ᠬᠢᠩᠭᠠᠨ ᠠᠶᠢᠮᠠᠭ  ᠰᠢᠶᠠᠨ ᠭᠠᠵᠠᠷ ᠤᠨ ᠲᠠᠰ ᠤᠨ ᠺᠠᠳ᠋ᠷ ᠵᠢᠴᠢ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠵᠢᠩᠬᠢᠨᠢ ᠲᠤᠰᠢᠶᠠᠯᠲᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ‌‍ᠲ᠋ᠤᠭᠤᠰᠢᠯᠠᠭᠤᠯᠬᠤ ᠲᠤᠰᠬᠠᠶ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2022/12/13
      ᠵᠠᠩ ᠰᠢᠶᠤᠤ ᠪᠢᠩ ᠬᠤᠷᠠᠯ ᠳᠤ ᠤᠷᠤᠯᠴᠠᠵᠦ  ᠤᠬᠠᠭᠤᠯᠤᠨ ᠲᠠᠶᠢᠯᠪᠤᠷᠢᠯᠠᠵᠦ ᠰᠦᠬᠡ ᠰᠢᠤᠢ ᠵᠦᠸᠧ ᠯᠢᠦ ᠱᠦ ᠴᠧᠩ ᠣᠷᠣᠯᠴᠠᠵᠠᠶ      12 ᠰᠠᠷ᠎ᠠ ᠶᠢᠨ 12 ᠤᠨ ᠡᠳᠦᠷ᠂ ᠬᠢᠩᠭᠠᠨ ᠠᠶᠢᠮᠠᠭ ᠤᠨ ᠬᠢᠨ ᠰᠢᠶᠠᠨ ᠭᠠᠵᠠᠷ ᠤᠨ ᠲᠡᠰ ᠤᠨ ᠺᠠᠳ᠋ᠷ ᠵᠢᠴᠢ ᠰᠤᠮᠤ ᠰᠢᠶᠠᠩ ᠪᠠᠯᠭᠠᠰᠤ ᠶᠢᠨ ᠨᠠᠮ ᠵᠠᠰᠠᠭ ᠤᠨ ᠵᠢᠩᠬᠢᠨᠢ ᠲᠤᠰᠢᠶᠠᠯᠲᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠬᠢ ᠶᠢ ᠡᠷᠬᠢᠯᠡᠵᠦ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠬᠤᠷᠠᠯ ᠳᠤ ᠣᠷᠣᠯᠴᠠᠭᠰᠠᠨ ᠪᠥᠭᠡᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠶᠢᠮᠠᠭ ᠤᠨ ᠤᠳᠤᠷᠢᠳᠤᠯᠭ᠎ᠠ ᠰᠦᠬᠡ᠂ ᠰᠢᠤᠢ ᠵᠦᠸᠧ᠂ ᠯᠢᠦ ᠱᠦ ᠴᠧᠩ ᠣᠷᠣᠯᠴᠠᠪᠠ᠃    ᠬᠤᠷᠠᠯ ᠠᠴᠠ ᠵᠢᠭᠠᠵᠦ ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠃ ᠪᠦᠬᠦ ᠠᠶᠢᠮᠠᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ  ᠤᠨ ︽ᠲᠠᠪᠤ ᠶᠢ ᠪᠠᠲᠤ ᠡᠵᠡᠮᠳᠡᠬᠦ︾ ᠶᠢᠨ ᠴᠢᠬᠤᠯᠠ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠦᠷ᠎ᠡ ᠪᠦᠲᠦᠮᠵᠢ ᠤᠯᠬᠤ ᠶᠢ ᠨᠡᠩ ᠰᠠᠶᠢᠲᠤᠷ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠩᠭᠠᠨ ᠨᠤᠲᠤᠭ ᠲᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃    ᠬᠤᠷᠠᠯ ᠠᠴᠠ ᠴᠢᠩᠭᠠᠳᠬᠠᠭᠰᠠᠨ ᠨᠢ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠠᠮᠢ ᠠᠬᠤᠢ ᠶᠢᠨ ᠦᠷᠳᠡᠭ ᠢ ᠬᠤᠪᠢᠷᠠᠭᠤᠯᠬᠤ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠡᠩ ᠪᠠᠲᠤ ᠪᠠᠬᠢ ᠪᠣᠯᠭᠠᠨ ᠪᠠᠶᠢᠭᠤᠯᠬᠤ ᠬᠡᠷᠡᠭᠲᠡᠢ᠃ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠠᠲᠤ ᠪᠤᠢ ᠪᠣᠯᠭᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠨᠡᠩ ᠰᠠᠶᠢᠲᠤᠷ ᠠᠬᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠡᠩ ᠪᠠᠲᠤ ᠪᠠᠬᠢ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ᠃ ᠡᠬᠢ ᠪᠠᠶᠠᠯᠢᠭ ᠤᠨ ᠳᠠᠪᠠᠭᠤᠯᠢᠭ ᠪᠠ ᠬᠠᠷᠢᠴᠠᠭᠤᠯᠤᠭᠰᠠᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠨᠧᠷᠭᠢ ᠶᠢᠨ ᠰᠤᠷᠪᠤᠯᠵᠢ ᠶᠢᠨ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠡᠨᠧᠷᠭᠢ ᠶᠢᠨ ᠰᠤᠷᠪᠤᠯᠵᠢ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠰᠢᠨ᠎ᠡ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠵᠠᠭᠪᠤᠷ ᠢ ᠬᠤᠪᠢᠷᠠᠭᠤᠯᠵᠤ᠂ ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠨᠡᠩ ᠢᠯᠡᠭᠦᠦ ᠥᠷᠢᠰᠥᠯᠳᠦᠬᠦ ᠬᠦᠴᠦᠨ ᠲᠠᠢ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠶ᠃ ᠣᠲᠣ ᠦᠶ᠎ᠡ ᠶᠢᠨ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢ ᠨᠠᠷᠢᠯᠢᠭ ᠭᠦᠨᠵᠡᠭᠡᠶ ᠡᠳ᠋ᠰᠢᠭᠦᠯᠬᠦ ᠶᠢ ᠶᠡᠬᠡᠪᠡᠷ ᠬᠥᠭᠵᠢᠭᠦᠯᠵᠦ᠂ ᠨᠠᠷᠠᠲᠤ ᠲᠡᠮᠳᠡᠭᠲᠦ ᠶᠢ ᠪᠤᠶᠢᠵᠢᠭᠤᠯᠬᠤ ᠪᠠ  ᠰᠦ ᠶᠢᠨ  ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠬᠤᠨᠢ ᠡᠪᠡᠰᠦᠨ ᠤ ᠠᠵᠤ  ᠦᠢᠯᠡᠰ ᠢ ᠢᠳᠡᠪᠬᠢᠲᠡᠶ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ  ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠨᠠᠩ ᠥᠨᠳᠥᠷ ᠲᠦᠪᠰᠢᠨ ᠳᠤ ᠬᠦᠷᠦᠭᠦᠯᠬᠦ ᠶᠢ ᠠᠬᠢᠭᠤᠯᠬᠤ ᠬᠡᠷᠡᠭᠲᠡᠶ᠃ ᠤᠯᠤᠰ ᠤᠨ ᠳᠣᠲᠣᠭᠠᠳᠤ ᠭᠠᠳᠠᠭᠠᠳᠤ ᠶᠢᠨ ᠨᠡᠬᠡᠬᠡᠯᠳᠡ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠬᠡᠬᠡᠯᠳᠡ ᠶᠢ ᠠᠬᠢᠭᠤᠯᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠤᠮᠠᠷᠠᠰᠢ ᠨᠡᠬᠡᠬᠡᠯᠳᠡ ᠬᠢᠬᠦ ᠬᠥᠭᠦᠷᠭᠡᠨ ᠪᠠᠬᠢᠯᠡᠯᠲᠡ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠨᠡᠭᠡᠭᠡᠬᠦ ᠶᠢ ᠠᠬᠢᠭᠤᠯᠬᠤ ᠬᠡᠷᠡᠭᠲᠡᠢ  ᠭᠡᠪᠡ᠃    ᠬᠤᠷᠠᠯ ᠠᠴᠠ ᠴᠢᠩᠭᠠᠳᠬᠠᠭᠰᠠᠨ ᠨᠢ᠂ ᠬᠢᠩᠭᠠᠨ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠰᠢ ᠶᠢᠨ ᠫᠢᠩ ᠤᠨ ︽ᠭᠤᠷᠪᠠᠨ ᠡᠷᠬᠡᠪᠰᠢ︾ ᠶᠢᠨ ᠰᠤᠷᠭᠠᠯ ᠢ ᠪᠠᠲᠤ ᠴᠡᠭᠡᠵᠢᠯᠡᠵᠦ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠂ ᠲᠡᠮᠡᠴᠡᠬᠦ ᠵᠣᠷᠢᠭ ᠰᠠᠨᠠᠭ᠎ᠠ  ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠡᠮᠦᠨ᠎ᠡ ᠨᠢ ᠭᠠᠪᠰᠢᠭᠠᠶᠢᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠠᠯᠬᠤᠮ ᠠᠯᠬᠤᠮ ᠢᠶᠠᠷ ᠪᠣᠳᠠᠲᠠᠢ ᠪᠠᠷ ᠬᠡᠷᠡᠭᠵᠢᠭᠦᠯᠵᠦ᠂ ᠦᠷ᠎ᠡ ᠪᠦᠲᠦᠮᠵᠢ ᠤᠯᠬᠤ ᠬᠡᠷᠡᠭᠲᠡᠢ᠃ ᠪᠦᠬᠦ ᠠᠶᠢᠮᠠᠭ ᠤᠨ ᠥᠷᠭᠡᠨ ᠤᠯᠠᠨ ᠵᠠᠯᠠᠭᠤᠴᠤᠳ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠰᠢᠮᠳᠠᠨ ᠰᠤᠷᠤᠯᠴᠠᠵᠤ᠂ ᠡᠷᠳᠡᠮ ᠮᠡᠳᠡᠯᠭᠡ ᠰᠤᠷᠴᠤ᠂ ᠭᠦᠨᠵᠡᠭᠡᠢ ᠦᠢᠯᠡᠳᠦᠯᠭᠡᠵᠢᠭᠦᠯᠵᠦ᠂ ᠮᠡᠳᠡᠯᠭᠡ ᠬᠢᠬᠦᠢ ᠪᠠᠨ ᠨᠢᠭᠡᠳᠬᠡᠵᠦ᠂ ᠵᠠᠯᠠᠭᠤ ᠨᠠᠰᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠬᠠᠯᠠᠭᠤᠨ ᠦᠢᠯᠡᠳᠦᠯᠭᠡ ᠳᠤᠮᠳᠠ ᠭᠡᠷᠡᠯ ᠰᠠᠴᠤᠷᠠᠩᠭᠤᠢ ᠴᠡᠴᠡᠭ ᠢ ᠪᠠᠳᠠᠷᠠᠭᠤᠯᠬᠤ ᠬᠡᠷᠡᠭᠲᠡᠢ ᠭᠡᠪᠠ᠃    ᠬᠤᠷᠠᠯ ᠨᠢ ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠳᠤ ᠶᠠᠪᠤᠭᠳᠠᠪᠠ᠃ ᠠᠶᠢᠮᠠᠭ ᠤᠨ ᠲᠦᠷᠪᠡᠨ ᠶᠡᠭᠡ ᠪᠠᠭ ᠤᠨ ᠤᠳᠤᠷᠢᠳᠬᠤ ᠨᠥᠬᠦᠳ᠂  ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾᠂ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ᠂ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠬᠢ ᠶᠢᠨ ᠰᠤᠷᠤᠭᠴᠢ᠂ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠵᠢᠴᠢ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ ᠨᠡᠷ ᠭᠤᠣᠯ ᠬᠤᠷᠠᠯ ᠤᠨ ᠲᠠᠯᠠᠪᠠᠢ ᠳᠤ ᠪᠤᠶᠤ ᠸᠢᠳᠢᠣ᠋ ᠶᠢᠨ ᠬᠡᠯᠪᠡᠷᠢ ᠪᠠᠷ ᠬᠤᠷᠠᠯ ᠳᠤ ᠣᠷᠣᠯᠴᠠᠪᠠ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号