︽ᠬᠢᠩᠭᠠᠨ ᠠᠶᠢᠮᠠᠭ ᠤᠨ ᠰᠣᠶᠣᠯ ᠵᠤᠭᠠᠴᠠᠯ ᠤᠨ ᠠᠵᠤ ᠦᠢᠯᠡᠰ ᠢ ᠲᠡᠳᠬᠦᠬᠦ ᠲᠥᠰᠦᠯ︾ 
ᠨᠡᠶᠢᠲᠡᠯᠡᠭᠰᠡᠨ ᠴᠠᠭ᠄
2022/12/12
                  ᠬᠢᠩᠭᠠᠨ ᠠᠶᠢᠮᠠᠭ ᠤᠨ ᠰᠣᠶᠣᠯ ᠵᠤᠭᠠᠴᠠᠯ ᠤᠨ ᠠᠵᠤ ᠦᠢᠯᠡᠰ ᠢ ᠲᠡᠳᠬᠦᠬᠦ ᠲᠥᠰᠦᠯ      ᠶᠡᠷᠦᠩᠬᠡᠶ ᠬᠠᠷᠠᠯᠲᠠ    ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠲᠣᠭᠲᠠᠪᠤᠷᠢᠵᠢᠭᠤᠯᠬᠤ᠂ ᠬᠡᠯᠬᠢᠶ᠎ᠡ ᠶᠢ ᠴᠢᠩᠭᠠᠳᠬᠠᠬᠤ ᠶᠡᠷᠦᠩᠬᠡᠢ ᠰᠡᠳᠬᠢᠴᠡ ᠪᠠᠷ ᠰᠣᠶᠣᠯ  ᠵᠤᠭᠠᠴᠠᠯ  ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠯᠢᠳᠡᠭᠵᠢᠭᠦᠯᠵᠦ᠂ ᠰᠣᠶᠣᠯ  ᠵᠤᠭᠠᠴᠠᠯ  ᠠᠵᠤ ᠦᠢᠯᠡᠰ ᠤᠨ ᠬᠡᠯᠬᠢᠶ᠎ᠡ ᠶᠢᠨ ᠰᠠᠶᠢᠨ ᠬᠥᠭᠵᠢᠯᠲᠡ ᠶᠢ ᠠᠬᠢᠭᠤᠯᠤᠨ᠎ᠠ᠃    ᠲᠡᠳᠬᠦᠬᠦ ᠠᠭᠤᠯᠭ᠎ᠠ    1. ᠨᠡᠶᠢᠭᠡᠮ ᠤᠨ ᠬᠦᠴᠦᠨ ᠤ ᠰᠣᠶᠣᠯ  ᠵᠤᠭᠠᠴᠠᠯ ᠤᠨ ᠭᠤᠤᠯᠳᠠᠯᠭ᠎ᠠ ᠲᠠᠢ ᠲᠥᠷᠥᠯ  ᠵᠦᠢᠯ ᠳᠤ ᠪᠠᠯᠠ ᠣᠷᠣᠭᠤᠯᠬᠤ ᠶᠢ ᠳᠡᠮᠵᠢᠨ᠎ᠠ    ᠰᠢᠨ᠎ᠡ ᠪᠠᠷ ᠨᠠᠶᠢᠳᠠᠪᠤᠷᠢᠵᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠤᠨ ᠡᠵᠡᠩᠨᠡᠭᠰᠡᠨ ᠵᠤᠭᠠᠴᠠᠯ ᠤᠨ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠵᠠᠷᠤᠳᠠᠯ ᠳᠤ ᠱᠠᠩᠨᠠᠯ ᠨᠥᠬᠦᠪᠥᠷᠢ ᠣᠯᠭᠤᠨ᠎ᠠ᠂ ᠲᠤᠬᠠᠶᠢᠯᠠᠪᠠᠯ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ 3 ᠳ᠋ᠦᠩᠰᠢᠭᠤᠷ ᠲᠥᠭᠦᠷᠢᠭ ᠠᠴᠠ ᠳᠡᠭᠡᠭᠰᠢ ︵3 ᠳ᠋ᠦᠩᠰᠢᠭᠤᠷ ᠲᠥᠭᠦᠷᠢᠭ ᠪᠠᠭᠲᠠᠨ᠎ᠠ︶ ᠪᠠᠶᠢᠪᠠᠯ᠂ ᠲᠥᠷᠥᠯ ᠵᠦᠶ᠋ᠯ ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠵᠠᠷᠤᠳᠠᠯ ᠤᠨ 50% ᠪᠠᠷ ᠱᠠᠩᠨᠠᠯ ᠨᠥᠬᠦᠪᠥᠷᠢ ᠣᠯᠭᠤᠵᠤ᠂ ᠬᠠᠮᠤᠭ ᠥᠨᠳᠥᠷ ᠲᠡᠭᠡᠨ 300 ᠲᠦᠮᠡᠨ ᠲᠥᠭᠦᠷᠢᠭ ᠠᠴᠠ ᠳᠠᠪᠠᠭᠤᠯᠬᠤ ᠥᠬᠡᠶ︔ 3 ᠳ᠋ᠦᠩᠰᠢᠭᠤᠷ ᠲᠥᠭᠦᠷᠢᠭ ᠠᠴᠠ ᠳᠣᠷᠣᠭᠰᠢ᠂ 1 ᠳ᠋ᠦᠩᠰᠢᠭᠤᠷ ᠲᠥᠭᠦᠷᠢᠭ ᠠᠴᠠ ᠳᠡᠭᠡᠭᠰᠢ ︵1 ᠳ᠋ᠦᠩᠰᠢᠭᠤᠷ ᠲᠥᠭᠦᠷᠢᠭ ᠪᠠᠭᠲᠠᠨ᠎ᠠ︶ ᠪᠠᠶᠢᠪᠠᠯ᠂ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠵᠠᠷᠤᠳᠠᠯ ᠤᠨ 30% ᠪᠠᠷ ᠱᠠᠩᠨᠠᠯ ᠨᠥᠬᠦᠪᠥᠷᠢ ᠣᠯᠭᠤᠵᠤ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠳᠠᠪᠠᠭᠤᠯᠬᠤ ᠥᠬᠡᠶ︔ 1 ᠳ᠋ᠦᠩᠰᠢᠭᠤᠷ‌‍ᠲ᠋ᠥ᠋ᠭᠦᠷᠢᠭ ᠠᠴᠠ ᠳᠣᠷᠣᠭᠰᠢ᠂ 3000 ᠲᠦᠮᠡᠨ ᠲᠥᠭᠦᠷᠢᠭ ᠠᠴᠠ ᠳᠡᠭᠡᠭᠰᠢ ︵3000 ᠲᠦᠮᠡᠨ ᠲᠥᠭᠦᠷᠢᠭ ᠪᠠᠭᠲᠠᠨ᠎ᠠ︶  ᠳᠤ ᠲᠥᠷᠥᠯ ᠵᠦᠢᠯ  ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠵᠦ ᠵᠢᠷᠤᠭᠯᠠᠨ ᠲᠥᠯᠥᠪᠯᠡᠭᠰᠡᠨ ᠵᠠᠷᠤᠳᠠᠯ  ᠤᠨ10% ᠪᠠᠷ ᠱᠠᠩᠨᠠᠯ ᠨᠥᠬᠦᠪᠥᠷᠢ ᠣᠯᠭᠤᠵᠤ᠂ ᠬᠠᠮᠤᠭ  ᠤᠨ ᠥᠨᠳᠥᠷ ᠲᠡᠭᠡᠨ 50 ᠲᠦᠮᠡᠨ ᠲᠥᠭᠦᠷᠢᠭ ᠠᠴᠠ ᠳᠠᠪᠠᠭᠤᠯᠬᠤ ᠥᠭᠡᠢ᠃    2. ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ    ᠤᠯᠤᠰ ᠤᠨ ᠪᠥᠬᠦ ᠴᠠᠷᠠᠭᠠᠨ ᠤ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠲᠠᠰ ‍ᠤᠨ‌ᠵᠤᠭᠠᠴᠠᠯ ᠤᠨ ᠠᠮᠠᠷᠠᠯᠲᠠ ᠶᠢᠨ ᠣᠷᠣᠨ᠂ ᠤᠯᠤᠰ ᠤᠨ 5A ᠲᠠᠰ ᠤᠨ ᠵᠤᠭᠠᠴᠠᠯ ᠤᠨ ᠦᠵᠡᠮᠵᠢ ᠶᠢᠨ ᠣᠷᠣᠨ ᠢ ᠰᠢᠨ᠎ᠡ ᠪᠠᠷ ᠡᠭᠦᠳᠦᠨ ᠪᠠᠶᠢᠭᠤᠯᠤᠭᠰᠠᠨ ᠪᠠᠶᠢᠪᠠᠯ᠂ ᠨᠢᠭᠡ ᠤᠳᠠᠭ᠎ᠠ ᠳᠤ 500 ᠲᠦᠮᠡᠨ ᠲᠥᠭᠦᠷᠢᠭ ᠢᠶᠠᠷ ᠱᠠᠩᠨᠠᠨ᠎ᠠ︔ ᠤᠯᠤᠰ ᠤᠨ ᠴᠠᠰᠤᠨ ᠳᠤ ᠭᠤᠯᠭᠤᠬᠤ ᠵᠤᠭᠠᠴᠠᠯ ᠤᠨ ᠠᠮᠠᠷᠠᠯᠲᠠ ᠶᠢᠨ ᠭᠠᠵᠠᠷ᠂ ᠤᠯᠤᠰ ᠤᠨ ᠲᠠᠰ ᠤᠨ ᠰᠡᠯᠡᠭᠦᠴᠡᠯ ᠵᠤᠭᠠᠴᠠᠯ ᠤᠨ ᠵᠡᠭᠡᠯᠢ ᠲᠣᠭᠤᠷᠢᠭ᠂ ᠤᠯᠤᠰ ᠤᠨ ᠪᠡᠶ᠎ᠡ ᠶᠢᠨ ᠲᠠᠮᠢᠷ ᠤᠨ ᠵᠤᠭᠠᠴᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠯᠤᠰ ‍ᠤᠨ‌ᠵᠤᠭᠠᠴᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠪᠥᠬᠦ ᠤᠯᠤᠰ ᠤᠨ ᠰᠤᠳᠤᠯᠤᠨ ᠰᠤᠷᠤᠯᠴᠠᠬᠤ ᠵᠤᠭᠠᠴᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠤᠭᠠᠴᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ᠂ ᠤᠯᠤᠰ ᠤᠨ ᠲᠠᠰ ᠤᠨ ᠰᠣᠶᠣᠯ ᠤᠨ ᠠᠵᠤ  ᠦᠢᠯᠡᠰ ᠤᠨ ᠬᠦᠷᠢᠶᠡᠯᠡᠩ ᠲᠣᠭᠤᠷᠢᠭ᠂ ᠤᠯᠤᠰ ᠤᠨ 4A ᠲᠠᠰ ᠤᠨ ᠵᠤᠭᠠᠴᠠᠯ ᠤᠨ ᠦᠵᠡᠮᠵᠢ ᠶᠢᠨ ᠣᠷᠣᠨ ᠢ ᠰᠢᠨ᠎ᠡ ᠪᠠᠷ ᠡᠭᠦᠳᠦᠨ ᠪᠠᠶᠢᠭᠤᠯᠤᠭᠰᠠᠨ ᠪᠠᠶᠢᠪᠠᠯ᠂ ᠨᠢᠭᠡ ᠤᠳᠠᠭ᠎ᠠ ᠳᠤ 300 ᠲᠦᠮᠡᠨ ᠲᠥᠭᠦᠷᠢᠭ ᠢᠶᠠᠷ ᠱᠠᠩᠨᠠᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠴᠠᠷᠠᠭᠠᠨ ᠤ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠤᠭᠠᠴᠠᠯ ᠤᠨ ᠠᠮᠠᠷᠠᠯᠲᠠ ᠶᠢᠨ ᠣᠷᠣᠨ᠂ ᠥᠪᠡᠷᠲᠡᠭᠡᠨ ᠵᠠᠰᠠᠬᠤ ᠣᠷᠣᠨ ᠤ ᠴᠠᠰᠤᠨ ᠳᠤ ᠭᠤᠯᠭᠤᠬᠤ ᠵᠤᠭᠠᠴᠠᠯ ᠤᠨ ᠠᠮᠠᠷᠠᠯᠲᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠪᠠ ᠵᠤᠭᠠᠴᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠡᠯᠡᠭᠦᠴᠡᠯ ᠵᠤᠭᠠᠴᠠᠯ ᠤᠨ ᠵᠡᠭᠡᠯᠢ ᠲᠣᠭᠤᠷᠢᠭ ᠢ ᠰᠢᠨ᠎ᠡ ᠪᠠᠷ ᠡᠭᠦᠳᠦᠨ ᠪᠠᠶᠢᠭᠤᠯᠤᠭᠰᠠᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠶ ᠪᠠᠷ 200 ᠲᠦᠮᠡᠨ ᠲᠥᠭᠦᠷᠢᠭ ᠢᠶᠠᠷ ᠱᠠᠩᠨᠠᠨ᠎ᠠ︔ 5C ᠲᠠᠰ ᠤᠨ ᠬᠤᠪᠢ ᠶᠢᠨ ᠮᠠᠰᠢᠨ ᠲᠡᠷᠭᠡᠨ ᠤ ᠪᠠᠭᠤᠳᠠᠯ᠂ 5 ᠣᠳᠣᠨ ᠲᠠᠰ ᠤᠨ ᠪᠠᠭᠤᠳᠠᠯ᠂ 5A ᠲᠠᠰ ‍ᠤᠨ‌ᠵᠤᠭᠠᠴᠠᠯ ᠤᠨ ᠭᠠᠵᠠᠷ᠂ ᠬᠥᠬᠡ ᠲᠠᠰ ᠤᠨ ᠠᠷᠠᠳ ᠤᠨ ᠪᠠᠭᠤᠳᠠᠯ ᠢ ᠰᠢᠨ᠎ᠡ ᠪᠠᠷ ᠪᠠᠶᠢᠭᠤᠯᠤᠭᠰᠠᠨ ᠪᠠᠶᠢᠪᠠᠯ᠂ ᠨᠢᠭᠡ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ᠎ᠠ︔ 4C ᠲᠠᠰ ᠤᠨ ᠬᠤᠪᠢ ᠶᠢᠨ ᠮᠠᠰᠢᠨ ᠲᠡᠷᠭᠡᠨ ᠤ ᠪᠠᠭᠤᠳᠠᠯ᠂ 4 ᠣᠳᠣᠨ ᠲᠠᠰ ᠤᠨ ᠪᠠᠭᠤᠳᠠᠯ᠂ 4A ᠲᠠᠰ ᠤᠨ ᠵᠤᠭᠠᠴᠠᠯ ᠤᠨ ᠭᠠᠵᠠᠷ᠂ ᠬᠥᠬᠡᠭᠴᠢᠨ ᠲᠠᠰ ᠤᠨ ᠠᠷᠠᠳ ᠤᠨ ᠪᠠᠭᠤᠳᠠᠯ ᠢ ᠰᠢᠨ᠎ᠡ ᠪᠠᠷ ᠪᠠᠶᠢᠭᠤᠯᠤᠭᠰᠠᠨ ᠪᠠᠶᠢᠪᠠᠯ᠂ ᠨᠢᠭᠡ ᠤᠳᠠᠭ᠎ᠠ ᠳᠤ 20 ᠲᠦᠮᠡᠨ ᠲᠥᠭᠦᠷᠢᠭ ᠢᠶᠠᠷ ᠱᠠᠩᠨᠠᠨ᠎ᠠ︔ ᠤᠯᠠᠭᠠᠨ ᠲᠠᠰ ᠤᠨ ᠠᠷᠠᠳ ᠤᠨ ᠰᠠᠭᠤᠴᠠ ᠶᠢ ᠰᠢᠨ᠎ᠡ ᠪᠠᠷ ᠪᠠᠶᠢᠭᠤᠯᠤᠭᠰᠠᠨ ᠪᠠᠶᠢᠪᠠᠯ᠂ ᠨᠢᠭᠡ ᠤᠳᠠᠭ᠎ᠠ ᠳᠤ 10 ᠲᠦᠮᠡᠨ ᠲᠥᠭᠦᠷᠢᠭ ᠢᠶᠠᠷ ᠱᠠᠩᠨᠠᠨ᠎ᠠ︔ 3 ᠣᠳᠣᠨ ᠲᠠᠰ ᠤᠨ ᠪᠠᠭᠤᠳᠠᠯ ᠢ ᠰᠢᠨ᠎ᠡ ᠪᠠᠷ ᠪᠠᠶᠢᠭᠤᠯᠤᠭᠰᠠᠨ ᠪᠠᠶᠢᠪᠠᠯ᠂ ᠨᠢᠭᠡ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ᠃    3. ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ    ᠠᠵᠤ ᠠᠬᠤᠶᠢᠯᠠᠯ ᠤᠨ ᠰᠣᠶᠣᠯ ᠵᠤᠭᠠᠴᠠᠯ ᠤᠨ ᠲᠠᠸᠠᠷ ᠢ ᠵᠢᠷᠤᠭᠯᠠᠨ ᠲᠥᠯᠥᠪᠯᠡᠵᠦ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠤᠯᠤᠰ ᠤᠨ ᠲᠠᠰ ᠤᠨ ᠰᠢᠯᠭᠠᠷᠠᠭᠤᠯᠤᠯᠲᠠ ᠳᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠣᠯᠤᠭᠰᠠᠨ ᠪᠠᠶᠢᠪᠠᠯ᠂ ᠲᠣᠰ ᠲᠣᠰ ᠨᠢᠭᠡ ᠤᠳᠠᠭ᠎ᠠ ᠳᠤ 10 ᠲᠦᠮᠡᠨ ᠲᠥᠭᠦᠷᠢᠭ᠂ 5 ᠲᠦᠮᠡᠨ ᠲᠥᠭᠦᠷᠢᠭ᠂ 3 ᠲᠦᠮᠡᠨ ᠲᠥᠭᠦᠷᠢᠭ ᠢᠶᠠᠷ ᠱᠠᠩᠨᠠᠨ᠎ᠠ︔ ᠣᠨᠴᠠᠯᠢᠠᠠᠳᠣ ᠰᠣᠶᠣᠯ ᠵᠤᠭᠠᠴᠠᠯ ᠤᠨ ᠲᠠᠸᠠᠷ ᠢ ᠨᠡᠭᠡᠭᠡᠨ ᠬᠥᠭᠵᠢᠭᠦᠯᠦᠭᠰᠡᠨ ᠮᠥᠷᠲᠡᠭᠡᠨ ︽ᠥᠪᠥᠷ ᠮᠣᠩᠭᠤᠯ ᠤᠨ ᠪᠡᠯᠡᠭ︾ ᠤᠨ ᠭᠡᠷᠡᠴᠢᠯᠡᠯ ᠢ ᠣᠯᠤᠭᠰᠠᠨ ᠠᠵᠤ ᠠᠬᠤᠶᠢᠯᠠᠯ ᠢ ᠨᠢᠭᠡ ᠤᠳᠠᠭ᠎ᠠ ᠳᠤ 2 ᠲᠦᠮᠡᠨ ᠲᠥᠭᠦᠷᠢᠭ ᠢᠶᠠᠷ ᠱᠠᠩᠨᠠᠨ᠎ᠠ᠃    4. ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠶᠢ ᠠᠬᠢᠭᠤᠯᠤᠨ᠎ᠠ    ᠰᠢᠨ᠎ᠡ ᠪᠠᠷ ᠪᠠᠶᠢᠭᠤᠯᠤᠭᠰᠠᠨ ᠤᠯᠤᠰ ᠤᠨ ᠲᠠᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠤᠯᠳᠠᠯᠭ᠎ᠠ ᠲᠠᠢ ᠪᠠᠯᠭᠠᠰᠤ᠂ ᠲᠣᠰᠬᠤᠨ ᠢ ᠲᠣᠰ ᠲᠣᠰ ᠨᠢᠭᠡ ᠤᠳᠠᠭ᠎ᠠ ᠳᠤ 50 ᠲᠦᠮᠡᠨ ᠲᠥᠭᠦᠷᠢᠭ᠂ 30 ᠲᠦᠮᠡᠨ ᠲᠥᠭᠦᠷᠢᠭ ᠢᠶᠠᠷ ᠱᠠᠩᠨᠠᠨ᠎ᠠ︔ ᠰᠢᠨ᠎ᠡ ᠪᠠᠷ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠤᠯᠳᠠᠯᠭ᠎ᠠ ᠲᠠᠢ ᠪᠠᠯᠭᠠᠰᠤ᠂ ᠲᠣᠰᠬᠤᠨ ᠢ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ ᠢᠶᠠᠷ ᠨᠢᠭᠡ ᠤᠳᠠᠭ᠎ᠠ ᠶᠢᠨ ᠴᠢᠨᠠᠷᠲᠠᠶ ᠪᠠᠷ ᠱᠠᠩᠨᠠᠨ᠎ᠠ︔ ᠰᠢᠨ᠎ᠡ ᠪᠠᠷ ᠡᠭᠦᠳᠦᠨ ᠪᠠᠶᠢᠭᠤᠯᠤᠭᠰᠠᠨ 5 ᠣᠳᠣᠨ ᠲᠠᠰ ᠤᠨ ᠬᠥᠳᠡᠭᠡ ᠲᠣᠰᠬᠤᠨ ᠤ ᠵᠤᠭᠠᠴᠠᠯ ᠤᠨ ᠭᠥᠯᠢᠶᠡᠨ ᠠᠪᠬᠤ ᠡᠷᠦᠬᠡ ᠶᠢ ᠨᠢᠭᠡ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ᠃    5. ᠨᠠᠮᠤᠷ ᠡᠪᠦᠯ ᠤᠨ ᠤᠯᠠᠷᠢᠯ ᠤᠨ ᠵᠤᠭᠠᠴᠠᠯ ᠤᠨ ᠵᠠᠬ᠎ᠠ ᠳᠡᠯᠭᠡᠭᠦᠷ ᠢ ᠬᠦᠭᠵᠢᠶᠡᠨᠲᠡᠢ ᠪᠣᠯᠭᠠᠨ᠎ᠠ    ᠨᠠᠮᠤᠷ ᠡᠪᠦᠯ ᠤᠨ ᠤᠯᠠᠷᠢᠯ ︵10 ᠳ᠋ᠤᠭᠠᠷ ᠰᠠᠷ᠎ᠠ ᠶᠢᠨ 1 ᠤ ᠡᠳᠦᠷ ᠠᠴᠠ ᠢᠷᠡᠬᠦ ᠵᠢᠯ ᠤᠨ 4  ᠳ᠋ᠤᠭᠡᠷ ᠰᠠᠷ᠎ᠠ ᠶᠢᠨ 30 ᠤ ᠡᠳᠦᠷ ᠪᠣᠯᠲᠠᠯ᠎ᠠ︶᠂ ᠵᠤᠭᠠᠴᠠᠯ  ᠤᠨ ᠭᠠᠵᠠᠷ ᠠᠶᠢᠮᠠᠭ ᠤᠨ ᠭᠠᠳᠠᠨᠠᠬᠢ ᠵᠤᠭᠠᠴᠠᠭᠰᠠᠳ ᠢ ᠵᠣᠬᠢᠶᠠᠨ ᠪᠠᠶᠢᠭᠤᠯᠤᠨ ᠮᠠᠨ ᠤ ᠠᠶᠢᠮᠠᠭ ᠲᠤ ᠣᠴᠢᠭᠤᠯᠵᠤ᠂ ᠨᠠᠭᠠᠳᠤ ᠵᠠᠬ᠎ᠠ ᠳᠠᠭᠠᠨ 1 A ᠲᠠᠰ ᠤᠨ ᠦᠵᠡᠮᠵᠢ ᠶᠢᠨ ᠣᠷᠣᠨ ᠢ ᠲᠣᠭᠤᠷᠢᠨ ᠦᠵᠡᠭᠦᠯᠬᠦ ᠶᠢᠨ ᠬᠠᠮᠲᠤ ᠣᠳᠣᠨ ᠲᠠᠰ ᠤᠨ ᠪᠠᠭᠤᠳᠠᠯ ︵ᠠᠷᠠᠳ ᠤᠨ ᠣᠷᠣᠨ ᠰᠠᠭᠤᠴᠠ ᠶᠢ ᠪᠦᠷᠢᠳᠬᠡᠨ ᠳᠠᠩᠰᠠᠯᠠᠭᠤᠯᠬᠤ᠂ ᠬᠡᠭᠡᠷ᠎ᠡ ᠪᠠᠭᠤᠳᠠᠯᠯᠠᠬᠤ ᠭᠠᠵᠠᠷ᠂ ᠣᠳᠣᠨ ᠲᠠᠰ ᠤᠨ ᠭᠥᠯᠢᠶᠡᠨ ᠠᠪᠬᠤ ᠡᠷᠦᠬᠡ ᠶᠢ ᠪᠦᠷᠢᠳᠬᠡᠨ ᠳᠠᠩᠰᠠᠯᠠᠭᠤᠯᠬᠤ ᠪᠠᠭᠲᠠᠨ᠎ᠠ︶ ᠳᠤ ᠬᠤᠨᠣᠭᠰᠠᠨ ᠪᠠᠶᠢᠪᠠᠯ᠂ ᠬᠥᠮᠦᠨ ᠪᠦᠷᠢ ᠳᠤ 50 ᠲᠥᠭᠦᠷᠢᠭ ᠤᠨ ᠪᠠᠷᠢᠮᠵᠢᠶ᠎ᠠ ᠪᠠᠷ ᠵᠤᠭᠠᠴᠠᠯ ᠤᠨ ᠭᠠᠵᠠᠷ ᠤᠨ ᠱᠠᠩᠨᠠᠯ ᠨᠥᠬᠦᠪᠥᠷᠢ ᠣᠯᠭᠤᠨ᠎ᠠ︔  ᠰᠢᠶᠧ ᠴᠧᠩ ᠲᠠᠪᠴᠠᠩ ᠳᠤ ᠲᠦᠰᠢᠭᠯᠡᠨ᠂ ᠨᠢᠰᠬᠡᠯ ᠤᠨ ᠪᠢᠯᠧᠲ᠂ ᠵᠣᠴᠢᠳ ᠤᠨ ᠪᠠᠭᠤᠳᠠᠯ᠂ ᠬᠤᠭᠤᠯᠠ ᠤᠮᠳᠠ ᠪᠠᠷᠠᠭ᠎ᠠ ᠬᠤᠳᠠᠯᠳᠤᠨ ᠠᠪᠬᠤ᠂ ᠦᠵᠡᠮᠵᠢ ᠶᠢᠨ ᠣᠷᠣᠨ ᠤ ᠡᠭᠦᠳᠡᠨ ᠪᠢᠯᠧᠲ ᠵᠡᠷᠭᠡ ᠲᠠᠯ᠎ᠠ ᠪᠠᠷ᠂ ᠮᠠᠨ ᠤ ᠠᠶᠢᠮᠠᠭ ᠲᠤ ᠢᠷᠡᠭᠰᠡᠨ ᠥᠪᠡᠰᠦᠪᠡᠨ  ᠦᠢᠯᠡᠴᠢᠯᠡᠬᠦ  ᠵᠤᠭᠠᠴᠠᠭᠰᠠᠳ ᠤᠨ ᠵᠠᠬᠢᠶᠠᠯᠠᠭ᠎ᠠ ᠶᠢᠨ ᠬᠠᠭᠤᠳᠠᠰᠤᠨ ᠳᠤ ︽ᠦᠨ᠎ᠡ ᠪᠠᠭᠤᠷᠠᠭᠤᠯᠬᠤ + ᠳᠦᠭᠦᠷᠡᠩ ᠬᠠᠰᠤᠬᠤ︾ ᠠᠷᠭ᠎ᠠ ᠮᠠᠶ᠋ᠢᠭ ᠢᠶᠠᠷ ᠨᠥᠬᠦᠪᠥᠷᠢ ᠥᠭᠴᠦ᠂ ᠨᠡᠶᠢᠲᠡ 200 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠨᠥᠬᠦᠵᠦ ᠪᠠᠷᠠᠪᠠᠯ ᠳᠠᠷᠤᠶ ᠵᠣᠭᠰᠣᠨ᠎ᠠ᠃    6.  ᠵᠤᠭᠠᠴᠠᠯ ᠤᠨ ᠳᠠᠭᠠᠭᠠᠴᠢᠯᠠᠭᠰᠠᠨ ᠨᠢᠰᠬᠡᠯ᠂  ᠵᠤᠭᠠᠴᠠᠯ ᠤᠨ ᠲᠤᠰᠬᠠᠶ ᠲᠡᠷᠭᠡ ᠪᠠ ᠲᠣᠮᠣ ᠰᠠᠭᠤᠳᠠᠯ ᠤᠨ ᠮᠠᠰᠢᠨ ᠲᠡᠷᠭᠡ ᠨᠡᠪᠲᠡᠷᠡᠭᠦᠯᠬᠦ ᠶᠢ ᠳᠡᠮᠵᠢᠨ᠎ᠡ     ᠵᠤᠭᠠᠴᠠᠯ ᠤᠨ ᠭᠠᠵᠠᠷ  ᠵᠤᠭᠠᠴᠠᠯ ᠤᠨ ᠲᠤᠰᠬᠠᠶ ᠭᠠᠯᠲᠤ ᠲᠡᠷᠭᠡ ᠪᠠᠷ ᠳᠠᠮᠵᠢᠭᠤᠯᠤᠨ ᠠᠶᠢᠮᠠᠭ ᠤᠨ ᠭᠠᠳᠠᠨᠠᠬᠢ  ᠵᠤᠭᠠᠴᠠᠭᠰᠠᠳ ᠢ ᠵᠣᠬᠢᠶᠠᠨ ᠪᠠᠶᠢᠭᠤᠯᠵᠤ ︵180 ᠬᠥᠮᠦᠨ / ᠴᠤᠪᠤᠭ᠎ᠠ ᠲᠡᠷᠭᠡ ᠠᠴᠠ ᠳᠣᠤᠷ᠎ᠠ ᠥᠬᠡᠶ︶ ᠶᠢ ᠮᠠᠨ ᠤ ᠠᠶᠢᠮᠠᠭ ᠲᠤ ᠣᠴᠢᠭᠤᠯᠵᠤ᠂ ᠨᠠᠭᠠᠳᠤ ᠵᠠᠬ᠎ᠠ ᠳᠠᠭᠠᠨ 1 A ᠲᠠᠰ ᠤᠨ ᠦᠵᠡᠮᠵᠢ ᠶᠢᠨ ᠣᠷᠣᠨ ᠢ ᠲᠣᠭᠤᠷᠢᠨ ᠦᠵᠡᠬᠦ ᠶᠢᠨ ᠬᠠᠮᠲᠤ᠂ ᠣᠳᠣᠨ ᠲᠠᠰ ᠤᠨ ᠪᠠᠭᠤᠳᠠᠯ ︵ᠠᠷᠠᠳ ᠤᠨ ᠣᠷᠣᠨ ᠰᠠᠭᠤᠴᠠ ᠶᠢ ᠪᠦᠷᠢᠳᠬᠡᠨ ᠳᠠᠩᠰᠠᠯᠠᠬᠤ ᠂ ᠬᠡᠭᠡᠷ᠎ᠡ ᠪᠠᠭᠤᠳᠠᠯᠯᠠᠬᠤ ᠭᠠᠵᠠᠷ᠂ ᠣᠳᠣᠨ ᠲᠠᠰ ᠤᠨ ᠭᠥᠯᠢᠶᠡᠨ ᠠᠪᠬᠤ ᠡᠷᠦᠬᠡ ᠶᠢ ᠪᠦᠷᠢᠳᠬᠡᠨ ᠳᠠᠩᠰᠠᠯᠠᠬᠤ ᠪᠠᠭᠲᠠᠨ᠎ᠠ︶ ᠳᠤ ᠬᠤᠨᠣᠭᠰᠠᠨ ᠪᠠᠶᠢᠪᠠᠯ᠂  ᠵᠤᠭᠠᠴᠠᠯ ᠤᠨ ᠭᠠᠵᠠᠷ ᠤᠨ ᠱᠠᠩᠨᠠᠯ ᠣᠯᠭᠤᠨ᠎ᠠ᠃  ᠵᠤᠭᠠᠴᠠᠯ ᠤᠨ ᠲᠤᠰᠬᠠᠶ ᠴᠤᠪᠤᠭ᠎ᠠ ᠲᠡᠷᠭᠡ ᠶᠢᠨ ᠠᠶᠠᠯᠠᠯ ᠤᠨ ᠵᠠᠶ ᠨᠢ 800 ᠺᠢᠯᠣᠮᠧᠲᠷ ᠤᠨ ᠬᠤᠭᠤᠷᠣᠨᠳᠣ ᠪᠠᠶᠢᠪᠠᠯ ᠬᠥᠮᠦᠨ ᠪᠦᠷᠢ ᠳᠤ 80 ᠲᠥᠭᠦᠷᠢᠭ ᠤᠨ ᠪᠠᠷᠢᠮᠵᠢᠶ᠎ᠠ ᠪᠠᠷ ᠱᠠᠩᠨᠠᠨ ᠬᠥᠬᠢᠭᠦᠯᠵᠦ᠂ ᠠᠶᠠᠯᠠᠯ ᠤᠨ ᠵᠠᠶ ᠨᠢ 800 ᠺᠢᠯᠣᠮᠧᠲᠷ ᠠᠴᠠ ᠳᠡᠭᠡᠭᠰᠢ ᠪᠠᠶᠢᠪᠠᠯ ᠬᠥᠮᠦᠨ ᠪᠦᠷᠢ ᠳᠤ 100 ᠲᠥᠭᠦᠷᠢᠭ ᠤᠨ ᠪᠠᠷᠢᠮᠵᠢᠶ᠎ᠠ ᠪᠠᠷ ᠱᠠᠩᠨᠠᠨ ᠬᠥᠬᠢᠭᠦᠯᠦᠨ᠎ᠡ︔ ᠨᠢᠰᠬᠡᠯ ᠳᠠᠭᠠᠭᠠᠴᠢᠯᠠᠬᠤ ᠵᠡᠷᠭᠡ ︵20 ᠬᠥᠮᠦᠨ / ᠪᠦᠯᠬᠦᠮ ᠠᠴᠠ ᠳᠣᠤᠷ᠎ᠠ ᠥᠬᠡᠶ︶ ᠪᠤᠶᠤ  ᠵᠤᠭᠠᠴᠠᠯ ᠤᠨ ᠲᠣᠮᠣ ᠰᠠᠭᠤᠳᠠᠯ ᠤᠨ ᠮᠠᠰᠢᠨ ︵50 ᠬᠥᠮᠦᠨ / ᠪᠦᠯᠬᠦᠮ ᠠᠴᠠ ᠳᠣᠤᠷ᠎ᠠ ᠥᠬᠡᠶ︶ ᠤ ᠠᠷᠭ᠎ᠠ ᠮᠠᠶ᠋ᠢᠭ ᠢᠶᠠᠷ ᠳᠠᠮᠵᠢᠭᠤᠯᠤᠨ ᠠᠶᠢᠮᠠᠭ ᠤᠨ ᠭᠠᠳᠠᠨᠠᠬᠢ  ᠵᠤᠭᠠᠴᠠᠭᠰᠠᠳ ᠢ ᠵᠣᠬᠢᠶᠠᠨ ᠪᠠᠶᠢᠭᠤᠯᠵᠤ ᠮᠠᠨ ᠤ ᠠᠶᠢᠮᠠᠭ ᠤᠨ A ᠲᠠᠰ ᠤᠨ ᠦᠵᠡᠮᠵᠢ ᠶᠢᠨ ᠣᠷᠣᠨ ᠳᠤ ᠵᠤᠭᠠᠴᠠᠭᠤᠯᠬᠤ ᠶᠢᠨ ᠬᠠᠮᠲᠤ᠂ ᠣᠳᠣᠨ ᠲᠠᠰ ᠤᠨ ᠪᠠᠭᠤᠳᠠᠯ ︵ᠠᠷᠠᠳ ᠤᠨ ᠣᠷᠣᠨ ᠰᠠᠭᠤᠴᠠ ᠶᠢ ᠪᠦᠷᠢᠳᠬᠡᠨ ᠳᠠᠩᠰᠠᠯᠠᠬᠤ᠂ ᠬᠡᠭᠡᠷ᠎ᠡ ᠪᠠᠭᠤᠳᠠᠯᠯᠠᠬᠤ ᠭᠠᠵᠠᠷ᠂ ᠣᠳᠣᠨ ᠲᠠᠰ ᠤᠨ ᠭᠥᠯᠢᠶᠡᠨ ᠠᠪᠬᠤ ᠡᠷᠦᠬᠡ ᠶᠢ ᠪᠦᠷᠢᠳᠬᠡᠨ ᠳᠠᠩᠰᠠᠯᠠᠬᠤ ᠪᠠᠭᠲᠠᠨ᠎ᠠ︶ ᠳᠤ ᠬᠤᠨᠣᠭᠰᠠᠨ ᠪᠠᠶᠢᠪᠠᠯ᠂ ᠵᠤᠭᠠᠴᠠᠯ ᠤᠨ ᠲᠤᠰᠬᠠᠶ ᠭᠠᠯᠲᠤ ᠲᠡᠷᠭᠡᠨ ᠤ ᠱᠠᠩᠨᠠᠯ ᠤᠨ ᠵᠠᠭᠪᠤᠷ ᠢᠶᠠᠷ ᠯᠠᠪᠯᠠᠯᠲᠠ ᠪᠣᠯᠭᠠᠵᠤ ᠵᠤᠭᠠᠴᠠᠯ ᠤᠨ  ᠦᠢᠯᠡᠴᠢᠯᠡᠭᠡᠨ ᠤ ᠭᠠᠵᠠᠷ ᠲᠤ ᠱᠠᠩᠨᠠᠯ ᠣᠯᠭᠤᠨ᠎ᠠ ︵ᠵᠠᠮ ᠬᠠᠷᠢᠯᠴᠠᠭᠠᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ 2022 ᠣᠨ ᠤ 6 ᠳ᠋ᠤᠭᠠᠷ ᠰᠠᠷ᠎ᠠ ᠶᠢᠨ1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ︶    7. ︽ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ + ᠵᠤᠭᠠᠴᠠᠯ︾ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ      ᠵᠤᠭᠠᠴᠠᠯ ᠤᠨ ᠺᠣᠮᠫᠠᠨᠢ ᠶᠢᠨ ︽ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ + ᠵᠤᠭᠠᠴᠠᠯ︾ ᠤᠨ ᠲᠤᠬᠠᠶᠢᠯᠠᠭᠰᠠᠨ ᠠᠵᠢᠯ ᠬᠥᠭᠵᠢᠭᠦᠯᠬᠦ ᠶᠢ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠨᠢᠰᠬᠡᠯ ᠤᠨ ᠪᠠᠭᠤᠳᠠᠯ ᠯᠤᠭ᠎ᠠ ᠵᠤᠭᠠᠴᠠᠨ ᠲᠣᠭᠤᠷᠢᠬᠤ ᠵᠤᠭᠠᠴᠠᠯ᠂ ᠭᠤᠤᠯ ᠰᠡᠳᠦᠪᠲᠦ ᠵᠤᠭᠠᠴᠠᠯ᠂ ᠪᠡᠶᠡᠴᠢᠯᠡᠨ ᠣᠶᠢᠯᠠᠭᠠᠬᠤ ᠵᠤᠭᠠᠴᠠᠯ ᠵᠡᠷᠭᠡ ︽ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ + ᠵᠤᠭᠠᠴᠠᠯ︾ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠪᠠ ᠪᠦᠲᠦᠭᠡᠭᠳᠡᠬᠦᠨ ᠢ ᠬᠠᠮᠲᠤᠷᠠᠨ ᠨᠡᠭᠡᠭᠡᠨ ᠬᠥᠭᠵᠢᠭᠦᠯᠵᠦ᠂ ᠠᠶᠢᠮᠠᠭ ᠤᠨ ᠭᠠᠳᠠᠨᠠᠬᠢ ᠵᠤᠭᠠᠴᠠᠭᠰᠠᠳ ᠢ ᠵᠣᠬᠢᠶᠠᠨ ᠪᠠᠶᠢᠭᠤᠯᠤᠨ ᠮᠠᠨ ᠤ ᠠᠶᠢᠮᠠᠭ ᠲᠤ ᠣᠴᠢᠭᠤᠯᠵᠤ᠂ ᠠᠳᠠᠭ ᠲᠠᠭᠠᠨ 1 A ᠲᠠᠰ ᠤᠨ ᠦᠵᠡᠮᠵᠢ ᠶᠢᠨ ᠣᠷᠣᠨ ᠢᠶᠠᠷ ᠵᠤᠭᠠᠴᠠᠭᠤᠯᠬᠤ ᠶᠢᠨ ᠬᠠᠮᠲᠤ᠂ ᠣᠳᠣᠨ ᠲᠠᠰ ᠤᠨ ᠪᠠᠭᠤᠳᠠᠯ ︵ᠳᠠᠩᠰᠠᠯᠠᠭᠤᠯᠤᠭᠰᠠᠨ ᠠᠷᠠᠳ ᠤᠨ ᠪᠠᠭᠤᠳᠠᠯ᠂ ᠳᠠᠩᠰᠠᠯᠠᠭᠤᠯᠤᠭᠰᠠᠨ ᠬᠡᠭᠡᠷ᠎ᠡ ᠪᠠᠭᠤᠳᠠᠯᠯᠠᠬᠤ ᠭᠠᠵᠠᠷ᠂ ᠣᠳᠣᠨ ᠲᠠᠰ ᠤᠨ ᠭᠥᠯᠢᠶᠡᠨ ᠠᠪᠬᠤ ᠡᠷᠦᠬᠡ ᠪᠠᠭᠲᠠᠨ᠎ᠠ︶ ᠳᠤ ᠬᠤᠨᠣᠭᠯᠠᠪᠠᠯ᠂ ᠬᠥᠮᠦᠨ ᠪᠦᠷᠢ ᠳᠤ 200 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ    8. ᠵᠤᠭᠠᠴᠠᠯ ᠤᠨ ᠦᠢᠯᠡᠴᠢᠯᠡᠭᠡᠨ ᠤ ᠶᠠᠰᠤ ᠴᠢᠨᠠᠷ  ᠢ ᠳᠡᠭᠭᠡᠰᠢᠯᠡᠭᠦᠯᠦᠨ᠎ᠡ    ᠤᠯᠤᠰ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠵᠤᠭᠠᠴᠠᠯ ᠤᠨ ᠵᠢᠱᠢᠶ᠎ᠡ ᠦᠵᠡᠭᠦᠯᠬᠦ ᠨᠢᠭᠡᠴᠢ ᠶᠢ ᠭᠥᠷᠳᠡᠪᠡᠯ᠂ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 10 ᠲᠦᠮᠡᠨ ᠲᠥᠭᠦᠷᠢᠭ᠂ 5 ᠲᠦᠮᠡᠨ ᠲᠥᠭᠦᠷᠢᠭ ᠢᠶᠠᠷ ᠱᠠᠩᠨᠠᠨ᠎ᠠ᠃ ᠵᠤᠭᠠᠴᠠᠯ ᠤᠨ ᠬᠠᠤᠯᠢ ᠬᠡᠷᠡᠭᠵᠢᠭᠦᠯᠬᠦ ᠠᠵᠢᠯᠲᠠᠨ᠂ ᠬᠤᠪᠢᠰᠬᠠᠯ ᠤᠨ ᠲᠠᠶᠢᠯᠪᠤᠷᠢᠯᠠᠭᠴᠢ ᠂ ᠵᠤᠭᠠᠴᠠᠯ ᠤᠨ ᠠᠵᠢᠯ ᠡᠷᠭᠢᠯᠡᠭᠰᠡᠳ ᠤᠨ ᠤᠯᠤᠰ ᠤᠨ ᠲᠠᠰ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠣᠷᠣᠯᠴᠠᠭᠠᠳ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠣᠯᠤᠭᠰᠠᠨ ᠪᠠᠶᠢᠪᠠᠯ᠂ ᠲᠣᠰ ᠲᠣᠰ ᠨᠢᠭᠡ ᠤᠳᠠᠭ᠎ᠠ ᠳᠤ 3 ᠲᠦᠮᠡᠨ ᠲᠥᠭᠦᠷᠢᠭ᠂ 2 ᠲᠦᠮᠡᠨ ᠲᠥᠭᠦᠷᠢᠭ᠂ 1 ᠲᠦᠮᠡᠨ ᠲᠥᠭᠦᠷᠢᠭ ᠢᠶᠠᠷ ᠱᠠᠩᠨᠠᠨ᠎ᠠ︔ ᠵᠤᠭᠠᠴᠠᠯ ᠤᠨ ᠬᠠᠤᠯᠢ ᠬᠡᠷᠡᠭᠵᠢᠭᠦᠯᠬᠦ ᠠᠵᠢᠯᠲᠠᠨ᠂ ᠬᠤᠪᠢᠰᠬᠠᠯ ᠤᠨ ᠲᠠᠶᠢᠯᠪᠤᠷᠢᠯᠠᠭᠴᠢ ᠂ ᠵᠤᠭᠠᠴᠠᠯ ᠤᠨ ᠠᠵᠢᠯ ᠡᠷᠭᠢᠯᠡᠭᠰᠡᠳ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠣᠷᠣᠯᠴᠠᠭᠠᠳ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠣᠯᠤᠭᠰᠠᠨ ᠪᠠᠶᠢᠪᠠᠯ᠂ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 2 ᠲᠦᠮᠡᠨ ᠲᠥᠭᠦᠷᠢᠭ᠂ 1 ᠲᠦᠮᠡᠨ ᠲᠥᠭᠦᠷᠢᠭ᠂ 0.5 ᠲᠦᠮᠡᠨ ᠲᠥᠭᠦᠷᠢᠭ ᠢᠶᠠᠷ ᠱᠠᠩᠨᠠᠨ᠎ᠠ᠃ ᠣᠨᠴᠠ ᠲᠠᠰ᠂ ᠳᠡᠭᠡᠳᠦ ᠲᠠᠰ᠂ ᠳᠤᠮᠳᠠ ᠲᠠᠰ᠂ ᠠᠩᠬ᠎ᠠ ᠵᠡᠷᠭᠡ ᠶᠢᠨ ᠵᠤᠭᠠᠴᠠᠯ ᠤᠨ ᠬᠥᠲᠥᠴᠢ ᠶᠢᠨ ᠦᠨᠡᠮᠯᠡᠯ ᠢ ᠰᠢᠨ᠎ᠡ ᠪᠠᠷ ᠣᠯᠤᠭᠰᠠᠨ ᠮᠥᠷᠲᠡᠭᠡᠨ ᠮᠠᠨ ᠤ ᠠᠶᠢᠮᠠᠭ ᠲᠤ ᠵᠤᠭᠠᠴᠠᠯ ᠤᠨ ᠬᠥᠲᠥᠴᠢ ᠶᠢᠨ ᠠᠵᠢᠯ ᠬᠢᠭᠡᠳ ᠪᠦᠬᠦᠯᠢ ᠨᠢᠭᠡ ᠵᠢᠯ ᠪᠣᠯᠤᠭᠰᠠᠨ ᠮᠥᠷᠲᠡᠭᠡᠨ ᠪᠦᠯᠬᠦᠮ ᠳᠠᠭᠠᠭᠤᠯᠤᠭᠰᠠᠨ ᠤᠳᠠᠭ᠎ᠠ ᠨᠢ 10 ᠤᠳᠠᠭ᠎ᠠ ᠠᠴᠠ ᠳᠤᠲᠠᠭᠤ ᠥᠬᠡᠶ ᠵᠤᠭᠠᠴᠠᠯ ᠤᠨ ᠬᠥᠲᠥᠴᠢ ᠶᠢ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 2 ᠲᠦᠮᠡᠨ ᠲᠥᠭᠦᠷᠢᠭ᠂ 1 ᠲᠦᠮᠡᠨ ᠲᠥᠭᠦᠷᠢᠭ᠂ 0.5 ᠲᠦᠮᠡᠨ ᠲᠥᠭᠦᠷᠢᠭ᠂ 0.3 ᠲᠦᠮᠡᠨ ᠲᠥᠭᠦᠷᠢᠭ ᠢᠶᠠᠷ ᠱᠠᠩᠨᠠᠨ᠎ᠠ᠃ ᠠᠷᠠᠳ ᠤᠨ ᠪᠠᠶᠢᠷᠢ ᠶᠢᠨ ᠬᠠᠮᠢᠶᠠᠷᠤᠭᠴᠢ᠂ ᠰᠤᠳᠤᠯᠤᠨ ᠰᠤᠷᠤᠯᠴᠠᠬᠤ ᠵᠤᠭᠠᠴᠠᠯ ᠤᠨ ᠵᠢᠯᠣᠭᠤᠳᠤᠭᠴᠢ ᠶᠢᠨ ᠬᠢᠷᠢ ᠬᠡᠮ ᠤᠨ ᠦᠨᠡᠮᠯᠡᠯ ᠢ ᠰᠢᠯᠭᠠᠨ ᠠᠪᠤᠭᠰᠠᠨ ᠮᠥᠷᠲᠡᠭᠡᠨ ᠮᠠᠨ ᠤ ᠠᠶᠢᠮᠠᠭ ᠲᠤ ᠠᠷᠠᠳ ᠤᠨ ᠪᠠᠶᠢᠷᠢ ᠶᠢᠨ ᠬᠠᠮᠢᠶᠠᠷᠤᠭᠴᠢ᠂ ᠰᠤᠳᠤᠯᠤᠨ ᠰᠤᠷᠤᠯᠴᠠᠬᠤ ᠵᠤᠭᠠᠴᠠᠯ ᠤᠨ ᠵᠢᠯᠣᠭᠤᠳᠤᠭᠴᠢ ᠶᠢᠨ ᠠᠵᠢᠯ ᠬᠢᠭᠡᠳ ᠪᠦᠬᠦᠯᠢ ᠨᠢᠭᠡ ᠵᠢᠯ ᠪᠣᠯᠤᠭᠰᠠᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠶ ᠪᠠᠷ 0.5 ᠲᠦᠮᠡᠨ ᠲᠥᠭᠦᠷᠢᠭ ᠢᠶᠠᠷ ᠱᠠᠩᠨᠠᠨ᠎ᠠ᠃      ᠲᠣᠰ ᠲᠥᠰᠦᠯ ᠳᠤ ᠬᠤᠯᠪᠣᠭᠳᠠᠭᠰᠠᠨ ᠡᠵᠡᠩᠨᠡᠯᠲᠡ ᠶᠢᠨ ᠭᠤᠤᠯ ᠴᠣᠭᠴᠠ ᠶᠢᠨ ᠭᠠᠷᠳᠠᠮ ᠨᠢ ᠡᠷᠬᠡᠪᠰᠢ ᠪᠦᠷᠢᠨ  ᠭᠦᠢᠴᠡᠳ‌‍ᠪᠠᠶᠢᠬᠤ ᠬᠡᠷᠡᠭᠲᠡᠶ ᠮᠥᠷᠲᠡᠭᠡᠨ ᠬᠦᠨᠳᠦ ᠶᠡᠭᠡ ᠠᠮᠤᠷ ᠲᠦᠪᠰᠢᠨ ᠤ ᠠᠳᠡᠯ ᠪᠠ ᠵᠢᠭᠤᠯᠴᠢᠯᠠᠯ ᠤᠨ ᠵᠠᠭᠠᠯᠳᠤᠯᠭ᠎ᠠ ᠭᠠᠷᠤᠭᠰᠠᠨ ᠥᠬᠡᠶ᠂ ᠬᠤᠪᠢ ᠬᠥᠮᠦᠨ ᠳᠤ ᠦᠨᠡᠨᠴᠢ ᠢᠲᠡᠭᠡᠮᠵᠢ ᠶᠢᠨ ᠮᠠᠭᠤ ᠲᠡᠮᠳᠡᠭᠯᠡᠯ ᠪᠠᠶᠢᠬᠤ ᠥᠬᠡᠶ᠂ ᠲᠣᠭᠲᠠᠭᠠᠯ ᠠᠴᠠ ᠵᠥᠷᠢᠴᠡᠭᠰᠡᠨ ᠬᠦᠨᠳᠦ ᠶᠡᠭᠡ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠪᠠᠶᠢᠬᠤ ᠥᠬᠡᠶ ᠃ ᠭᠠᠷ ᠭᠦᠶ᠋ᠴᠡᠳᠬᠡᠯ ᠨᠢ ᠪᠦᠷᠢᠨ ᠭᠦᠶ᠋ᠴᠡᠳ ᠪᠤᠰᠤ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠤᠭᠰᠠᠨ᠂ ᠦᠨᠡᠨᠴᠢ ᠢᠲᠡᠭᠡᠮᠵᠢ ᠶᠢᠨ ᠲᠠᠯ᠎ᠠ ᠪᠠᠷ ᠮᠠᠭᠤ ᠲᠡᠮᠳᠡᠭᠯᠡᠯ ᠲᠠᠢ᠂ ᠲᠣᠭᠲᠠᠭᠠᠯ ᠠᠴᠠ ᠵᠥᠷᠢᠴᠡᠭᠰᠡᠨ ᠬᠦᠨᠳᠦ ᠶᠡᠭᠡ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠲᠠᠢ ᠪᠠ  ᠵᠤᠭᠠᠴᠠᠭᠰᠠᠳ ᠤᠨ ᠵᠠᠭᠠᠯᠳᠤᠯᠭ᠎ᠠ ᠭᠠᠷᠤᠭᠰᠠᠨ ᠢ ᠬᠢᠨᠠᠨ ᠬᠠᠷᠭᠤᠭᠤᠯᠤᠭᠠᠳ ᠪᠣᠳᠠᠲᠠᠶ ᠲᠠᠢ ᠨᠡᠶᠢᠴᠡᠭᠰᠡᠨ ᠪᠠᠶᠢᠪᠠᠯ ᠱᠠᠩᠨᠠᠵᠤ ᠨᠥᠬᠦᠪᠥᠷᠢ ᠥᠭᠬᠦ ᠥᠬᠡᠶ᠃    2. ᠲᠣᠰ ᠲᠥᠰᠦᠯ ᠢ ᠬᠢᠩᠭᠠᠨ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃    3 ᠲᠤᠰ ᠲᠥᠰᠦᠯ  ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠨᠢᠭᠡ ᠵᠢᠯ ᠪᠣᠯᠤᠨ᠎ᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号