ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠵᠢᠴᠢ ᠪᠦᠬᠦ ᠠᠶᠢᠮᠠᠭ ᠤᠨ ᠠᠷᠪᠠᠳᠤᠭᠠᠷ ᠤᠳᠠᠭ᠎ᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ‌‍ᠤ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/12
     12 ᠰᠠᠷ᠎ᠠ ᠶᠢᠨ 9 ᠤ ᠡᠳᠦᠷ᠂ ᠠᠶᠢᠮᠠᠭ ᠤᠨ ᠨᠠᠮ ᠤᠨ  ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠵᠢᠴᠢ ᠪᠦᠬᠦ ᠠᠶᠢᠮᠠᠭ ᠤᠨ ᠠᠷᠪᠠᠳᠤᠭᠠᠷ ᠤᠳᠠᠭ᠎ᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ ᠯᠢ ᠬᠤᠩ ᠼᠠᠢ ᠬᠤᠷᠠᠯ ᠡᠷᠭᠢᠯᠡᠵᠦ᠂ ᠠᠶᠢᠮᠠᠭ ᠤᠨ ᠤᠳᠤᠷᠢᠳᠤᠯᠭ᠎ᠠ ᠰᠢᠤᠢ ᠵᠦᠸᠧ᠂ ᠯᠢᠦ  ᠱᠦ ᠴᠧᠩ᠂ ᠵᠠᠩ ᠯᠢ ᠬᠤᠸᠠ᠂ ᠳ᠋ᠦᠩ ᠰᠢᠨ ᠶᠤᠸᠠᠢ ᠨᠠᠷ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠠᠶᠢᠮᠠᠭ ᠤᠨ ᠨᠠᠮ ᠤᠨ  ᠬᠤᠷᠢᠶ᠎ᠠ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠭᠦᠸᠧ ᠬᠤᠩ ᠪᠦᠬᠦ ᠠᠶᠢᠮᠠᠭ ᠤᠨ ᠠᠷᠪᠠᠳᠤᠭᠠᠷ ᠤᠳᠠᠭ᠎ᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠲᠤ ᠪᠣᠯᠤᠨ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ᠃ ᠠᠶᠢᠮᠠᠭ ᠤᠨ ᠤᠳᠤᠷᠢᠳᠤᠯᠭ᠎ᠠ ᠠᠴᠠ ᠬᠥᠬᠢᠭᠦᠯᠦᠯ ᠭᠥᠷᠳᠡᠭᠰᠡᠨ ᠬᠠᠮᠲᠤ ᠨᠡᠶᠢᠲᠡ ᠪᠠ ᠬᠤᠪᠢ ᠬᠥᠮᠦᠨ ᠤ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃    ᠵᠠᠩ ᠰᠢᠶᠤᠤ ᠪᠢᠩ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠡᠮᠦᠨ᠎ᠡ ᠠᠴᠠ ᠬᠥᠬᠢᠭᠦᠯᠦᠭᠳᠡᠨ ᠰᠠᠶᠢᠰᠢᠶᠠᠭᠳᠠᠭᠰᠠᠨ ᠵᠢᠱᠢᠶᠡᠴᠢ ᠬᠠᠮᠲᠤ ᠨᠡᠶᠢᠳᠡ ᠪᠣᠯᠤᠨ ᠬᠤᠪᠢ ᠬᠥᠮᠦᠨ ᠳᠤ ᠪᠠᠶᠠᠷ ᠬᠦᠷᠭᠡᠵᠦ᠂ ᠲᠡᠳᠡᠨ ᠢ ᠢᠷᠠᠭᠤ ᠠᠯᠳᠠᠷ ᠢᠶᠠᠨ ᠨᠠᠨᠳᠢᠩᠨᠠᠵᠤ᠂ ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠪᠠᠷ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠬᠤ ᠶᠢ ᠵᠣᠷᠢᠭᠵᠢᠭᠤᠯᠬᠤ ᠶᠢᠨ ᠬᠠᠮᠲᠤ ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠵᠤ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠵᠤ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ︾ ᠤᠨ ᠡᠷᠬᠢᠮ ᠳᠡᠭᠡᠳᠦ ᠢᠷᠠᠭᠤ ᠠᠯᠳᠠᠷ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠤᠷᠢᠶᠠᠯᠠᠪᠠ᠃    ᠵᠠᠩ ᠰᠢᠶᠤᠤ ᠪᠢᠩ ᠴᠢᠬᠤᠯᠠᠴᠢᠯᠠᠭᠰᠠᠨ ᠨᠢ᠂  ᠶᠡᠷᠦᠩᠬᠡᠶ ᠱᠦᠵᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠴᠢᠬᠤᠯᠠ ᠶᠡᠭᠡ ᠡᠭᠦᠷᠭᠡ ᠶᠢ ᠭᠦᠨᠵᠡᠭᠡᠶ ᠡᠵᠡᠮᠳᠡᠨ᠂ ︽ᠳᠥᠷᠪᠡᠨ ᠬᠤᠤᠰ ᠬᠠᠷᠢᠴᠠᠭ᠎ᠠ︾ ᠶᠢ ᠵᠥᠪ ᠢᠶᠠᠷ  ᠰᠢᠢᠳᠪᠦᠷᠢᠯᠡᠵᠦ᠂ ᠡᠯ᠎ᠡ ᠲᠠᠯ᠎ᠠ ᠶᠢᠨ ᠣᠶᠤᠨ ᠤᠬᠠᠭᠠᠨ ᠪᠠ ᠬᠦᠴᠦᠨ ᠴᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠵᠤ᠂ ᠪᠥᠬᠦ ᠠᠶᠢᠮᠠᠭ ᠤᠨ ᠡᠯ᠎ᠡ  ᠵᠦᠢᠯ ᠤᠨ ᠠᠵᠢᠯ  ᠦᠢᠯᠡᠰ ᠤᠨ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠬᠤ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠳᠥᠯᠭᠢᠨ ᠠᠬᠢᠭᠤᠯᠬᠤ ᠬᠡᠷᠡᠭᠲᠡᠶ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠢᠯᠡ ᠳᠦᠷᠦᠭᠳᠡᠯ ᠲᠠᠢ ᠪᠦᠲᠦᠮᠵᠢᠲᠡᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠤᠬᠠᠭᠤᠯᠭ᠎ᠠ ᠶᠢ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠠᠴᠢ ᠲᠤᠰᠠ ᠶᠢ ᠨᠡᠩ ᠴᠢᠩ ᠰᠡᠳᠬᠢᠯ ᠠᠴᠠ ᠪᠠᠨ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠳᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ ︽ᠬᠤᠶᠠᠷ ᠡᠷᠡᠭᠦᠯ ᠮᠠᠨᠳᠤ︾ ᠶᠢᠨ ᠭᠤᠣᠯ ᠰᠡᠳᠦᠪ ᠢ ᠪᠠᠲᠤ ᠡᠵᠡᠮᠳᠡᠵᠦ᠂ ᠦᠢᠯᠡᠴᠢᠯᠡᠭᠡ ᠶᠢ ᠴᠢᠩᠭᠠᠳᠬᠠᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠲᠥᠪ ᠴᠢᠬᠡᠴᠢ ᠪᠠᠷ ᠠᠵᠤ ᠠᠬᠤᠶᠢᠯᠠᠯᠲᠠᠨ ᠲᠠᠢ ᠨᠠᠶᠢᠵᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠳᠡᠮᠵᠢᠬᠦ ᠬᠡᠷᠡᠭᠲᠡᠢ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠳ ᠠᠤᠭ᠎ᠠ ᠰᠠᠨᠠᠭ᠎ᠠ ᠡᠷᠡᠯᠬᠡᠭ ᠵᠣᠷᠢᠭ ᠲᠠᠢ ᠪᠠᠶᠢᠵᠤ᠂ ᠪᠠᠶᠢᠯᠳᠤᠬᠤ ᠪᠤᠳᠤᠯᠭ᠎ᠠ ᠶᠢᠨ ᠬᠠᠷᠠᠴᠠ ᠲᠠᠢ ᠪᠤᠯᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠠᠵᠤ ᠦᠢᠯᠡᠰ ᠤᠨ ᠵᠢᠳᠬᠦᠯᠲᠡᠨ ᠪᠣᠯᠬᠤ ᠪᠠᠷ ᠴᠢᠷᠮᠠᠶᠢᠬᠤ ᠬᠡᠷᠡᠭᠲᠡᠶ᠃ ᠪᠤᠰᠤᠳ ᠬᠦᠷᠢᠶᠡᠨ ᠳᠠᠬᠢ ᠨᠢᠭᠡᠳᠦᠮᠡᠯ ᠹᠷᠣᠨᠲ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠤᠯᠠᠨ ᠨᠠᠮ ᠤᠨ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡ ᠬᠢᠬᠦ ᠲᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ ᠪᠠᠶᠢᠳᠠᠯ ᠳᠣᠣᠷᠠᠬᠢ ᠱᠠᠰᠢᠨ ᠰᠤᠷᠲᠠᠬᠤᠨ ᠤ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠠᠮ ᠤᠨ ᠭᠠᠳᠠᠨᠠᠬᠢ ᠰᠡᠬᠡᠭᠡᠲᠡᠨ ᠪᠣᠯᠤᠨ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠰᠢᠶᠠᠩᠭᠠᠩ ᠣᠣᠮᠧᠨ ᠲᠠᠶᠢᠸᠠᠨ ᠤ ᠨᠢᠭᠡᠳᠦᠮᠡᠯ ᠹᠷᠣᠨᠲ ᠤᠨ ᠠᠵᠢᠯ᠂ ᠭᠠᠳᠠᠭᠠᠳᠤ ᠳᠠᠬᠢ ᠨᠢᠭᠡᠳᠦᠮᠡᠯ ᠹᠷᠣᠨᠲ ᠤᠨ ᠠᠵᠢᠯ ᠪᠣᠯᠤᠨ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠠᠮᠲᠤᠪᠠᠷ ᠪᠦᠯᠬᠦᠮᠳᠡᠨ ᠲᠡᠮᠡᠴᠡᠬᠦ ᠬᠦᠴᠦᠨ ᠢ ᠦᠨᠡᠨᠬᠦ ᠨᠢᠭᠲᠠᠷᠠᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠴᠢᠨᠠᠭᠰᠢᠳᠠ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠶᠢ ᠰᠠᠶᠢᠵᠢᠷᠠᠭᠤᠯᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠴᠠᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠵᠦ᠂ ︽ᠬᠠᠲᠠᠭᠤ ᠪᠠᠬᠢ ᠪᠤᠯᠤᠳ ᠲᠡᠮᠤᠷ︾ ᠪᠣᠯᠭᠠᠨ ᠤᠷᠤᠭᠰᠢᠯᠠᠭᠤᠯᠬᠤ ᠬᠡᠷᠡᠭᠲᠡᠢ ᠭᠡᠪᠡ᠃    ᠬᠤᠷᠠᠯ ᠨᠢ  ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠳᠤ ᠶᠠᠪᠤᠭᠳᠠᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号