ᠬᠢᠩᠭᠠᠨ ᠠᠶᠢᠮᠠᠭ ᠤᠨ ᠤᠳᠤᠷᠢᠳᠬᠤ ᠺᠠᠳ᠋ᠷ  ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/13
    12 ᠰᠠᠷ᠎ᠠ ᠶᠢᠨ 12 ᠤᠨ ᠡᠳᠦᠷ᠂ ᠬᠢᠩᠭᠠᠨ ᠠᠶᠢᠮᠠᠭ ᠤᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠤᠳᠤᠷᠢᠳᠤᠯᠭ᠎ᠠ  ᠰᠦᠬᠡ᠂ ᠰᠢᠤᠢ ᠵᠦᠸᠧ᠂ ᠯᠢᠦ ᠱᠦ ᠴᠧᠩ᠂ ᠯᠢ ᠬᠤᠩ ᠼᠠᠢ ᠨᠠᠷ ᠬᠤᠷᠠᠯ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠯᠢ ᠬᠤᠸᠠ ᠬᠤᠷᠠᠯ ᠡᠷᠭᠢᠯᠡᠵᠦ᠂ ᠬᠤᠷᠠᠯ ᠠᠴᠠ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ  ︽ᠡᠷᠡᠰ ᠭᠤᠶᠢᠪᠢᠰᠢ ᠥᠬᠡᠶ ᠪᠠᠷ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ︾ ᠹᠢᠯᠢᠮ  ᠢ ᠵᠣᠬᠢᠶᠠᠨ ᠪᠠᠶᠢᠭᠤᠯᠤᠨ ᠦᠵᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠬᠢᠩᠭᠠᠨ ᠠᠶᠢᠮᠠᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠮᠠᠨ ᠤ ᠠᠶᠢᠮᠠᠭ ᠤᠨ ᠢᠯᠵᠢᠷᠡᠯ ᠢ ᠡᠰᠡᠷᠭᠦᠴᠡᠬᠦ ᠲᠡᠮᠡᠴᠡᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠰᠡᠷᠭᠡᠭ ᠢᠶᠠᠷ ᠲᠠᠨᠢᠵᠤ᠂ ᠨᠠᠮ ᠢ ᠴᠢᠩᠭ᠎ᠠ ᠬᠠᠮᠢᠶᠠᠷᠴᠤ ᠨᠠᠮ ᠢ ᠴᠢᠩᠭ᠎ᠠ ᠵᠠᠰᠠᠬᠤ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠢᠮᠠᠭᠲᠠ ᠤᠯᠤᠰ ᠲᠦᠷᠦ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠥᠴᠦᠬᠡᠨ ᠴᠦ ᠭᠤᠶᠢᠪᠢᠰᠢ ᠦᠭᠡᠢ ᠠᠬᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ᠂ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠵᠢᠯᠯᠠᠭ᠎ᠠ ᠶᠢ ᠥᠴᠦᠬᠡᠨ ᠴᠦ ᠢᠯᠳᠠᠷ ᠬᠠᠶᠠᠬᠤ ᠦᠭᠡᠢ ᠪᠠᠷ ᠵᠠᠯᠬᠠᠭᠠᠨ ᠰᠢᠳᠬᠡᠵᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠠᠰᠠᠭᠤᠳᠠᠯ ᠳᠤ ᠵᠥᠪ ᠢᠶᠠᠷ ᠬᠠᠨᠳᠤᠬᠤ ᠰᠥᠰᠥ ᠵᠣᠷᠢᠭ ᠪᠠ ᠬᠢᠳᠤᠭᠠᠨ ᠢᠷ ᠢᠶᠠᠨ ᠳᠣᠲᠣᠭᠰᠢ ᠪᠠᠨ ᠬᠠᠨᠳᠤᠭᠤᠯᠬᠤ ᠤᠬᠠᠮᠰᠠᠷ ᠢᠶᠠᠨ ᠢᠮᠠᠭᠲᠠ ᠪᠠᠷᠢᠮᠲᠠᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠴᠢᠩᠭᠠᠳᠬᠠᠵᠤ ᠂ ᠡᠷᠬᠡ ᠪᠠᠨ ᠠᠷᠠᠳ ᠤᠨ ᠲᠥᠯᠥᠭᠡ ᠬᠡᠷᠡᠭᠯᠡᠬᠦ ᠠᠰᠢᠭ ᠲᠤᠰᠠ ᠶᠢ ᠠᠷᠠᠳ ᠤᠨ ᠲᠥᠯᠥᠭᠡ ᠣᠯᠭᠤᠬᠤ ᠶᠢ ᠢᠮᠠᠭᠲᠠ ᠪᠠᠲᠤ ᠴᠡᠭᠡᠵᠢᠯᠡᠵᠦ᠂ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭ᠎ᠠ ᠤᠯᠤᠰ ᠲᠦᠷᠦ ᠶᠢᠨ ᠰᠡᠷᠭᠡᠶᠢᠯᠡᠯᠲᠡ ᠶᠢᠨ ᠱᠤᠭᠤᠮ ᠢ ᠲᠠᠰᠤᠷᠠᠯᠳᠡ ᠦᠭᠡᠢ ᠪᠠᠲᠤ ᠴᠣᠭᠴᠠᠯᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ  ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠴᠢᠩᠭ᠎ᠠ ᠡᠭᠦᠷᠭᠡᠯᠡᠵᠦ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠡᠳᠦᠷ ᠳᠤᠳᠤᠮ ᠤᠨ ᠬᠥᠮᠦᠵᠢᠯ ᠬᠠᠮᠢᠶᠠᠷᠤᠯᠲᠠ ᠶᠢ ᠴᠢᠩᠭᠠᠳᠬᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠪᠦᠬᠦ ᠬᠦᠴᠦᠨ ᠢᠶᠠᠷ ᠢᠶᠠᠨ ᠵᠠᠯᠠᠷᠠᠭᠤᠯᠤᠨ ᠵᠠᠰᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ ᠭᠡᠪᠡ᠃    ᠬᠤᠷᠠᠯ ᠨᠢ  ᠸᠢᠳᠢᠤ᠋ ᠬᠡᠯᠪᠡᠷᠢ ᠪᠠᠷ ᠬᠤᠰᠢᠭᠤ ᠰᠢᠶᠠᠨ ᠬᠤᠲᠠ ᠳᠤ ᠶᠠᠪᠤᠭᠳᠠᠪᠠ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号