ᠳ᠋ᠧᠦᠹᠦ᠋ ᠶᠢ ᠵᠢᠭᠠᠰᠤ ᠲᠠᠢ ᠢᠳᠡᠪᠡᠯ ᠢᠯᠡᠭᠦᠦ ᠰᠢᠮ᠎ᠡ ᠲᠡᠵᠢᠭᠡᠯ ᠲᠠᠢ
ᠨᠡᠶᠢᠲᠡᠯᠡᠭᠰᠡᠨ ᠴᠠᠭ᠄
2022/12/12
     ᠳ᠋ᠧᠦᠹᠦ᠋ ᠶᠢ ᠵᠢᠭᠠᠰᠤ ᠲᠠᠢ ᠢᠳᠡᠬᠦ᠂ ᠵᠢᠱᠢᠶᠡᠯᠡᠪᠡᠯ ᠳ᠋ᠧᠦᠹᠦ᠋ ᠲᠠᠢ ᠵᠢᠭᠠᠰᠤᠨ ᠱᠥᠯᠥ ᠨᠢ ᠰᠢᠮ᠎ᠡ ᠲᠡᠵᠢᠭᠡᠯ ᠢᠶᠠᠷ ᠮᠠᠰᠢ ᠥᠨᠳᠥᠷ ᠪᠠᠶᠢᠳᠠᠭ᠃ ᠳ᠋ᠧᠦᠹᠦ᠋ ᠶᠢᠨ ᠥᠨᠳᠡᠭᠡᠨ ᠰᠢᠪᠲᠦᠷᠲᠦ ᠬᠦᠴᠢᠯ ᠤᠨ ᠠᠭᠤᠯᠤᠭᠳᠠᠴᠠ ᠨᠢ ᠨᠡᠯᠢᠶᠡᠳ ᠪᠠᠭ᠎ᠠ᠂ ᠬᠠᠷᠢᠨ ᠵᠢᠭᠠᠰᠤᠨ ᠳᠤ ᠠᠭᠤᠯᠤᠭᠳᠠᠬᠤ ᠨᠢ ᠣᠨᠴᠠᠭᠠᠶ ᠡᠯᠪᠡᠭ ᠪᠠᠶᠢᠳᠠᠭ᠂ ᠵᠢᠭᠠᠰᠤᠨ ᠤ ᠹᠧᠨᠢᠯ ᠫᠷᠤᠫᠢᠯ ᠰᠢᠪᠲᠦᠷᠲᠦ ᠬᠦᠴᠢᠯ ᠤᠨ ᠠᠭᠤᠯᠤᠭᠳᠠᠴᠠ ᠨᠢ ᠨᠡᠯᠢᠶᠡᠳ ᠪᠠᠭ᠎ᠠ᠂ ᠬᠠᠷᠢᠨ ᠳ᠋ᠧᠦᠹᠦ᠋ ᠶᠢᠨ ᠳᠣᠲᠣᠷᠠᠬᠢ ᠠᠭᠤᠯᠤᠭᠳᠠᠴᠠ ᠨᠢ ᠨᠡᠯᠢᠶᠡᠳ ᠥᠨᠳᠥᠷ ᠪᠣᠯᠬᠤᠷ᠂ ᠬᠤᠶᠠᠭᠤᠯᠠ ᠶᠢ ᠨᠡᠶᠢᠯᠡᠭᠦᠯᠵᠦ ᠢᠳᠡᠪᠡᠯ ᠬᠠᠷᠢᠯᠴᠠᠨ ᠨᠥᠬᠦᠪᠦᠷᠢᠯᠡᠬᠦ ᠦᠢᠯᠡᠳᠦᠯ ᠲᠠᠢ᠃ ᠳ᠋ᠧᠦᠹᠦ᠋ ᠶᠢᠨ ᠺᠠᠯᠼ ᠤᠨ ᠠᠭᠤᠯᠤᠭᠳᠠᠴᠠ ᠨᠡᠯᠢᠶᠡᠳ ᠥᠨᠳᠥᠷ᠂ ᠵᠢᠭᠠᠰᠤᠨ ᠤ ᠳᠣᠲᠣᠷ᠎ᠠ ᠸᠢᠲ᠋ᠠᠮᠢᠨ D ᠡᠯᠪᠡᠭ ᠠᠭᠤᠯᠤᠭᠳᠠᠨ᠎ᠠ᠂ ᠬᠤᠶᠠᠭᠤᠯᠠ ᠶᠢ ᠨᠡᠶᠢᠯᠡᠭᠦᠯᠦᠨ ᠢᠳᠡᠪᠡᠯ ᠵᠢᠭᠠᠰᠤᠨ ᠤ ᠪᠡᠶ᠎ᠡ ᠶᠢᠨ ᠳᠣᠲᠣᠷᠠᠬᠢ ᠸᠢᠲ᠋ᠠᠮᠢᠨ D ᠶᠢᠨ ᠦᠢᠯᠡᠳᠦᠯ ᠢᠶᠠᠷ ᠬᠥᠮᠥᠨ ᠤ ᠪᠡᠶ᠎ᠡ ᠶᠢᠨ ᠺᠠᠯᠼ ᠢ ᠰᠢᠩᠭᠡᠭᠡᠬᠦ ᠨᠤᠷᠮ᠎ᠠ ᠨᠡᠩ ᠥᠨᠳᠥᠷ ᠪᠤᠯᠳᠠᠭ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号