠴᠢᠳᠠᠪᠤᠷᠢ ᠶᠢ | ᠳᠡᠭᠡᠭᠰᠢᠯᠡᠭᠦᠯᠬᠦ ᠶᠢ ᠳᠡᠮᠵᠢᠵᠦ᠂ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠶᠢ | ᠠᠬᠢᠭᠤᠯᠤᠨ᠎ᠠ᠃ ᠪᠡᠯᠡ ᠮᠥᠩᠭᠦ ᠳᠤ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠲᠤᠰᠬᠠᠶ ᠵᠣᠭᠤᠰ ᠢ | ᠲᠤᠰᠬᠠᠶ ᠵᠦᠢᠯ ᠳᠤ ᠬᠡᠷᠡᠭᠯᠡᠨ᠎ᠡ᠃ | ︵ᠬᠤᠶᠠᠷ︶ ᠨᠢᠲᠤᠯᠬᠤ ᠠᠵᠤ ᠠᠬᠤᠶᠢᠯᠠᠯ ᠤᠨ ᠨᠢᠲᠤᠯᠵᠤ ᠡᠳ᠋ᠰᠢᠭᠦᠯᠬᠦ ᠠᠵᠢᠯ ᠨᠢ ᠡᠷᠬᠡᠪᠰᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠨᠢᠲᠤᠯᠬᠤ ᠬᠠᠮᠢᠶᠠᠷᠤᠯᠲᠠ ᠶᠢᠨ ᠠᠷᠭ᠎ᠠ︾ ᠶᠢᠨ | ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠵᠢᠴᠢ ᠡᠯ᠎ᠡ ᠵᠦᠢᠯ ᠤᠨ ᠠᠵᠢᠯᠯᠠᠬᠤ ᠲᠦᠷᠢᠮ ᠳᠤ | ᠨᠡᠶᠢᠴᠡᠭᠰᠡᠨ ᠪᠠᠶᠢᠬᠤ ᠬᠡᠷᠡᠭᠲᠡᠶ᠃ | ︵ᠭᠤᠷᠪᠠ︶ ᠠᠶᠢᠮᠠᠭ ᠤᠨ ᠳᠣᠲᠣᠭᠠᠳᠤ ᠳᠤ ᠪᠦᠷᠢᠳᠬᠡᠨ ᠳᠠᠩᠰᠠᠯᠠᠭᠤᠯᠤᠭᠰᠠᠨ ᠦᠬᠡᠷ ᠬᠤᠨᠢᠨ ᠤ ᠴᠡᠭ | ᠲᠣᠭᠲᠠᠭᠠᠨ ᠨᠢᠲᠤᠯᠬᠤ ᠠᠵᠤ ᠠᠬᠤᠶᠢᠯᠠᠯ᠂ ᠲᠡᠵᠢᠭᠡᠨ ᠦᠷᠡᠵᠢᠭᠦᠯᠬᠦ ᠡᠷᠦᠬᠡ ︵ᠲᠠᠯᠠᠪᠠᠶ᠂ ᠠᠵᠤ ᠠᠬᠤᠶᠢᠯᠠᠯ᠂ | ᠬᠤᠷᠰᠢᠶ᠎ᠠ︶᠂ ᠠᠯᠠᠰᠢᠨ ᠦᠬᠡᠷ ᠠᠯᠠᠰᠢᠨ ᠬᠤᠨᠢᠨ ᠤ ᠵᠠᠭᠤᠴᠢᠯᠠᠭᠴᠢ ᠪᠦᠬᠦᠨ ᠢ ᠴᠥᠮ ᠲᠣᠰ ᠲᠥᠷᠥ ᠶᠢᠨ | ᠪᠣᠳᠣᠯᠭ᠎ᠠ ᠶᠢᠨ ᠳᠡᠮᠵᠢᠬᠦ ᠬᠡᠪᠴᠢᠶᠡᠨ ᠳᠤ ᠣᠷᠣᠭᠤᠯᠤᠨ᠎ᠠ᠃ | ︵ᠳᠥᠷᠪᠡ︶ ᠠᠶᠢᠮᠠᠭ ᠤᠨ ᠳᠣᠲᠣᠷᠠᠬᠢ ᠦᠬᠡᠷ ᠬᠤᠨᠢᠨ ᠤ ᠴᠡᠭ ᠲᠣᠭᠲᠠᠭᠠᠨ ᠠᠯᠠᠵᠤ ᠨᠢᠲᠤᠯᠬᠤ ᠠᠵᠤ | ᠠᠬᠤᠶᠢᠯᠠᠯ ᠤᠳ ᠪᠣᠬᠢᠷ ᠪᠣᠳᠠᠰ ᠭᠠᠳᠠᠭᠰᠢᠯᠠᠭᠤᠯᠤᠭᠠᠳ ᠪᠠᠷᠢᠮᠵᠢᠶ᠎ᠠ ᠳᠤ ᠬᠦᠷᠦᠭᠰᠡᠨ ᠥᠬᠡᠶ ᠪᠠᠶᠢᠪᠠᠯ ᠲᠣᠰ | ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠬᠤ ᠥᠬᠡᠶ᠃ | ︵ᠲᠠᠪᠤ︶ 2021 ᠣᠨ ᠠᠴᠠ ᠨᠠᠰᠢ᠂ ᠬᠠᠤᠯᠢ ᠲᠣᠭᠲᠠᠭᠠᠯ ᠠᠴᠠ ᠵᠥᠷᠢᠴᠡᠭᠰᠡᠨ ᠲᠡᠮᠳᠡᠭᠯᠡᠯ ᠲᠠᠢ ᠠᠶᠢᠮᠠᠭ ᠤᠨ | ᠳᠣᠲᠣᠷᠠᠬᠢ ᠦᠬᠡᠷ ᠬᠤᠨᠢ ᠨᠢᠲᠤᠯᠬᠤ ᠴᠡᠭ ᠲᠣᠭᠲᠠᠭᠠᠭᠰᠠᠨ ᠠᠵᠤ ᠠᠬᠤᠶᠢᠯᠠᠯ ᠤᠳ ᠲᠣᠰ ︽ᠲᠥᠷᠥ ᠶᠢᠨ | ᠪᠣᠳᠣᠯᠭ᠎ᠠ ᠶᠢᠨ ᠨᠠᠷᠢᠨ ᠲᠠᠩᠰᠠ︾ ᠶᠢ ᠭᠥᠷᠳᠡᠵᠦ ᠪᠣᠯᠬᠤ ᠥᠬᠡᠶ᠃ | ︵ᠵᠢᠷᠭᠤᠭ᠎ᠠ︶ ︽ᠬᠢᠩᠭᠠᠨ ᠠᠶᠢᠮᠠᠭ ᠤᠨ ᠮᠠᠯ ᠵᠢᠭᠦᠷᠲᠡᠨ ᠢ ᠨᠢᠲᠤᠯᠬᠤ ᠸᠢᠳᠢᠤ᠋ ᠬᠡᠯᠡᠭᠡᠷᠡᠢ ᠪᠠᠷ ᠬᠢᠨᠠᠨ ᠡᠵᠡᠮᠳᠡᠬᠦ | ᠲᠠᠪᠴᠠᠩ︾ ᠢ ᠵᠣᠷᠢᠭᠤᠳᠠ ᠬᠠᠯᠬᠠᠯᠠᠭᠰᠠᠨ ᠲᠤᠬᠠᠶ ᠶᠢᠨ ᠴᠠᠭ ᠤᠨ ᠸᠢᠳᠢᠤ᠋ ᠬᠡᠯᠪᠡᠷᠢ ᠪᠠᠷ ᠬᠢᠨᠠᠨ ᠡᠵᠡᠮᠳᠡᠬᠦ | ᠲᠥᠬᠦᠭᠡᠷᠦᠮᠵᠢ᠂ ᠴᠠᠬᠢᠯᠭᠠᠨ ᠢ ᠵᠣᠷᠢᠭᠤᠳᠠ ᠲᠠᠰᠤᠯᠤᠭᠰᠠᠨ ᠵᠡᠷᠭᠡ ᠦᠢᠯᠡ ᠠᠵᠢᠯᠯᠠᠭ᠎ᠠ ᠲᠠᠢ ᠪᠠᠶᠢᠵᠤ᠂ ᠲᠤᠬᠠᠶ ᠶᠢᠨ | ᠴᠠᠭ ᠤᠨ ᠸᠢᠳᠢᠤ᠋ ᠬᠡᠯᠪᠡᠷᠢ ᠪᠠᠷ ᠬᠢᠨᠠᠨ ᠡᠵᠡᠮᠳᠡᠬᠦ ᠳᠤ ᠬᠦᠷᠦᠭᠰᠡᠨ ᠥᠬᠡᠶ ᠠᠶᠢᠮᠠᠭ ᠤᠨ ᠳᠣᠲᠣᠷᠠᠬᠢ ᠦᠬᠡᠷ ᠬᠤᠨᠢ ᠶᠢ | ᠴᠡᠭ ᠲᠣᠭᠲᠠᠭᠠᠨ ᠨᠢᠲᠤᠯᠬᠤ ᠠᠵᠤ ᠠᠬᠤᠶᠢᠯᠠᠯ ᠤᠳ ᠲᠣᠰ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠬᠤ ᠥᠬᠡᠶ︔ | ᠡᠰᠡᠬᠦᠯ᠎ᠡ ︽ᠬᠢᠩᠭᠠᠨ ᠠᠶᠢᠮᠠᠭ ᠤᠨ ᠮᠠᠯ ᠵᠢᠭᠦᠷᠲᠡᠨ ᠢ ᠨᠢᠲᠤᠯᠬᠤ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠪᠠᠷ | ᠬᠢᠨᠠᠨ ᠡᠵᠡᠮᠳᠡᠬᠦ ᠲᠠᠪᠴᠠᠩ︾ ᠢ ᠬᠤᠯᠪᠣᠭᠰᠠᠨ ᠥᠬᠡᠶ ᠠᠶᠢᠮᠠᠭ ᠤᠨ ᠳᠣᠲᠣᠷᠠᠬᠢ ᠦᠬᠡᠷ ᠬᠤᠨᠢᠨ ᠤ ᠴᠡᠭ | ᠲᠣᠭᠲᠠᠭᠠᠨ ᠨᠢᠲᠤᠯᠬᠤ ᠠᠵᠤ ᠠᠬᠤᠶᠢᠯᠠᠯ ᠤᠳ ᠲᠣᠰ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠬᠤ ᠥᠬᠡᠶ᠃ | ︵ᠳᠣᠯᠤᠭ᠎ᠠ︶ ᠨᠢᠲᠤᠯᠵᠤ ᠡᠳ᠋ᠰᠢᠭᠦᠯᠦᠭᠰᠡᠨ ᠠᠯᠠᠰᠢᠨ ᠦᠬᠡᠷ᠂ ᠠᠯᠠᠰᠢᠨ ᠬᠤᠨᠢ ᠶᠢ ᠡᠷᠬᠡᠪᠰᠢ ᠠᠶᠢᠮᠠᠭ ᠤᠨ | ᠳᠣᠲᠣᠷᠠᠬᠢ ᠦᠬᠡᠷ ᠬᠤᠨᠢᠨ ᠤ ᠲᠣᠭᠲᠠᠭᠰᠠᠨ ᠴᠡᠭ ᠪᠥᠬᠦᠶ ᠨᠢᠲᠤᠯᠬᠤ ᠠᠵᠤ ᠠᠬᠤᠶᠢᠯᠠᠯ ᠳᠤ ᠨᠢᠲᠤᠯᠵᠤ | ᠡᠳ᠋ᠰᠢᠭᠦᠯᠬᠦ ᠶᠢᠨ ᠬᠠᠮᠲᠤ ᠲᠣᠰ ᠠᠵᠤ ᠠᠬᠤᠶᠢᠯᠠᠯ ᠤᠨ ᠦᠢᠯᠡᠳᠭᠦᠨ ᠤ ᠨᠡᠷ᠎ᠡ ᠪᠠᠷ ᠬᠤᠳᠠᠯᠳᠤᠬᠤ ᠬᠡᠷᠡᠭᠲᠡᠶ᠂ ᠡᠰᠡ | ᠲᠡᠭᠡᠪᠡᠯ ᠲᠣᠰ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠬᠤ ᠥᠬᠡᠶ᠃ | ︵ ᠨᠠᠢᠮᠠ︶ ᠣᠷᠣᠯᠠᠨ ᠨᠢᠲᠤᠯᠬᠤ ᠠᠵᠤ ᠠᠬᠤᠶᠢᠯᠠᠯ ᠤᠨ ᠨᠠᠶᠢᠳᠠᠵᠤ ᠨᠢᠲᠤᠯᠤᠭᠰᠠᠨ ︵ᠣᠷᠣᠯᠠᠨ ᠨᠢᠲᠤᠯᠤᠭᠰᠠᠨ | ︶ ᠦᠬᠡᠷ ᠬᠤᠨᠢᠨ ᠳᠤ ᠨᠥᠬᠦᠪᠥᠷᠢ ᠥᠭᠬᠦ ᠥᠬᠡᠶ᠃ | ᠭᠤᠷᠪᠠ᠂ ᠭᠤᠣᠯ ᠠᠭᠤᠯᠭ᠎ᠠ | ︵ᠨᠢᠭᠡ︶ ᠠᠯᠠᠰᠢᠨ ᠦᠬᠡᠷ ᠤᠨ ᠪᠣᠷᠳᠣᠵᠤ ᠲᠠᠷᠭᠤᠯᠠᠭᠤᠯᠬᠤ ᠵᠠᠩᠭᠢᠯᠠᠭ᠎ᠠ ᠶᠢᠨ ᠱᠠᠩᠨᠠᠬᠤ ᠲᠥᠷᠥ ᠶᠢᠨ | ᠪᠣᠳᠣᠯᠭ᠎ᠠ᠃ | 1. ᠠᠶᠢᠮᠠᠭ ᠤᠨ ᠳᠣᠲᠣᠷᠠᠬᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ ︵ᠲᠠᠯᠠᠪᠠᠶ᠂ ᠠᠵᠤ ᠠᠬᠤᠶᠢᠯᠠᠯ︶ | ᠨᠢ ᠵᠢᠯ ᠳᠤ 50 ᠲᠣᠯᠣᠭᠠᠶ ︵50 ᠲᠣᠯᠣᠭᠠᠶ ᠪᠠᠭᠲᠠᠨ᠎ᠠ︶ ᠠᠴᠠ ᠳᠡᠭᠡᠭᠰᠢ ᠪᠣᠷᠳᠣᠵᠤ ᠲᠠᠷᠭᠤᠯᠠᠭᠤᠯᠬᠤ ᠦᠬᠡᠷ ᠢ | ᠪᠣᠷᠣᠯᠠᠭᠤᠯᠬᠤ ᠶᠢᠨ ᠬᠠᠮᠲᠤ ᠠᠶᠢᠮᠠᠭ ᠤᠨ ᠳᠣᠲᠣᠷᠠᠬᠢ ᠠᠯᠠᠰᠢᠨ ᠦᠬᠡᠷ ᠨᠢᠲᠤᠯᠬᠤ ᠠᠵᠤ ᠠᠬᠤᠶᠢᠯᠠᠯ ᠳᠤ ᠬᠦᠷᠭᠡᠵᠦ | ᠨᠢᠲᠤᠯᠵᠤ ᠡᠳ᠋ᠰᠢᠭᠦᠯᠦᠭᠰᠡᠨ ᠪᠠᠶᠢᠪᠠᠯ᠂ ᠪᠣᠷᠳᠣᠵᠤ ᠲᠠᠷᠭᠤᠯᠠᠭᠤᠯᠬᠤ ᠦᠬᠡᠷ ᠨᠢᠭᠡᠪᠦᠷᠢ ᠳᠤ 200 ᠲᠥᠭᠦᠷᠢᠭ ᠤᠨ | ᠨᠥᠬᠦᠪᠥᠷᠢ ᠣᠯᠭᠤᠨ᠎ᠠ᠃ ᠭᠠᠷᠭᠠᠯᠲᠠ ᠳᠤ ᠭᠠᠷᠭᠠᠭᠰᠠᠨ ᠪᠣᠷᠳᠣᠵᠤ ᠲᠠᠷᠭᠤᠯᠠᠭᠤᠯᠬᠤ ᠦᠬᠡᠷ ᠢ ᠡᠷᠬᠡᠪᠰᠢ ᠲᠤᠰ | ᠲᠡᠵᠢᠭᠡᠨ ᠦᠷᠡᠵᠢᠭᠦᠯᠬᠦ ᠲᠠᠯᠠᠪᠠᠢ ᠳᠤ 4 ᠰᠠᠷ᠎ᠠ ᠠᠴᠠ ᠳᠡᠭᠡᠭᠰᠢ ᠪᠣᠷᠳᠣᠵᠤ ᠲᠠᠷᠭᠤᠯᠠᠭᠤᠯᠬᠤ ᠬᠡᠷᠡᠭᠲᠡᠶ᠃ | ︵ᠬᠤᠶᠠᠷ︶ ᠠᠯᠠᠰᠢᠨ ᠦᠬᠡᠷ ᠨᠢᠲᠤᠯᠬᠤ ᠶᠢ ᠱᠠᠩᠨᠠᠬᠤ ᠲᠥᠷᠥ ᠶᠢᠨ ᠪᠣᠳᠣᠯᠭ᠎ᠠ᠃ | 2. ᠣᠨ ᠤ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠶᠢ 10000 — 19999 ᠳᠤ ᠬᠦᠷᠦᠭᠦᠯᠦᠭᠰᠡᠨ | ᠠᠯᠠᠰᠢᠨ ᠦᠬᠡᠷ ᠨᠢᠲᠤᠯᠬᠤ ᠡᠭᠦᠷᠭᠡ ᠶᠢ ᠪᠡᠶᠡᠯᠡᠭᠦᠯᠦᠭᠰᠡᠨ ᠦᠶ᠎ᠡ ᠳᠤ᠂ 300 ᠲᠥᠭᠦᠷᠢᠭ / ᠲᠣᠯᠣᠭᠠᠶ ᠶᠢᠨ | ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ | 3. ᠣᠨ ᠤ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠶᠢ 20000 — 29999 ᠳᠤ ᠬᠦᠷᠦᠭᠦᠯᠦᠭᠰᠡᠨ | ᠠᠯᠠᠰᠢᠨ ᠦᠬᠡᠷ ᠨᠢᠲᠤᠯᠬᠤ ᠡᠭᠦᠷᠭᠡ ᠶᠢ ᠪᠡᠶᠡᠯᠡᠭᠦᠯᠬᠦ ᠳᠤ᠂ ᠲᠣᠯᠣᠭᠠᠶ ᠪᠦᠷᠢ ᠳᠤ 500 ᠲᠥᠭᠦᠷᠢᠭ ᠤᠨ | ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ | 4.ᠣᠨ ᠤ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠶᠢ 30000 ᠲᠣᠯᠣᠭᠠᠶ ᠠᠴᠠ ᠳᠡᠭᠡᠭᠰᠢ ᠳᠤ | ᠬᠦᠷᠦᠭᠦᠯᠦᠭᠰᠡᠨ ᠠᠯᠠᠰᠢᠨ ᠦᠬᠡᠷ ᠨᠢᠲᠤᠯᠬᠤ ᠡᠭᠦᠷᠭᠡ ᠶᠢ ᠪᠡᠶᠡᠯᠡᠭᠦᠯᠬᠦ ᠳᠤ᠂ 600 ᠲᠥᠭᠦᠷᠢᠭ / ᠲᠣᠯᠣᠭᠠᠶ ᠶᠢᠨ | ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃ | 5. ᠡᠯ᠎ᠡ ᠲᠥᠷᠥᠯ ᠤᠨ ᠵᠠᠭᠤᠴᠢ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠠᠴᠠ ᠠᠶᠢᠮᠠᠭ ᠤᠨ | ᠳᠣᠲᠣᠭᠠᠳᠤ ᠶᠢᠨ ᠠᠯᠠᠵᠤ ᠨᠢᠲᠤᠯᠬᠤ ᠠᠵᠤ ᠠᠬᠤᠶᠢᠯᠠᠯ ᠳᠤ ᠠᠯᠠᠰᠢᠨ ᠦᠬᠡᠷ ᠬᠦᠷᠭᠡᠵᠦ ᠥᠭᠬᠦ ᠳᠤ᠂ 100 | ᠲᠥᠭᠦᠷᠢᠭ / ᠲᠣᠯᠣᠭᠠᠶ ᠶᠢᠨ ᠪᠠᠷᠢᠮᠵᠢᠶ᠎ᠠ ᠪᠠᠷ ᠲᠡᠭᠡᠭᠡᠪᠦᠷᠢ ᠶᠢᠨ ᠨᠥᠬᠦᠪᠥᠷᠢ ᠣᠯᠭᠤᠨ᠎ᠠ᠃ | ︵ᠭᠤᠷᠪᠠ︶ ᠠᠯᠠᠰᠢᠨ ᠬᠤᠨᠢ ᠨᠢᠲᠤᠯᠬᠤ ᠶᠢ ᠱᠠᠩᠨᠠᠬᠤ ᠲᠥᠷᠥ ᠶᠢᠨ ᠪᠣᠳᠣᠯᠭ᠎ᠠ᠃ | 6. ᠵᠢᠯ ᠤᠨ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠨᠢ 10000 — 19999 ᠳᠤ ᠬᠦᠷᠦᠭᠰᠡᠨ ᠬᠤᠨᠢ | ᠨᠢᠲᠤᠯᠬᠤ ᠠᠵᠤ ᠠᠬᠤᠶᠢᠯᠠᠯ ᠳᠤ 10 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ ᠃ | 7. ᠵᠢᠯ ᠤᠨ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠨᠢ 20000 — 29999 ᠬᠤᠨᠢ ᠨᠢᠲᠤᠯᠬᠤ ᠠᠵᠤ | ᠠᠬᠤᠶᠢᠯᠠᠯ ᠳᠤ 15 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ ᠃ | 8. ᠵᠢᠯ ᠤᠨ ᠪᠣᠳᠠᠲᠠᠶ ᠨᠢᠲᠤᠯᠬᠤ ᠨᠡᠮᠡᠭᠳᠡᠯ ᠤᠨ ᠬᠡᠮᠵᠢᠶ᠎ᠡ ᠨᠢ 30000 ᠲᠣᠯᠣᠭᠠᠶ ᠠᠴᠠ ᠳᠡᠭᠡᠭᠰᠢ ᠳᠤ ᠬᠦᠷᠦᠭᠰᠡᠨ | ᠬᠤᠨᠢ ᠨᠢᠲᠤᠯᠬᠤ ᠠᠵᠤ ᠠᠬᠤᠶᠢᠯᠠᠯ ᠳᠤ 20 ᠲᠥᠭᠦᠷᠢᠭ \ ᠲᠣᠯᠣᠭᠠᠶ ᠶᠢᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ ᠃ | | 9. ᠡᠯ᠎ᠡ ᠲᠥᠷᠥᠯ ᠤᠨ ᠵᠠᠭᠤᠴᠢ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠠᠴᠠ ᠠᠶᠢᠮᠠᠭ ᠤᠨ | ᠳᠣᠲᠣᠭᠠᠳᠤ ᠶᠢᠨ ᠠᠯᠠᠵᠤ ᠨᠢᠲᠤᠯᠬᠤ ᠠᠵᠤ ᠠᠬᠤᠶᠢᠯᠠᠯ ᠳᠤ ᠠᠯᠠᠰᠢᠨ ᠬᠤᠨᠢ ᠬᠦᠷᠭᠡᠬᠦ ᠳᠤ 5 ᠲᠥᠭᠦᠷᠢᠭ ᠤᠨ | ᠪᠠᠷᠢᠮᠵᠢᠶ᠎ᠠ ᠪᠠᠷ ᠲᠡᠭᠡᠭᠡᠪᠦᠷᠢ ᠶᠢᠨ ᠨᠥᠬᠦᠪᠥᠷᠢ ᠣᠯᠭᠤᠨ᠎ᠠ᠃ | ᠲᠦᠷᠪᠡ᠂ ᠬᠤᠯᠪᠣᠭᠳᠠᠯ ᠪᠦᠬᠦᠢ ᠨᠡᠷ᠎ᠡ ᠦᠭᠡ ᠶᠢᠨ ᠲᠠᠶᠢᠯᠪᠤᠷᠢᠯᠠᠯᠲᠠ | ︵ᠨᠢᠭᠡ︶ ᠲᠣᠰ ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠶᠢᠨ ᠨᠢᠭᠡᠳᠦᠭᠡᠷ ᠵᠦᠢᠯ ᠳᠤ᠂ | ᠭᠠᠷᠭᠠᠭᠰᠠᠨ ᠪᠣᠷᠳᠣᠵᠤ ᠲᠠᠷᠭᠤᠯᠠᠭᠤᠯᠬᠤ ᠦᠬᠡᠷ ᠢ ᠡᠷᠬᠡᠪᠰᠢ ᠲᠣᠰ ᠲᠡᠵᠢᠭᠡᠨ ᠦᠷᠡᠵᠢᠭᠦᠯᠬᠦ ᠲᠠᠯᠠᠪᠠᠶ ᠳᠤ 4 | ᠰᠠᠷ᠎ᠠ ᠠᠴᠠ ᠳᠡᠭᠡᠭᠰᠢ ᠪᠣᠷᠳᠣᠵᠤ ᠲᠠᠷᠭᠤᠯᠠᠭᠤᠯᠬᠤ ᠬᠡᠷᠡᠭᠲᠡᠶ᠃ | ︵ᠬᠤᠶᠠᠷ︶ ᠲᠣᠰ ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠶᠢᠨ ᠨᠢᠭᠡᠳᠦᠭᠡᠷ ᠵᠦᠢᠯ᠂ ᠲᠠᠪᠤᠳᠤᠭᠠᠷ | ᠵᠦᠢᠯ ᠳᠤ ᠵᠡᠷᠭᠡᠪᠡᠷ ᠨᠡᠶᠢᠴᠡᠪᠡᠯ᠂ ᠨᠡᠶᠢᠯᠡᠭᠦᠯᠦᠨ ᠬᠡᠷᠡᠭᠵᠢᠭᠦᠯᠵᠦ ᠪᠣᠯᠤᠨ᠎ᠠ᠃ | ︵ᠭᠤᠷᠪᠠ︶ ᠲᠣᠰ ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠶᠢᠨ ᠳᠣᠲᠣᠷᠠᠬᠢ ︽ᠳᠡᠭᠡᠭᠰᠢ︾ ᠳᠤ | ᠲᠣᠰ ᠲᠤᠭ᠎ᠠ ᠶᠢ ᠪᠠᠭᠲᠠᠭᠠᠨ᠎ᠠ᠃ | ︵ᠳᠥᠷᠪᠡ︶ ᠲᠣᠰ ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠳᠠᠬᠢ ︽ᠠᠯᠠᠰᠢᠨ ᠦᠬᠡᠷ ᠨᠢᠲᠤᠯᠬᠤ | ᠨᠡᠮᠡᠭᠳᠡᠯ ᠤᠨ ᠬᠡᠮᠵᠢᠶ᠎ᠡ︾ ᠭᠡᠳᠡᠭ ᠨᠢ ︽2021 ᠣᠨ ᠤ ᠪᠣᠳᠠᠲᠠᠶ ᠨᠢᠲᠤᠯᠬᠤ ᠲᠤᠭ᠎ᠠ ᠬᠡᠮᠵᠢᠶ᠎ᠡ ᠪᠠᠷ ᠰᠠᠭᠤᠷᠢ | ᠲᠤᠭ᠎ᠠ ᠪᠣᠯᠭᠠᠵᠤ᠂ ᠠᠶᠢᠮᠠᠭ ᠤᠨ ᠳᠣᠲᠣᠷᠠᠬᠢ ᠨᠢᠲᠤᠯᠬᠤ ᠠᠵᠤ ᠠᠬᠤᠶᠢᠯᠠᠯ ᠳᠤ ᠨᠢᠲᠤᠯᠵᠤ ᠡᠳ᠋ᠰᠢᠭᠦᠯᠬᠦ ᠶᠢᠨ ᠬᠠᠮᠲᠤ | ᠪᠣᠷᠣᠯᠠᠭᠤᠯᠤᠭᠰᠠᠨ ᠨᠡᠮᠡᠭᠳᠡᠯ ᠤᠨ ᠬᠡᠮᠵᠢᠶ᠎ᠡ ᠪᠠᠷ ᠠᠯᠠᠰᠢᠨ ᠦᠬᠡᠷ ᠨᠢᠲᠤᠯᠬᠤ︾ ᠶᠢ ᠵᠢᠭᠠᠵᠤ ᠪᠣᠶ᠃ | ︵ᠲᠠᠪᠤ︶ ᠲᠣᠰ ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠳᠠᠬᠢ ︽ᠠᠯᠠᠰᠢᠨ ᠬᠤᠨᠢ ᠨᠢᠲᠤᠯᠬᠤ ᠶᠢᠨ | ᠨᠡᠮᠡᠭᠳᠡᠯ ᠤᠨ ᠬᠡᠮᠵᠢᠶ᠎ᠡ︾ ᠭᠡᠳᠡᠭ ᠨᠢ ︽2022 ᠣᠨ ᠳᠤ ᠪᠣᠳᠠᠲᠠᠶ 1 ᠲᠦᠮᠡᠨ ᠬᠤᠨᠢ ᠨᠢᠲᠤᠯᠬᠤ ᠪᠠᠷ ᠰᠠᠭᠤᠷᠢ | ᠲᠤᠭ᠎ᠠ ᠪᠣᠯᠭᠠᠵᠤ᠂ ᠠᠶᠢᠮᠠᠭ ᠤᠨ ᠳᠣᠲᠣᠷᠠᠬᠢ ᠠᠯᠠᠰᠢᠨ ᠠᠵᠤ ᠠᠬᠤᠶᠢᠯᠠᠯ ᠳᠤ ᠨᠢᠲᠤᠯᠬᠤ ᠶᠢᠨ ᠬᠠᠮᠲᠤ | ᠪᠣᠷᠣᠯᠠᠭᠤᠯᠬᠤ ᠶᠢᠨ ᠨᠡᠮᠡᠭᠳᠡᠯ ᠤᠨ ᠬᠡᠮᠵᠢᠶ᠎ᠡ ᠪᠠᠷ ᠠᠯᠠᠰᠢᠨ ᠮᠢᠬ᠎ᠠ ᠲᠡᠵᠢᠭᠡᠬᠦ︾ ᠶᠢ ᠵᠢᠭᠠᠵᠤ ᠪᠣᠶ᠃ | ︵ᠵᠢᠷᠭᠤᠭ᠎ᠠ︶ ᠨᠠᠶᠢᠳᠠᠯᠭ᠎ᠠ ᠪᠠᠷ ᠦᠬᠡᠷ ᠬᠤᠨᠢ ᠨᠢᠲᠤᠯᠬᠤ ︵ᠣᠷᠣᠯᠠᠨ ᠨᠢᠲᠤᠯᠬᠤ︶ ᠭᠡᠳᠡᠭ ᠨᠢ ᠠᠵᠤ | ᠠᠬᠤᠶᠢᠯᠠᠯ᠂ ᠬᠤᠪᠢ ᠬᠥᠮᠦᠨ ᠵᠡᠷᠭᠡ ᠪᠠᠶᠢᠭᠠᠯᠢ ᠬᠥᠮᠦᠨ ᠤᠨᠠᠶᠢᠳᠠᠯᠭᠠ ᠪᠠᠷ ᠦᠬᠡᠷ ᠬᠤᠨᠢ ᠨᠢᠲᠤᠯᠬᠤ ᠴᠡᠭ | ᠲᠣᠭᠲᠠᠭᠠᠭᠰᠠᠨ ᠠᠵᠤ ᠠᠬᠤᠶᠢᠯᠠᠯ ᠳᠤ ᠨᠠᠶᠢᠳᠠᠵᠤ ᠣᠷᠣᠯᠠᠨ ᠨᠢᠲᠤᠯᠤᠭᠤᠯᠤᠭᠰᠠᠨ ᠦᠬᠡᠷ ᠬᠤᠨᠢ ᠶᠢ ᠵᠢᠭᠠᠵᠤ ᠪᠤᠢ᠂ | ᠨᠢᠲᠤᠯᠤᠭᠰᠠᠨ ᠤ ᠳᠠᠷᠠᠭᠠᠬᠢ ᠦᠬᠡᠷ ᠬᠤᠨᠢᠨ ᠤ ᠪᠦᠲᠦᠭᠡᠭᠳᠡᠬᠦᠨ ᠪᠣᠯ ᠠᠵᠤ ᠠᠬᠤᠶᠢᠯᠠᠯ᠂ ᠬᠤᠪᠢ ᠬᠥᠮᠦᠨ ᠵᠡᠷᠭᠡ | ᠪᠠᠶᠢᠭᠠᠯᠢ ᠬᠥᠮᠦᠨ ᠤ ᠦᠬᠡᠷ ᠬᠤᠨᠢᠨ ᠤ ᠪᠦᠲᠦᠭᠡᠭᠳᠡᠬᠦᠨ ᠪᠣᠯᠤᠨ᠎ᠠ᠂ ᠦᠬᠡᠷ ᠬᠤᠨᠢᠨ ᠤ ᠴᠡᠭ ᠲᠣᠭᠲᠠᠭᠠᠭᠰᠠᠨ | ᠨᠢᠲᠤᠯᠬᠤ ᠠᠵᠤ ᠠᠬᠤᠶᠢᠯᠠᠯ ᠤᠨ ᠦᠬᠡᠷ ᠬᠤᠨᠢᠨ ᠤ ᠪᠦᠲᠦᠭᠡᠭᠳᠡᠬᠦᠨ ᠳᠤ ᠬᠠᠷᠢᠶᠠᠯᠠᠭᠳᠠᠬᠤ ᠥᠭᠡᠢ᠃ | ᠲᠠᠪᠤ᠂ ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠶᠢ ᠬᠡᠵᠢᠶ᠎ᠡ ᠠᠴᠠ ᠡᠬᠢᠯᠡᠵᠦ ᠬᠡᠷᠡᠭᠵᠢᠭᠦᠯᠬᠦ ᠪᠣᠶ︖ | | ᠲᠣᠰ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠠᠭ ᠢ ᠨᠢᠭᠡ ᠵᠢᠯ ᠲᠤᠷᠰᠢᠨ ᠬᠡᠷᠡᠭᠵᠢᠭᠦᠯᠵᠦ᠂ ᠳᠠᠷᠤᠮᠠᠯᠯᠠᠨ | ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ |