ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ  ᠤᠨ ︽ᠬᠢᠩᠭᠠᠨ ᠠᠶᠢᠮᠠᠭ ᠤᠨ ᠰᠣᠶᠣᠯ ᠵᠤᠭᠠᠴᠠᠯ  ᠤᠨ ᠠᠵᠤ ᠦᠢᠯᠡᠰ ᠢ ᠲᠡᠳᠬᠦᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/12/12
       ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2022﹈ 51 ᠳ᠋ᠤᠭᠡᠷ ᠲᠣᠭᠠᠲᠤᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ︽ᠬᠢᠩᠭᠠᠨ ᠠᠶᠢᠮᠠᠭ ᠤᠨ ᠰᠣᠶᠣᠯ ᠵᠤᠭᠠᠴᠠᠯ ᠤᠨ ᠠᠵᠤ ᠦᠢᠯᠡᠰ ᠢ ᠲᠡᠳᠬᠦᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ  ᠲᠤᠭᠤᠰᠢᠯᠠᠭᠤᠯᠤᠨ ᠬᠡᠷᠡᠭᠵᠢᠭᠦᠯᠲᠦᠭᠡᠶ᠃                                                                2022 ᠣᠨ ᠤ 9 ᠰᠠᠷ᠎ᠠ ᠶᠢᠨ 3                                                      ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶                     ᠬᠢᠩᠭᠠᠨ ᠠᠶᠢᠮᠠᠭ ᠤᠨ ᠰᠣᠶᠣᠯ ᠵᠤᠭᠠᠴᠠᠯ ᠤᠨ ᠠᠵᠤ ᠦᠢᠯᠡᠰ ᠢ ᠲᠡᠳᠬᠦᠬᠦ ᠲᠥᠰᠦᠯ    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ  ᠲᠤᠭᠤᠰᠢᠯᠠᠭᠤᠯᠤᠨ᠂ ᠰᠣᠶᠣᠯ ᠵᠤᠭᠠᠴᠠᠯ ᠤᠨ ᠠᠵᠤ ᠦᠢᠯᠡᠰ ᠲᠤ ᠦᠵᠡᠭᠦᠯᠬᠦ ᠬᠢᠵᠢᠭ ᠤᠨ ᠪᠠᠶᠢᠳᠠᠯ ᠤᠨ ᠲᠠᠭᠠᠷᠢᠯᠲᠠ ᠶᠢ ᠢᠳᠡᠪᠬᠢᠲᠡᠶ ᠠᠷᠭᠠᠴᠠᠵᠤ᠂ ᠰᠣᠶᠣᠯ ᠵᠤᠭᠠᠴᠠᠯ ᠤᠨ ᠠᠵᠤ ᠦᠢᠯᠡᠰ ᠤᠨ ᠲᠣᠭᠲᠠᠭᠤᠨ ᠪᠥᠭᠡᠳ ᠬᠡᠯᠬᠢᠶᠡᠰᠦ ᠶᠢ ᠨᠥᠬᠦᠪᠥᠷᠢᠯᠡᠵᠦ ᠬᠡᠯᠬᠢᠶᠡᠰᠦ ᠶᠢ ᠴᠢᠩᠭᠠᠳᠬᠠᠬᠤ ᠶᠢ ᠠᠬᠢᠭᠤᠯᠤᠨ᠂ ᠪᠥᠬᠦ ᠠᠶᠢᠮᠠᠭ ᠤᠨ ᠰᠣᠶᠣᠯ ᠵᠤᠭᠠᠴᠠᠯ ᠤᠨ ᠠᠵᠤ ᠦᠢᠯᠡᠰ ᠤᠨ ᠲᠦᠷᠭᠡᠨ ᠰᠡᠷᠭᠦᠬᠦ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠲᠤᠰᠠᠳᠠ᠂ ᠳᠣᠤᠷᠠᠬᠢ ᠲᠥᠰᠦᠯ ᠢ ᠲᠣᠭᠲᠠᠭᠠᠪᠠ᠃    ᠶᠡᠷᠦᠩᠬᠡᠶ ᠬᠠᠷᠠᠯᠲᠠ    ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠲᠣᠭᠲᠠᠪᠤᠷᠢᠵᠢᠭᠤᠯᠬᠤ᠂ ᠬᠡᠯᠬᠢᠶ᠎ᠡ ᠶᠢ ᠴᠢᠩᠭᠠᠳᠬᠠᠬᠤ ᠶᠡᠷᠦᠩᠬᠡᠢ ᠰᠡᠳᠬᠢᠴᠡ ᠪᠠᠷ ᠰᠣᠶᠣᠯ  ᠵᠤᠭᠠᠴᠠᠯ  ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠯᠢᠳᠡᠭᠵᠢᠭᠦᠯᠵᠦ᠂ ᠰᠣᠶᠣᠯ  ᠵᠤᠭᠠᠴᠠᠯ  ᠠᠵᠤ ᠦᠢᠯᠡᠰ ᠤᠨ ᠬᠡᠯᠬᠢᠶ᠎ᠡ ᠶᠢᠨ ᠰᠠᠶᠢᠨ ᠬᠥᠭᠵᠢᠯᠲᠡ ᠶᠢ ᠠᠬᠢᠭᠤᠯᠤᠨ᠎ᠠ᠃    ᠲᠡᠳᠬᠦᠬᠦ ᠠᠭᠤᠯᠭ᠎ᠠ    1. ᠨᠡᠶᠢᠭᠡᠮ ᠤᠨ ᠬᠦᠴᠦᠨ ᠤ ᠰᠣᠶᠣᠯ  ᠵᠤᠭᠠᠴᠠᠯ ᠤᠨ ᠭᠤᠤᠯᠳᠠᠯᠭ᠎ᠠ ᠲᠠᠢ ᠲᠥᠷᠥᠯ  ᠵᠦᠢᠯ ᠳᠤ ᠪᠠᠯᠠ ᠣᠷᠣᠭᠤᠯᠬᠤ ᠶᠢ ᠳᠡᠮᠵᠢᠨ᠎ᠠ    ᠰᠢᠨ᠎ᠡ ᠪᠠᠷ ᠨᠠᠶᠢᠳᠠᠪᠤᠷᠢᠵᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠤᠨ ᠡᠵᠡᠩᠨᠡᠭᠰᠡᠨ ᠵᠤᠭᠠᠴᠠᠯ ᠤᠨ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠵᠠᠷᠤᠳᠠᠯ ᠳᠤ ᠱᠠᠩᠨᠠᠯ ᠨᠥᠬᠦᠪᠥᠷᠢ ᠣᠯᠭᠤᠨ᠎ᠠ᠂ ᠲᠤᠬᠠᠶᠢᠯᠠᠪᠠᠯ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 3 ᠳ᠋ᠦᠩᠰᠢᠭᠤᠷ ᠲᠥᠭᠦᠷᠢᠭ ᠠᠴᠠ ᠳᠡᠭᠡᠭᠰᠢ ︵3 ᠳ᠋ᠦᠩᠰᠢᠭᠤᠷ ᠲᠥᠭᠦᠷᠢᠭ ᠪᠠᠭᠲᠠᠨ᠎ᠠ︶ ᠪᠠᠶᠢᠪᠠᠯ᠂ ᠲᠥᠷᠥᠯ ᠵᠦᠶ᠋ᠯ ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠵᠠᠷᠤᠳᠠᠯ ᠤᠨ 50% ᠪᠠᠷ ᠱᠠᠩᠨᠠᠯ ᠨᠥᠬᠦᠪᠥᠷᠢ ᠣᠯᠭᠤᠵᠤ᠂ ᠬᠠᠮᠤᠭ ᠥᠨᠳᠥᠷ ᠲᠡᠭᠡᠨ 300 ᠲᠦᠮᠡᠨ ᠲᠥᠭᠦᠷᠢᠭ ᠠᠴᠠ ᠳᠠᠪᠠᠭᠤᠯᠬᠤ ᠥᠬᠡᠶ︔ 3 ᠳ᠋ᠦᠩᠰᠢᠭᠤᠷ ᠲᠥᠭᠦᠷᠢᠭ ᠠᠴᠠ ᠳᠣᠷᠣᠭᠰᠢ᠂ 1 ᠳ᠋ᠦᠩᠰᠢᠭᠤᠷ ᠲᠥᠭᠦᠷᠢᠭ ᠠᠴᠠ ᠳᠡᠭᠡᠭᠰᠢ ︵1 ᠳ᠋ᠦᠩᠰᠢᠭᠤᠷ ᠲᠥᠭᠦᠷᠢᠭ ᠪᠠᠭᠲᠠᠨ᠎ᠠ︶ ᠪᠠᠶᠢᠪᠠᠯ᠂ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠵᠠᠷᠤᠳᠠᠯ ᠤᠨ 30% ᠪᠠᠷ ᠱᠠᠩᠨᠠᠯ ᠨᠥᠬᠦᠪᠥᠷᠢ ᠣᠯᠭᠤᠵᠤ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠳᠠᠪᠠᠭᠤᠯᠬᠤ ᠥᠬᠡᠶ︔ 1 ᠳ᠋ᠦᠩᠰᠢᠭᠤᠷ‌‍ᠲ᠋ᠥ᠋ᠭᠦᠷᠢᠭ ᠠᠴᠠ ᠳᠣᠷᠣᠭᠰᠢ᠂ 3000 ᠲᠦᠮᠡᠨ ᠲᠥᠭᠦᠷᠢᠭ ᠠᠴᠠ ᠳᠡᠭᠡᠭᠰᠢ ︵3000 ᠲᠦᠮᠡᠨ ᠲᠥᠭᠦᠷᠢᠭ ᠪᠠᠭᠲᠠᠨ᠎ᠠ︶  ᠳᠤ ᠲᠥᠷᠥᠯ ᠵᠦᠢᠯ  ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠵᠦ ᠵᠢᠷᠤᠭᠯᠠᠨ ᠲᠥᠯᠥᠪᠯᠡᠭᠰᠡᠨ ᠵᠠᠷᠤᠳᠠᠯ  ᠤᠨ10% ᠪᠠᠷ ᠱᠠᠩᠨᠠᠯ ᠨᠥᠬᠦᠪᠥᠷᠢ ᠣᠯᠭᠤᠵᠤ᠂ ᠬᠠᠮᠤᠭ  ᠤᠨ ᠥᠨᠳᠥᠷ ᠲᠡᠭᠡᠨ 50 ᠲᠦᠮᠡᠨ ᠲᠥᠭᠦᠷᠢᠭ ᠠᠴᠠ ᠳᠠᠪᠠᠭᠤᠯᠬᠤ ᠥᠭᠡᠢ᠃    2. ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ    ᠤᠯᠤᠰ ᠤᠨ ᠪᠥᠬᠦ ᠴᠠᠷᠠᠭᠠᠨ ᠤ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠲᠠᠰ ‍ᠤᠨ‌ᠵᠤᠭᠠᠴᠠᠯ ᠤᠨ ᠠᠮᠠᠷᠠᠯᠲᠠ ᠶᠢᠨ ᠣᠷᠣᠨ᠂ ᠤᠯᠤᠰ ᠤᠨ 5A ᠲᠠᠰ ᠤᠨ ᠵᠤᠭᠠᠴᠠᠯ ᠤᠨ ᠦᠵᠡᠮᠵᠢ ᠶᠢᠨ ᠣᠷᠣᠨ ᠢ ᠰᠢᠨ᠎ᠡ ᠪᠠᠷ ᠡᠭᠦᠳᠦᠨ ᠪᠠᠶᠢᠭᠤᠯᠤᠭᠰᠠᠨ ᠪᠠᠶᠢᠪᠠᠯ᠂ ᠨᠢᠭᠡ ᠤᠳᠠᠭ᠎ᠠ ᠳᠤ 500 ᠲᠦᠮᠡᠨ ᠲᠥᠭᠦᠷᠢᠭ ᠢᠶᠠᠷ ᠱᠠᠩᠨᠠᠨ᠎ᠠ︔ ᠤᠯᠤᠰ ᠤᠨ ᠴᠠᠰᠤᠨ ᠳᠤ ᠭᠤᠯᠭᠤᠬᠤ ᠵᠤᠭᠠᠴᠠᠯ ᠤᠨ ᠠᠮᠠᠷᠠᠯᠲᠠ ᠶᠢᠨ ᠭᠠᠵᠠᠷ᠂ ᠤᠯᠤᠰ ᠤᠨ ᠲᠠᠰ ᠤᠨ ᠰᠡᠯᠡᠭᠦᠴᠡᠯ ᠵᠤᠭᠠᠴᠠᠯ ᠤᠨ ᠵᠡᠭᠡᠯᠢ ᠲᠣᠭᠤᠷᠢᠭ᠂ ᠤᠯᠤᠰ ᠤᠨ ᠪᠡᠶ᠎ᠡ ᠶᠢᠨ ᠲᠠᠮᠢᠷ ᠤᠨ ᠵᠤᠭᠠᠴᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠯᠤᠰ ‍ᠤᠨ‌ᠵᠤᠭᠠᠴᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠪᠥᠬᠦ ᠤᠯᠤᠰ ᠤᠨ ᠰᠤᠳᠤᠯᠤᠨ ᠰᠤᠷᠤᠯᠴᠠᠬᠤ ᠵᠤᠭᠠᠴᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠤᠭᠠᠴᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ᠂ ᠤᠯᠤᠰ ᠤᠨ ᠲᠠᠰ ᠤᠨ ᠰᠣᠶᠣᠯ ᠤᠨ ᠠᠵᠤ  ᠦᠢᠯᠡᠰ ᠤᠨ ᠬᠦᠷᠢᠶᠡᠯᠡᠩ ᠲᠣᠭᠤᠷᠢᠭ᠂ ᠤᠯᠤᠰ ᠤᠨ 4A ᠲᠠᠰ ᠤᠨ ᠵᠤᠭᠠᠴᠠᠯ ᠤᠨ ᠦᠵᠡᠮᠵᠢ ᠶᠢᠨ ᠣᠷᠣᠨ ᠢ ᠰᠢᠨ᠎ᠡ ᠪᠠᠷ ᠡᠭᠦᠳᠦᠨ ᠪᠠᠶᠢᠭᠤᠯᠤᠭᠰᠠᠨ ᠪᠠᠶᠢᠪᠠᠯ᠂ ᠨᠢᠭᠡ ᠤᠳᠠᠭ᠎ᠠ ᠳᠤ 300 ᠲᠦᠮᠡᠨ ᠲᠥᠭᠦᠷᠢᠭ ᠢᠶᠠᠷ ᠱᠠᠩᠨᠠᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠴᠠᠷᠠᠭᠠᠨ ᠤ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠤᠭᠠᠴᠠᠯ ᠤᠨ ᠠᠮᠠᠷᠠᠯᠲᠠ ᠶᠢᠨ ᠣᠷᠣᠨ᠂ ᠥᠪᠡᠷᠲᠡᠭᠡᠨ ᠵᠠᠰᠠᠬᠤ ᠣᠷᠣᠨ ᠤ ᠴᠠᠰᠤᠨ ᠳᠤ ᠭᠤᠯᠭᠤᠬᠤ ᠵᠤᠭᠠᠴᠠᠯ ᠤᠨ ᠠᠮᠠᠷᠠᠯᠲᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠪᠠ ᠵᠤᠭᠠᠴᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠡᠯᠡᠭᠦᠴᠡᠯ ᠵᠤᠭᠠᠴᠠᠯ ᠤᠨ ᠵᠡᠭᠡᠯᠢ ᠲᠣᠭᠤᠷᠢᠭ ᠢ ᠰᠢᠨ᠎ᠡ ᠪᠠᠷ ᠡᠭᠦᠳᠦᠨ ᠪᠠᠶᠢᠭᠤᠯᠤᠭᠰᠠᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠶ ᠪᠠᠷ 200 ᠲᠦᠮᠡᠨ ᠲᠥᠭᠦᠷᠢᠭ ᠢᠶᠠᠷ ᠱᠠᠩᠨᠠᠨ᠎ᠠ︔ 5C ᠲᠠᠰ ᠤᠨ ᠬᠤᠪᠢ ᠶᠢᠨ ᠮᠠᠰᠢᠨ ᠲᠡᠷᠭᠡᠨ ᠤ ᠪᠠᠭᠤᠳᠠᠯ᠂ 5 ᠣᠳᠣᠨ ᠲᠠᠰ ᠤᠨ ᠪᠠᠭᠤᠳᠠᠯ᠂ 5A ᠲᠠᠰ ‍ᠤᠨ‌ᠵᠤᠭᠠᠴᠠᠯ ᠤᠨ ᠭᠠᠵᠠᠷ᠂ ᠬᠥᠬᠡ ᠲᠠᠰ ᠤᠨ ᠠᠷᠠᠳ ᠤᠨ ᠪᠠᠭᠤᠳᠠᠯ ᠢ ᠰᠢᠨ᠎ᠡ ᠪᠠᠷ ᠪᠠᠶᠢᠭᠤᠯᠤᠭᠰᠠᠨ ᠪᠠᠶᠢᠪᠠᠯ᠂ ᠨᠢᠭᠡ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ᠎ᠠ︔ 4C ᠲᠠᠰ ᠤᠨ ᠬᠤᠪᠢ ᠶᠢᠨ ᠮᠠᠰᠢᠨ ᠲᠡᠷᠭᠡᠨ ᠤ ᠪᠠᠭᠤᠳᠠᠯ᠂ 4 ᠣᠳᠣᠨ ᠲᠠᠰ ᠤᠨ ᠪᠠᠭᠤᠳᠠᠯ᠂ 4A ᠲᠠᠰ ᠤᠨ ᠵᠤᠭᠠᠴᠠᠯ ᠤᠨ ᠭᠠᠵᠠᠷ᠂ ᠬᠥᠬᠡᠭᠴᠢᠨ ᠲᠠᠰ ᠤᠨ ᠠᠷᠠᠳ ᠤᠨ ᠪᠠᠭᠤᠳᠠᠯ ᠢ ᠰᠢᠨ᠎ᠡ ᠪᠠᠷ ᠪᠠᠶᠢᠭᠤᠯᠤᠭᠰᠠᠨ ᠪᠠᠶᠢᠪᠠᠯ᠂ ᠨᠢᠭᠡ ᠤᠳᠠᠭ᠎ᠠ ᠳᠤ 20 ᠲᠦᠮᠡᠨ ᠲᠥᠭᠦᠷᠢᠭ ᠢᠶᠠᠷ ᠱᠠᠩᠨᠠᠨ᠎ᠠ︔ ᠤᠯᠠᠭᠠᠨ ᠲᠠᠰ ᠤᠨ ᠠᠷᠠᠳ ᠤᠨ ᠰᠠᠭᠤᠴᠠ ᠶᠢ ᠰᠢᠨ᠎ᠡ ᠪᠠᠷ ᠪᠠᠶᠢᠭᠤᠯᠤᠭᠰᠠᠨ ᠪᠠᠶᠢᠪᠠᠯ᠂ ᠨᠢᠭᠡ ᠤᠳᠠᠭ᠎ᠠ ᠳᠤ 10 ᠲᠦᠮᠡᠨ ᠲᠥᠭᠦᠷᠢᠭ ᠢᠶᠠᠷ ᠱᠠᠩᠨᠠᠨ᠎ᠠ︔ 3 ᠣᠳᠣᠨ ᠲᠠᠰ ᠤᠨ ᠪᠠᠭᠤᠳᠠᠯ ᠢ ᠰᠢᠨ᠎ᠡ ᠪᠠᠷ ᠪᠠᠶᠢᠭᠤᠯᠤᠭᠰᠠᠨ ᠪᠠᠶᠢᠪᠠᠯ᠂ ᠨᠢᠭᠡ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ᠃    3. ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ    ᠠᠵᠤ ᠠᠬᠤᠶᠢᠯᠠᠯ ᠤᠨ ᠰᠣᠶᠣᠯ ᠵᠤᠭᠠᠴᠠᠯ ᠤᠨ ᠲᠠᠸᠠᠷ ᠢ ᠵᠢᠷᠤᠭᠯᠠᠨ ᠲᠥᠯᠥᠪᠯᠡᠵᠦ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠤᠯᠤᠰ ᠤᠨ ᠲᠠᠰ ᠤᠨ ᠰᠢᠯᠭᠠᠷᠠᠭᠤᠯᠤᠯᠲᠠ ᠳᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠣᠯᠤᠭᠰᠠᠨ ᠪᠠᠶᠢᠪᠠᠯ᠂ ᠲᠣᠰ ᠲᠣᠰ ᠨᠢᠭᠡ ᠤᠳᠠᠭ᠎ᠠ ᠳᠤ 10 ᠲᠦᠮᠡᠨ ᠲᠥᠭᠦᠷᠢᠭ᠂ 5 ᠲᠦᠮᠡᠨ ᠲᠥᠭᠦᠷᠢᠭ᠂ 3 ᠲᠦᠮᠡᠨ ᠲᠥᠭᠦᠷᠢᠭ ᠢᠶᠠᠷ ᠱᠠᠩᠨᠠᠨ᠎ᠠ︔ ᠣᠨᠴᠠᠯᠢᠠᠠᠳᠣ ᠰᠣᠶᠣᠯ ᠵᠤᠭᠠᠴᠠᠯ ᠤᠨ ᠲᠠᠸᠠᠷ ᠢ ᠨᠡᠭᠡᠭᠡᠨ ᠬᠥᠭᠵᠢᠭᠦᠯᠦᠭᠰᠡᠨ ᠮᠥᠷᠲᠡᠭᠡᠨ ︽ᠥᠪᠥᠷ ᠮᠣᠩᠭᠤᠯ ᠤᠨ ᠪᠡᠯᠡᠭ︾ ᠤᠨ ᠭᠡᠷᠡᠴᠢᠯᠡᠯ ᠢ ᠣᠯᠤᠭᠰᠠᠨ ᠠᠵᠤ ᠠᠬᠤᠶᠢᠯᠠᠯ ᠢ ᠨᠢᠭᠡ ᠤᠳᠠᠭ᠎ᠠ ᠳᠤ 2 ᠲᠦᠮᠡᠨ ᠲᠥᠭᠦᠷᠢᠭ ᠢᠶᠠᠷ ᠱᠠᠩᠨᠠᠨ᠎ᠠ᠃    4. ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠶᠢ ᠠᠬᠢᠭᠤᠯᠤᠨ᠎ᠠ    ᠰᠢᠨ᠎ᠡ ᠪᠠᠷ ᠪᠠᠶᠢᠭᠤᠯᠤᠭᠰᠠᠨ ᠤᠯᠤᠰ ᠤᠨ ᠲᠠᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠤᠯᠳᠠᠯᠭ᠎ᠠ ᠲᠠᠢ ᠪᠠᠯᠭᠠᠰᠤ᠂ ᠲᠣᠰᠬᠤᠨ ᠢ ᠲᠣᠰ ᠲᠣᠰ ᠨᠢᠭᠡ ᠤᠳᠠᠭ᠎ᠠ ᠳᠤ 50 ᠲᠦᠮᠡᠨ ᠲᠥᠭᠦᠷᠢᠭ᠂ 30 ᠲᠦᠮᠡᠨ ᠲᠥᠭᠦᠷᠢᠭ ᠢᠶᠠᠷ ᠱᠠᠩᠨᠠᠨ᠎ᠠ︔ ᠰᠢᠨ᠎ᠡ ᠪᠠᠷ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠤᠯᠳᠠᠯᠭ᠎ᠠ ᠲᠠᠢ ᠪᠠᠯᠭᠠᠰᠤ᠂ ᠲᠣᠰᠬᠤᠨ ᠢ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ ᠢᠶᠠᠷ ᠨᠢᠭᠡ ᠤᠳᠠᠭ᠎ᠠ ᠶᠢᠨ ᠴᠢᠨᠠᠷᠲᠠᠶ ᠪᠠᠷ ᠱᠠᠩᠨᠠᠨ᠎ᠠ︔ ᠰᠢᠨ᠎ᠡ ᠪᠠᠷ ᠡᠭᠦᠳᠦᠨ ᠪᠠᠶᠢᠭᠤᠯᠤᠭᠰᠠᠨ 5 ᠣᠳᠣᠨ ᠲᠠᠰ ᠤᠨ ᠬᠥᠳᠡᠭᠡ ᠲᠣᠰᠬᠤᠨ ᠤ ᠵᠤᠭᠠᠴᠠᠯ ᠤᠨ ᠭᠥᠯᠢᠶᠡᠨ ᠠᠪᠬᠤ ᠡᠷᠦᠬᠡ ᠶᠢ ᠨᠢᠭᠡ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ᠃    5. ᠨᠠᠮᠤᠷ ᠡᠪᠦᠯ ᠤᠨ ᠤᠯᠠᠷᠢᠯ ᠤᠨ ᠵᠤᠭᠠᠴᠠᠯ ᠤᠨ ᠵᠠᠬ᠎ᠠ ᠳᠡᠯᠭᠡᠭᠦᠷ ᠢ ᠬᠦᠭᠵᠢᠶᠡᠨᠲᠡᠢ ᠪᠣᠯᠭᠠᠨ᠎ᠠ    ᠨᠠᠮᠤᠷ ᠡᠪᠦᠯ ᠤᠨ ᠤᠯᠠᠷᠢᠯ ︵10 ᠳ᠋ᠤᠭᠠᠷ ᠰᠠᠷ᠎ᠠ ᠶᠢᠨ 1 ᠤ ᠡᠳᠦᠷ ᠠᠴᠠ ᠢᠷᠡᠬᠦ ᠵᠢᠯ ᠤᠨ 4  ᠳ᠋ᠤᠭᠡᠷ ᠰᠠᠷ᠎ᠠ ᠶᠢᠨ 30 ᠤ ᠡᠳᠦᠷ ᠪᠣᠯᠲᠠᠯ᠎ᠠ︶᠂ ᠵᠤᠭᠠᠴᠠᠯ  ᠤᠨ ᠭᠠᠵᠠᠷ ᠠᠶᠢᠮᠠᠭ ᠤᠨ ᠭᠠᠳᠠᠨᠠᠬᠢ ᠵᠤᠭᠠᠴᠠᠭᠰᠠᠳ ᠢ ᠵᠣᠬᠢᠶᠠᠨ ᠪᠠᠶᠢᠭᠤᠯᠤᠨ ᠮᠠᠨ ᠤ ᠠᠶᠢᠮᠠᠭ ᠲᠤ ᠣᠴᠢᠭᠤᠯᠵᠤ᠂ ᠨᠠᠭᠠᠳᠤ ᠵᠠᠬ᠎ᠠ ᠳᠠᠭᠠᠨ 1 A ᠲᠠᠰ ᠤᠨ ᠦᠵᠡᠮᠵᠢ ᠶᠢᠨ ᠣᠷᠣᠨ ᠢ ᠲᠣᠭᠤᠷᠢᠨ ᠦᠵᠡᠭᠦᠯᠬᠦ ᠶᠢᠨ ᠬᠠᠮᠲᠤ ᠣᠳᠣᠨ ᠲᠠᠰ ᠤᠨ ᠪᠠᠭᠤᠳᠠᠯ ︵ᠠᠷᠠᠳ ᠤᠨ ᠣᠷᠣᠨ ᠰᠠᠭᠤᠴᠠ ᠶᠢ ᠪᠦᠷᠢᠳᠬᠡᠨ ᠳᠠᠩᠰᠠᠯᠠᠭᠤᠯᠬᠤ᠂ ᠬᠡᠭᠡᠷ᠎ᠡ ᠪᠠᠭᠤᠳᠠᠯᠯᠠᠬᠤ ᠭᠠᠵᠠᠷ᠂ ᠣᠳᠣᠨ ᠲᠠᠰ ᠤᠨ ᠭᠥᠯᠢᠶᠡᠨ ᠠᠪᠬᠤ ᠡᠷᠦᠬᠡ ᠶᠢ ᠪᠦᠷᠢᠳᠬᠡᠨ ᠳᠠᠩᠰᠠᠯᠠᠭᠤᠯᠬᠤ ᠪᠠᠭᠲᠠᠨ᠎ᠠ︶ ᠳᠤ ᠬᠤᠨᠣᠭᠰᠠᠨ ᠪᠠᠶᠢᠪᠠᠯ᠂ ᠬᠥᠮᠦᠨ ᠪᠦᠷᠢ ᠳᠤ 50 ᠲᠥᠭᠦᠷᠢᠭ ᠤᠨ ᠪᠠᠷᠢᠮᠵᠢᠶ᠎ᠠ ᠪᠠᠷ ᠵᠤᠭᠠᠴᠠᠯ ᠤᠨ ᠭᠠᠵᠠᠷ ᠤᠨ ᠱᠠᠩᠨᠠᠯ ᠨᠥᠬᠦᠪᠥᠷᠢ ᠣᠯᠭᠤᠨ᠎ᠠ︔  ᠰᠢᠶᠧ ᠴᠧᠩ ᠲᠠᠪᠴᠠᠩ ᠳᠤ ᠲᠦᠰᠢᠭᠯᠡᠨ᠂ ᠨᠢᠰᠬᠡᠯ ᠤᠨ ᠪᠢᠯᠧᠲ᠂ ᠵᠣᠴᠢᠳ ᠤᠨ ᠪᠠᠭᠤᠳᠠᠯ᠂ ᠬᠤᠭᠤᠯᠠ ᠤᠮᠳᠠ ᠪᠠᠷᠠᠭ᠎ᠠ ᠬᠤᠳᠠᠯᠳᠤᠨ ᠠᠪᠬᠤ᠂ ᠦᠵᠡᠮᠵᠢ ᠶᠢᠨ ᠣᠷᠣᠨ ᠤ ᠡᠭᠦᠳᠡᠨ ᠪᠢᠯᠧᠲ ᠵᠡᠷᠭᠡ ᠲᠠᠯ᠎ᠠ ᠪᠠᠷ᠂ ᠮᠠᠨ ᠤ ᠠᠶᠢᠮᠠᠭ ᠲᠤ ᠢᠷᠡᠭᠰᠡᠨ ᠥᠪᠡᠰᠦᠪᠡᠨ  ᠦᠢᠯᠡᠴᠢᠯᠡᠬᠦ  ᠵᠤᠭᠠᠴᠠᠭᠰᠠᠳ ᠤᠨ ᠵᠠᠬᠢᠶᠠᠯᠠᠭ᠎ᠠ ᠶᠢᠨ ᠬᠠᠭᠤᠳᠠᠰᠤᠨ ᠳᠤ ︽ᠦᠨ᠎ᠡ ᠪᠠᠭᠤᠷᠠᠭᠤᠯᠬᠤ + ᠳᠦᠭᠦᠷᠡᠩ ᠬᠠᠰᠤᠬᠤ︾ ᠠᠷᠭ᠎ᠠ ᠮᠠᠶ᠋ᠢᠭ ᠢᠶᠠᠷ ᠨᠥᠬᠦᠪᠥᠷᠢ ᠥᠭᠴᠦ᠂ ᠨᠡᠶᠢᠲᠡ 200 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠨᠥᠬᠦᠵᠦ ᠪᠠᠷᠠᠪᠠᠯ ᠳᠠᠷᠤᠶ ᠵᠣᠭᠰᠣᠨ᠎ᠠ᠃    6.  ᠵᠤᠭᠠᠴᠠᠯ ᠤᠨ ᠳᠠᠭᠠᠭᠠᠴᠢᠯᠠᠭᠰᠠᠨ ᠨᠢᠰᠬᠡᠯ᠂  ᠵᠤᠭᠠᠴᠠᠯ ᠤᠨ ᠲᠤᠰᠬᠠᠶ ᠲᠡᠷᠭᠡ ᠪᠠ ᠲᠣᠮᠣ ᠰᠠᠭᠤᠳᠠᠯ ᠤᠨ ᠮᠠᠰᠢᠨ ᠲᠡᠷᠭᠡ ᠨᠡᠪᠲᠡᠷᠡᠭᠦᠯᠬᠦ ᠶᠢ ᠳᠡᠮᠵᠢᠨ᠎ᠡ     ᠵᠤᠭᠠᠴᠠᠯ ᠤᠨ ᠭᠠᠵᠠᠷ  ᠵᠤᠭᠠᠴᠠᠯ ᠤᠨ ᠲᠤᠰᠬᠠᠶ ᠭᠠᠯᠲᠤ ᠲᠡᠷᠭᠡ ᠪᠠᠷ ᠳᠠᠮᠵᠢᠭᠤᠯᠤᠨ ᠠᠶᠢᠮᠠᠭ ᠤᠨ ᠭᠠᠳᠠᠨᠠᠬᠢ  ᠵᠤᠭᠠᠴᠠᠭᠰᠠᠳ ᠢ ᠵᠣᠬᠢᠶᠠᠨ ᠪᠠᠶᠢᠭᠤᠯᠵᠤ ︵180 ᠬᠥᠮᠦᠨ / ᠴᠤᠪᠤᠭ᠎ᠠ ᠲᠡᠷᠭᠡ ᠠᠴᠠ ᠳᠣᠤᠷ᠎ᠠ ᠥᠬᠡᠶ︶ ᠶᠢ ᠮᠠᠨ ᠤ ᠠᠶᠢᠮᠠᠭ ᠲᠤ ᠣᠴᠢᠭᠤᠯᠵᠤ᠂ ᠨᠠᠭᠠᠳᠤ ᠵᠠᠬ᠎ᠠ ᠳᠠᠭᠠᠨ 1 A ᠲᠠᠰ ᠤᠨ ᠦᠵᠡᠮᠵᠢ ᠶᠢᠨ ᠣᠷᠣᠨ ᠢ ᠲᠣᠭᠤᠷᠢᠨ ᠦᠵᠡᠬᠦ ᠶᠢᠨ ᠬᠠᠮᠲᠤ᠂ ᠣᠳᠣᠨ ᠲᠠᠰ ᠤᠨ ᠪᠠᠭᠤᠳᠠᠯ ︵ᠠᠷᠠᠳ ᠤᠨ ᠣᠷᠣᠨ ᠰᠠᠭᠤᠴᠠ ᠶᠢ ᠪᠦᠷᠢᠳᠬᠡᠨ ᠳᠠᠩᠰᠠᠯᠠᠬᠤ ᠂ ᠬᠡᠭᠡᠷ᠎ᠡ ᠪᠠᠭᠤᠳᠠᠯᠯᠠᠬᠤ ᠭᠠᠵᠠᠷ᠂ ᠣᠳᠣᠨ ᠲᠠᠰ ᠤᠨ ᠭᠥᠯᠢᠶᠡᠨ ᠠᠪᠬᠤ ᠡᠷᠦᠬᠡ ᠶᠢ ᠪᠦᠷᠢᠳᠬᠡᠨ ᠳᠠᠩᠰᠠᠯᠠᠬᠤ ᠪᠠᠭᠲᠠᠨ᠎ᠠ︶ ᠳᠤ ᠬᠤᠨᠣᠭᠰᠠᠨ ᠪᠠᠶᠢᠪᠠᠯ᠂  ᠵᠤᠭᠠᠴᠠᠯ ᠤᠨ ᠭᠠᠵᠠᠷ ᠤᠨ ᠱᠠᠩᠨᠠᠯ ᠣᠯᠭᠤᠨ᠎ᠠ᠃  ᠵᠤᠭᠠᠴᠠᠯ ᠤᠨ ᠲᠤᠰᠬᠠᠶ ᠴᠤᠪᠤᠭ᠎ᠠ ᠲᠡᠷᠭᠡ ᠶᠢᠨ ᠠᠶᠠᠯᠠᠯ ᠤᠨ ᠵᠠᠶ ᠨᠢ 800 ᠺᠢᠯᠣᠮᠧᠲᠷ ᠤᠨ ᠬᠤᠭᠤᠷᠣᠨᠳᠣ ᠪᠠᠶᠢᠪᠠᠯ ᠬᠥᠮᠦᠨ ᠪᠦᠷᠢ ᠳᠤ 80 ᠲᠥᠭᠦᠷᠢᠭ ᠤᠨ ᠪᠠᠷᠢᠮᠵᠢᠶ᠎ᠠ ᠪᠠᠷ ᠱᠠᠩᠨᠠᠨ ᠬᠥᠬᠢᠭᠦᠯᠵᠦ᠂ ᠠᠶᠠᠯᠠᠯ ᠤᠨ ᠵᠠᠶ ᠨᠢ 800 ᠺᠢᠯᠣᠮᠧᠲᠷ ᠠᠴᠠ ᠳᠡᠭᠡᠭᠰᠢ ᠪᠠᠶᠢᠪᠠᠯ ᠬᠥᠮᠦᠨ ᠪᠦᠷᠢ ᠳᠤ 100 ᠲᠥᠭᠦᠷᠢᠭ ᠤᠨ ᠪᠠᠷᠢᠮᠵᠢᠶ᠎ᠠ ᠪᠠᠷ ᠱᠠᠩᠨᠠᠨ ᠬᠥᠬᠢᠭᠦᠯᠦᠨ᠎ᠡ︔ ᠨᠢᠰᠬᠡᠯ ᠳᠠᠭᠠᠭᠠᠴᠢᠯᠠᠬᠤ ᠵᠡᠷᠭᠡ ︵20 ᠬᠥᠮᠦᠨ / ᠪᠦᠯᠬᠦᠮ ᠠᠴᠠ ᠳᠣᠤᠷ᠎ᠠ ᠥᠬᠡᠶ︶ ᠪᠤᠶᠤ  ᠵᠤᠭᠠᠴᠠᠯ ᠤᠨ ᠲᠣᠮᠣ ᠰᠠᠭᠤᠳᠠᠯ ᠤᠨ ᠮᠠᠰᠢᠨ ︵50 ᠬᠥᠮᠦᠨ / ᠪᠦᠯᠬᠦᠮ ᠠᠴᠠ ᠳᠣᠤᠷ᠎ᠠ ᠥᠬᠡᠶ︶ ᠤ ᠠᠷᠭ᠎ᠠ ᠮᠠᠶ᠋ᠢᠭ ᠢᠶᠠᠷ ᠳᠠᠮᠵᠢᠭᠤᠯᠤᠨ ᠠᠶᠢᠮᠠᠭ ᠤᠨ ᠭᠠᠳᠠᠨᠠᠬᠢ  ᠵᠤᠭᠠᠴᠠᠭᠰᠠᠳ ᠢ ᠵᠣᠬᠢᠶᠠᠨ ᠪᠠᠶᠢᠭᠤᠯᠵᠤ ᠮᠠᠨ ᠤ ᠠᠶᠢᠮᠠᠭ ᠤᠨ A ᠲᠠᠰ ᠤᠨ ᠦᠵᠡᠮᠵᠢ ᠶᠢᠨ ᠣᠷᠣᠨ ᠳᠤ ᠵᠤᠭᠠᠴᠠᠭᠤᠯᠬᠤ ᠶᠢᠨ ᠬᠠᠮᠲᠤ᠂ ᠣᠳᠣᠨ ᠲᠠᠰ ᠤᠨ ᠪᠠᠭᠤᠳᠠᠯ ︵ᠠᠷᠠᠳ ᠤᠨ ᠣᠷᠣᠨ ᠰᠠᠭᠤᠴᠠ ᠶᠢ ᠪᠦᠷᠢᠳᠬᠡᠨ ᠳᠠᠩᠰᠠᠯᠠᠬᠤ᠂ ᠬᠡᠭᠡᠷ᠎ᠡ ᠪᠠᠭᠤᠳᠠᠯᠯᠠᠬᠤ ᠭᠠᠵᠠᠷ᠂ ᠣᠳᠣᠨ ᠲᠠᠰ ᠤᠨ ᠭᠥᠯᠢᠶᠡᠨ ᠠᠪᠬᠤ ᠡᠷᠦᠬᠡ ᠶᠢ ᠪᠦᠷᠢᠳᠬᠡᠨ ᠳᠠᠩᠰᠠᠯᠠᠬᠤ ᠪᠠᠭᠲᠠᠨ᠎ᠠ︶ ᠳᠤ ᠬᠤᠨᠣᠭᠰᠠᠨ ᠪᠠᠶᠢᠪᠠᠯ᠂ ᠵᠤᠭᠠᠴᠠᠯ ᠤᠨ ᠲᠤᠰᠬᠠᠶ ᠭᠠᠯᠲᠤ ᠲᠡᠷᠭᠡᠨ ᠤ ᠱᠠᠩᠨᠠᠯ ᠤᠨ ᠵᠠᠭᠪᠤᠷ ᠢᠶᠠᠷ ᠯᠠᠪᠯᠠᠯᠲᠠ ᠪᠣᠯᠭᠠᠵᠤ ᠵᠤᠭᠠᠴᠠᠯ ᠤᠨ  ᠦᠢᠯᠡᠴᠢᠯᠡᠭᠡᠨ ᠤ ᠭᠠᠵᠠᠷ ᠲᠤ ᠱᠠᠩᠨᠠᠯ ᠣᠯᠭᠤᠨ᠎ᠠ ︵ᠵᠠᠮ ᠬᠠᠷᠢᠯᠴᠠᠭᠠᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ 2022 ᠣᠨ ᠤ 6 ᠳ᠋ᠤᠭᠠᠷ ᠰᠠᠷ᠎ᠠ ᠶᠢᠨ1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ︶    7. ︽ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ + ᠵᠤᠭᠠᠴᠠᠯ︾ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ      ᠵᠤᠭᠠᠴᠠᠯ ᠤᠨ ᠺᠣᠮᠫᠠᠨᠢ ᠶᠢᠨ ︽ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ + ᠵᠤᠭᠠᠴᠠᠯ︾ ᠤᠨ ᠲᠤᠬᠠᠶᠢᠯᠠᠭᠰᠠᠨ ᠠᠵᠢᠯ ᠬᠥᠭᠵᠢᠭᠦᠯᠬᠦ ᠶᠢ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠨᠢᠰᠬᠡᠯ ᠤᠨ ᠪᠠᠭᠤᠳᠠᠯ ᠯᠤᠭ᠎ᠠ ᠵᠤᠭᠠᠴᠠᠨ ᠲᠣᠭᠤᠷᠢᠬᠤ ᠵᠤᠭᠠᠴᠠᠯ᠂ ᠭᠤᠤᠯ ᠰᠡᠳᠦᠪᠲᠦ ᠵᠤᠭᠠᠴᠠᠯ᠂ ᠪᠡᠶᠡᠴᠢᠯᠡᠨ ᠣᠶᠢᠯᠠᠭᠠᠬᠤ ᠵᠤᠭᠠᠴᠠᠯ ᠵᠡᠷᠭᠡ ︽ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ + ᠵᠤᠭᠠᠴᠠᠯ︾ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠪᠠ ᠪᠦᠲᠦᠭᠡᠭᠳᠡᠬᠦᠨ ᠢ ᠬᠠᠮᠲᠤᠷᠠᠨ ᠨᠡᠭᠡᠭᠡᠨ ᠬᠥᠭᠵᠢᠭᠦᠯᠵᠦ᠂ ᠠᠶᠢᠮᠠᠭ ᠤᠨ ᠭᠠᠳᠠᠨᠠᠬᠢ ᠵᠤᠭᠠᠴᠠᠭᠰᠠᠳ ᠢ ᠵᠣᠬᠢᠶᠠᠨ ᠪᠠᠶᠢᠭᠤᠯᠤᠨ ᠮᠠᠨ ᠤ ᠠᠶᠢᠮᠠᠭ ᠲᠤ ᠣᠴᠢᠭᠤᠯᠵᠤ᠂ ᠠᠳᠠᠭ ᠲᠠᠭᠠᠨ 1 A ᠲᠠᠰ ᠤᠨ ᠦᠵᠡᠮᠵᠢ ᠶᠢᠨ ᠣᠷᠣᠨ ᠢᠶᠠᠷ ᠵᠤᠭᠠᠴᠠᠭᠤᠯᠬᠤ ᠶᠢᠨ ᠬᠠᠮᠲᠤ᠂ ᠣᠳᠣᠨ ᠲᠠᠰ ᠤᠨ ᠪᠠᠭᠤᠳᠠᠯ ︵ᠳᠠᠩᠰᠠᠯᠠᠭᠤᠯᠤᠭᠰᠠᠨ ᠠᠷᠠᠳ ᠤᠨ ᠪᠠᠭᠤᠳᠠᠯ᠂ ᠳᠠᠩᠰᠠᠯᠠᠭᠤᠯᠤᠭᠰᠠᠨ ᠬᠡᠭᠡᠷ᠎ᠡ ᠪᠠᠭᠤᠳᠠᠯᠯᠠᠬᠤ ᠭᠠᠵᠠᠷ᠂ ᠣᠳᠣᠨ ᠲᠠᠰ ᠤᠨ ᠭᠥᠯᠢᠶᠡᠨ ᠠᠪᠬᠤ ᠡᠷᠦᠬᠡ ᠪᠠᠭᠲᠠᠨ᠎ᠠ︶ ᠳᠤ ᠬᠤᠨᠣᠭᠯᠠᠪᠠᠯ᠂ ᠬᠥᠮᠦᠨ ᠪᠦᠷᠢ ᠳᠤ 200 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ    8. ᠵᠤᠭᠠᠴᠠᠯ ᠤᠨ ᠦᠢᠯᠡᠴᠢᠯᠡᠭᠡᠨ ᠤ ᠶᠠᠰᠤ ᠴᠢᠨᠠᠷ  ᠢ ᠳᠡᠭᠭᠡᠰᠢᠯᠡᠭᠦᠯᠦᠨ᠎ᠡ    ᠤᠯᠤᠰ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠵᠤᠭᠠᠴᠠᠯ ᠤᠨ ᠵᠢᠱᠢᠶ᠎ᠡ ᠦᠵᠡᠭᠦᠯᠬᠦ ᠨᠢᠭᠡᠴᠢ ᠶᠢ ᠭᠥᠷᠳᠡᠪᠡᠯ᠂ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 10 ᠲᠦᠮᠡᠨ ᠲᠥᠭᠦᠷᠢᠭ᠂ 5 ᠲᠦᠮᠡᠨ ᠲᠥᠭᠦᠷᠢᠭ ᠢᠶᠠᠷ ᠱᠠᠩᠨᠠᠨ᠎ᠠ᠃ ᠵᠤᠭᠠᠴᠠᠯ ᠤᠨ ᠬᠠᠤᠯᠢ ᠬᠡᠷᠡᠭᠵᠢᠭᠦᠯᠬᠦ ᠠᠵᠢᠯᠲᠠᠨ᠂ ᠬᠤᠪᠢᠰᠬᠠᠯ ᠤᠨ ᠲᠠᠶᠢᠯᠪᠤᠷᠢᠯᠠᠭᠴᠢ ᠂ ᠵᠤᠭᠠᠴᠠᠯ ᠤᠨ ᠠᠵᠢᠯ ᠡᠷᠭᠢᠯᠡᠭᠰᠡᠳ ᠤᠨ ᠤᠯᠤᠰ ᠤᠨ ᠲᠠᠰ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠣᠷᠣᠯᠴᠠᠭᠠᠳ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠣᠯᠤᠭᠰᠠᠨ ᠪᠠᠶᠢᠪᠠᠯ᠂ ᠲᠣᠰ ᠲᠣᠰ ᠨᠢᠭᠡ ᠤᠳᠠᠭ᠎ᠠ ᠳᠤ 3 ᠲᠦᠮᠡᠨ ᠲᠥᠭᠦᠷᠢᠭ᠂ 2 ᠲᠦᠮᠡᠨ ᠲᠥᠭᠦᠷᠢᠭ᠂ 1 ᠲᠦᠮᠡᠨ ᠲᠥᠭᠦᠷᠢᠭ ᠢᠶᠠᠷ ᠱᠠᠩᠨᠠᠨ᠎ᠠ︔ ᠵᠤᠭᠠᠴᠠᠯ ᠤᠨ ᠬᠠᠤᠯᠢ ᠬᠡᠷᠡᠭᠵᠢᠭᠦᠯᠬᠦ ᠠᠵᠢᠯᠲᠠᠨ᠂ ᠬᠤᠪᠢᠰᠬᠠᠯ ᠤᠨ ᠲᠠᠶᠢᠯᠪᠤᠷᠢᠯᠠᠭᠴᠢ ᠂ ᠵᠤᠭᠠᠴᠠᠯ ᠤᠨ ᠠᠵᠢᠯ ᠡᠷᠭᠢᠯᠡᠭᠰᠡᠳ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠣᠷᠣᠯᠴᠠᠭᠠᠳ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠣᠯᠤᠭᠰᠠᠨ ᠪᠠᠶᠢᠪᠠᠯ᠂ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 2 ᠲᠦᠮᠡᠨ ᠲᠥᠭᠦᠷᠢᠭ᠂ 1 ᠲᠦᠮᠡᠨ ᠲᠥᠭᠦᠷᠢᠭ᠂ 0.5 ᠲᠦᠮᠡᠨ ᠲᠥᠭᠦᠷᠢᠭ ᠢᠶᠠᠷ ᠱᠠᠩᠨᠠᠨ᠎ᠠ᠃ ᠣᠨᠴᠠ ᠲᠠᠰ᠂ ᠳᠡᠭᠡᠳᠦ ᠲᠠᠰ᠂ ᠳᠤᠮᠳᠠ ᠲᠠᠰ᠂ ᠠᠩᠬ᠎ᠠ ᠵᠡᠷᠭᠡ ᠶᠢᠨ ᠵᠤᠭᠠᠴᠠᠯ ᠤᠨ ᠬᠥᠲᠥᠴᠢ ᠶᠢᠨ ᠦᠨᠡᠮᠯᠡᠯ ᠢ ᠰᠢᠨ᠎ᠡ ᠪᠠᠷ ᠣᠯᠤᠭᠰᠠᠨ ᠮᠥᠷᠲᠡᠭᠡᠨ ᠮᠠᠨ ᠤ ᠠᠶᠢᠮᠠᠭ ᠲᠤ ᠵᠤᠭᠠᠴᠠᠯ ᠤᠨ ᠬᠥᠲᠥᠴᠢ ᠶᠢᠨ ᠠᠵᠢᠯ ᠬᠢᠭᠡᠳ ᠪᠦᠬᠦᠯᠢ ᠨᠢᠭᠡ ᠵᠢᠯ ᠪᠣᠯᠤᠭᠰᠠᠨ ᠮᠥᠷᠲᠡᠭᠡᠨ ᠪᠦᠯᠬᠦᠮ ᠳᠠᠭᠠᠭᠤᠯᠤᠭᠰᠠᠨ ᠤᠳᠠᠭ᠎ᠠ ᠨᠢ 10 ᠤᠳᠠᠭ᠎ᠠ ᠠᠴᠠ ᠳᠤᠲᠠᠭᠤ ᠥᠬᠡᠶ ᠵᠤᠭᠠᠴᠠᠯ ᠤᠨ ᠬᠥᠲᠥᠴᠢ ᠶᠢ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 2 ᠲᠦᠮᠡᠨ ᠲᠥᠭᠦᠷᠢᠭ᠂ 1 ᠲᠦᠮᠡᠨ ᠲᠥᠭᠦᠷᠢᠭ᠂ 0.5 ᠲᠦᠮᠡᠨ ᠲᠥᠭᠦᠷᠢᠭ᠂ 0.3 ᠲᠦᠮᠡᠨ ᠲᠥᠭᠦᠷᠢᠭ ᠢᠶᠠᠷ ᠱᠠᠩᠨᠠᠨ᠎ᠠ᠃ ᠠᠷᠠᠳ ᠤᠨ ᠪᠠᠶᠢᠷᠢ ᠶᠢᠨ ᠬᠠᠮᠢᠶᠠᠷᠤᠭᠴᠢ᠂ ᠰᠤᠳᠤᠯᠤᠨ ᠰᠤᠷᠤᠯᠴᠠᠬᠤ ᠵᠤᠭᠠᠴᠠᠯ ᠤᠨ ᠵᠢᠯᠣᠭᠤᠳᠤᠭᠴᠢ ᠶᠢᠨ ᠬᠢᠷᠢ ᠬᠡᠮ ᠤᠨ ᠦᠨᠡᠮᠯᠡᠯ ᠢ ᠰᠢᠯᠭᠠᠨ ᠠᠪᠤᠭᠰᠠᠨ ᠮᠥᠷᠲᠡᠭᠡᠨ ᠮᠠᠨ ᠤ ᠠᠶᠢᠮᠠᠭ ᠲᠤ ᠠᠷᠠᠳ ᠤᠨ ᠪᠠᠶᠢᠷᠢ ᠶᠢᠨ ᠬᠠᠮᠢᠶᠠᠷᠤᠭᠴᠢ᠂ ᠰᠤᠳᠤᠯᠤᠨ ᠰᠤᠷᠤᠯᠴᠠᠬᠤ ᠵᠤᠭᠠᠴᠠᠯ ᠤᠨ ᠵᠢᠯᠣᠭᠤᠳᠤᠭᠴᠢ ᠶᠢᠨ ᠠᠵᠢᠯ ᠬᠢᠭᠡᠳ ᠪᠦᠬᠦᠯᠢ ᠨᠢᠭᠡ ᠵᠢᠯ ᠪᠣᠯᠤᠭᠰᠠᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠶ ᠪᠠᠷ 0.5 ᠲᠦᠮᠡᠨ ᠲᠥᠭᠦᠷᠢᠭ ᠢᠶᠠᠷ ᠱᠠᠩᠨᠠᠨ᠎ᠠ᠃      ᠲᠣᠰ ᠲᠥᠰᠦᠯ ᠳᠤ ᠬᠤᠯᠪᠣᠭᠳᠠᠭᠰᠠᠨ ᠡᠵᠡᠩᠨᠡᠯᠲᠡ ᠶᠢᠨ ᠭᠤᠤᠯ ᠴᠣᠭᠴᠠ ᠶᠢᠨ ᠭᠠᠷᠳᠠᠮ ᠨᠢ ᠡᠷᠬᠡᠪᠰᠢ ᠪᠦᠷᠢᠨ  ᠭᠦᠢᠴᠡᠳ‌‍ᠪᠠᠶᠢᠬᠤ ᠬᠡᠷᠡᠭᠲᠡᠶ ᠮᠥᠷᠲᠡᠭᠡᠨ ᠬᠦᠨᠳᠦ ᠶᠡᠭᠡ ᠠᠮᠤᠷ ᠲᠦᠪᠰᠢᠨ ᠤ ᠠᠳᠡᠯ ᠪᠠ ᠵᠢᠭᠤᠯᠴᠢᠯᠠᠯ ᠤᠨ ᠵᠠᠭᠠᠯᠳᠤᠯᠭ᠎ᠠ ᠭᠠᠷᠤᠭᠰᠠᠨ ᠥᠬᠡᠶ᠂ ᠬᠤᠪᠢ ᠬᠥᠮᠦᠨ ᠳᠤ ᠦᠨᠡᠨᠴᠢ ᠢᠲᠡᠭᠡᠮᠵᠢ ᠶᠢᠨ ᠮᠠᠭᠤ ᠲᠡᠮᠳᠡᠭᠯᠡᠯ ᠪᠠᠶᠢᠬᠤ ᠥᠬᠡᠶ᠂ ᠲᠣᠭᠲᠠᠭᠠᠯ ᠠᠴᠠ ᠵᠥᠷᠢᠴᠡᠭᠰᠡᠨ ᠬᠦᠨᠳᠦ ᠶᠡᠭᠡ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠪᠠᠶᠢᠬᠤ ᠥᠬᠡᠶ ᠃ ᠭᠠᠷ ᠭᠦᠶ᠋ᠴᠡᠳᠬᠡᠯ ᠨᠢ ᠪᠦᠷᠢᠨ ᠭᠦᠶ᠋ᠴᠡᠳ ᠪᠤᠰᠤ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠤᠭᠰᠠᠨ᠂ ᠦᠨᠡᠨᠴᠢ ᠢᠲᠡᠭᠡᠮᠵᠢ ᠶᠢᠨ ᠲᠠᠯ᠎ᠠ ᠪᠠᠷ ᠮᠠᠭᠤ ᠲᠡᠮᠳᠡᠭᠯᠡᠯ ᠲᠠᠢ᠂ ᠲᠣᠭᠲᠠᠭᠠᠯ ᠠᠴᠠ ᠵᠥᠷᠢᠴᠡᠭᠰᠡᠨ ᠬᠦᠨᠳᠦ ᠶᠡᠭᠡ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠲᠠᠢ ᠪᠠ  ᠵᠤᠭᠠᠴᠠᠭᠰᠠᠳ ᠤᠨ ᠵᠠᠭᠠᠯᠳᠤᠯᠭ᠎ᠠ ᠭᠠᠷᠤᠭᠰᠠᠨ ᠢ ᠬᠢᠨᠠᠨ ᠬᠠᠷᠭᠤᠭᠤᠯᠤᠭᠠᠳ ᠪᠣᠳᠠᠲᠠᠶ ᠲᠠᠢ ᠨᠡᠶᠢᠴᠡᠭᠰᠡᠨ ᠪᠠᠶᠢᠪᠠᠯ ᠱᠠᠩᠨᠠᠵᠤ ᠨᠥᠬᠦᠪᠥᠷᠢ ᠥᠭᠬᠦ ᠥᠬᠡᠶ᠃    2. ᠲᠣᠰ ᠲᠥᠰᠦᠯ ᠢ ᠬᠢᠩᠭᠠᠨ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃    3 ᠲᠤᠰ ᠲᠥᠰᠦᠯ  ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠨᠢᠭᠡ ᠵᠢᠯ ᠪᠣᠯᠤᠨ᠎ᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号