ᠳ᠋ᠦᠩ ᠬᠠᠢ ᠢᠩ᠄ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠤᠨ ᠲᠡᠮᠦᠷ ᠬᠠᠲᠤᠨ ᠴᠠᠭ ᠤᠨ ᠪᠡᠷᠬᠡ  ᠶᠢ ᠬᠠᠮᠲᠤ ᠪᠠᠷ ᠳᠤᠭᠤᠯᠵᠤ ᠬᠠᠷᠢᠭᠤᠴᠠᠯᠭ᠎ᠠ ᠪᠠᠨ ᠡᠭᠦᠷᠭᠡᠯᠡᠨ᠎ᠡ
ᠨᠡᠶᠢᠲᠡᠯᠡᠭᠰᠡᠨ ᠴᠠᠭ᠄
2022/12/19
    ᠲᠦᠴᠢᠦᠸᠠᠨ ᠪᠠᠯᠭᠠᠰᠤᠨ ᠤ ᠫᠢᠡᠭᠴᠤᠸᠠᠨ ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠭᠠᠵᠠᠷ ᠲᠤ ᠡᠶᠢᠮᠦ ᠨᠢᠭᠡᠨ ᠪᠠᠶᠢᠳᠠᠯ ᠢᠯᠡᠷᠡᠪᠡ᠂ ᠲᠡᠷᠡ ᠣᠷᠣᠵᠤ ᠭᠠᠷᠬᠤ ᠤᠯᠠᠨ ᠲᠦᠮᠡᠨ ᠢ ᠴᠢᠩᠭ᠎ᠠ ᠬᠠᠮᠢᠶᠠᠷᠤᠨ ᠡᠵᠡᠮᠳᠡᠵᠦ᠂ ᠶᠠᠪᠠᠭᠠᠨ ᠬᠥᠮᠥᠨ ᠠᠴᠠ ︽ᠭᠤᠷᠪᠠᠨ ᠨᠣᠮᠧᠷ︾ ᠢ ᠨᠢᠭᠡᠳ ᠨᠢᠭᠡ ᠪᠠᠷ ᠪᠠᠶᠢᠴᠠᠭᠠᠨ ᠰᠢᠯᠭᠠᠵᠤ᠂ ᠳᠤᠯᠠᠭᠠᠨ ᠢ ᠬᠡᠮᠵᠢᠬᠦ᠂ ᠪᠦᠷᠢᠳᠬᠡᠬᠦ᠂ ᠣᠷᠣᠵᠤ ᠭᠠᠷᠬᠤ ᠦᠨᠡᠮᠯᠡᠯ ᠢ ᠨᠢ ᠪᠠᠶᠢᠴᠠᠭᠠᠨ ᠰᠢᠯᠭᠠᠬᠤ ᠶᠢᠨ ᠬᠠᠮᠲᠤ ᠤᠲᠠᠰᠤ ᠲᠠᠰᠤᠷᠠᠭ᠎ᠠ ᠦᠭᠡᠢ ᠳᠤᠤᠭᠠᠷᠪᠠ ; ᠲᠡᠷᠡ ᠦᠷᠭᠦᠯᠵᠢ ᠨᠢᠭᠡ ᠡᠮᠬᠦ ᠬᠠᠯᠠᠭᠤᠨ ᠬᠤᠭᠤᠯᠠ ᠣᠯᠵᠤ ᠢᠳᠡᠬᠦ ᠦᠭᠡᠢ ᠪᠠᠷ ᠰᠡᠩᠳᠡ ᠮᠡᠩᠳᠡ ᠠᠵᠢᠯ ᠤᠨ ᠪᠠᠶᠢᠷᠢ ᠳᠠᠭᠠᠨ ᠭᠠᠷᠳᠠᠭ︔ ᠲᠡᠷᠡ ᠡᠳᠦᠷ ᠤᠨ 24 ᠴᠠᠭ ᠲᠤ ᠮᠢᠨᠦ᠋ᠲ ᠪᠦᠷᠢ ᠳᠤ ᠠᠵᠢᠯ ᠳᠦᠭᠦᠷᠲᠡᠯ᠎ᠡ ᠵᠢᠭᠰᠠᠳᠠᠭ ᠪᠠᠶᠢᠪᠠ᠃ ᠲᠡᠷᠡ ᠪᠣᠯ ᠳᠠᠷᠤᠢ ᠫᠢᠡᠭᠴᠤᠸᠠᠨ ᠭᠠᠴᠠᠭᠠᠨ ᠤ ᠨᠠᠮ ᠤᠨ ᠬᠤᠷᠢᠶᠠᠨ ᠤ ᠭᠡᠰᠢᠭᠦᠨ ᠪᠠᠶᠢᠭᠰᠠᠨ ᠶᠤᠮ᠃ ᠲᠤᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠳ᠋ᠦᠩ ᠬᠠᠢ ᠶᠢᠩ ᠪᠣᠯᠣᠨ ᠪᠤᠰᠤᠳ ᠭᠠᠴᠠᠭᠠᠨ ᠤ ᠺᠠᠳ᠋ᠷ ᠲᠡᠷᠡ ᠳᠠᠷᠤᠢ ᠳᠤᠨᠢ ᠰᠦᠯᠵᠢᠶᠡᠨ ᠤ ᠠᠵᠢᠯᠲᠠᠳ ᠢ ᠴᠤᠭᠯᠠᠭᠤᠯᠤᠨ ᠲᠤᠰ ᠲᠤᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠳᠠᠯ ᠢ ᠰᠤᠳᠤᠯᠵᠤ᠂ ᠲᠤᠰᠬᠤᠨ ᠤ ᠺᠠᠳ᠋ᠷ᠂ ᠨᠠᠮ ᠤᠨ ᠭᠡᠰᠢᠭᠦᠨ ᠵᠢᠴᠢ ᠰᠠᠶᠢᠨ ᠳᠤᠷ᠎ᠠ ᠶᠢᠨ ᠦᠢᠯᠡᠴᠢᠯᠡᠭᠴᠢ ᠪᠠᠷ ᠪᠦᠷᠢᠯᠳᠦᠭᠰᠡᠨ 20 ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠪᠠ᠃ ᠲᠣᠰᠬᠤᠨ ᠤ ᠨᠠᠮ ᠤᠨ ᠬᠤᠷᠢᠶᠠᠨ ᠤ ᠭᠡᠰᠢᠭᠦᠨ ᠪᠣᠯᠤᠭᠰᠠᠨ ᠤ ᠬᠤᠪᠢ ᠳᠤ᠂ ᠳ᠋ᠦᠩ ᠬᠠᠢ ᠶᠢᠩ ᠡᠳᠦᠷ ᠪᠦᠷᠢ ᠬᠤᠶᠠᠳᠤᠭᠠᠷ ᠡᠳᠦᠷ ᠤᠨ ᠵᠢᠵᠢᠭᠦᠷ ᠤᠨ ᠬᠦᠰᠦᠨᠦᠭᠲᠦ ᠪᠠᠨ ᠤᠷᠢᠳᠴᠢᠯᠠᠨ ᠲᠣᠬᠢᠷᠠᠭᠤᠯᠵᠤ᠂ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠲᠡᠷᠡ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠤᠰ ᠲᠣᠰᠬᠤᠨ ᠤ ᠪᠠᠨ ᠭᠡᠷ ᠲᠡᠭᠡᠨ ᠲᠤᠰᠠᠭᠠᠷᠯᠠᠵᠤ ᠪᠠᠶᠢᠭ᠎ᠠ ᠬᠥᠮᠥᠰ ᠢ ᠬᠠᠮᠢᠶᠠᠷᠤᠨ ᠡᠵᠡᠮᠳᠡᠬᠦ ᠪᠠ ᠦᠢᠯᠡᠴᠢᠯᠡᠭᠡᠨ ᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠡᠢ᠃ ᠱᠠᠭᠠᠷᠳᠠᠯᠭ᠎ᠠ ᠶᠣᠰᠣᠭᠠᠷ᠂ ᠲᠡᠷᠡ ᠳᠠᠷᠤᠢ ᠳᠤᠨᠢ ᠭᠡᠷ ᠲᠡᠭᠡᠨ ᠲᠤᠰᠠᠭᠠᠷᠯᠠᠭᠰᠠᠳ ᠤᠨ ᠭᠡᠷ ᠤᠨ ᠡᠭᠦᠳᠡᠨ ᠳᠤ ︽ᠲᠠᠪᠤᠨ ᠨᠢᠭᠡ ᠶᠢ ᠳᠠᠭᠠᠭᠠᠬᠤ︾ ᠶᠢᠨ ᠲᠣᠳᠣᠷᠬᠠᠢ ᠺᠠᠷᠲ᠂ ᠪᠢᠲᠡᠭᠦᠮᠵᠢᠯᠡᠬᠦ ᠬᠠᠭᠤᠳᠠᠰᠤ ᠨᠠᠭᠠᠵᠤ᠂ ᠡᠭᠦᠳᠡᠨ ᠰᠣᠷᠢᠨᠵᠢᠨ ᠲᠠᠭᠠᠷᠠᠭᠤᠯᠵᠤ᠂ ᠬᠢᠨᠠᠨ ᠡᠵᠡᠮᠳᠡᠬᠦ ᠶᠢᠨ ᠬᠠᠮᠲᠤ ᠥᠪᠡᠷ ᠤᠨ ᠤᠲᠠᠰᠤ ᠪᠠᠨ ᠭᠡᠷ ᠲᠡᠭᠡᠨ ᠲᠤᠰᠠᠭᠠᠷᠯᠠᠭᠰᠠᠳ ᠲᠤ ᠦᠯᠡᠳᠡᠭᠡᠨ ᠥᠭᠴᠦ᠂ ᠲᠡᠳᠡᠨ ᠤ ᠬᠦᠴᠢᠷᠳᠡᠯ ᠲᠠᠢ ᠦᠶ᠎ᠡ ᠳᠤ ᠴᠠᠭ ᠲᠤᠬᠠᠢ ᠳᠤᠨᠢ ᠲᠤᠰᠠᠯᠠᠮᠵᠢ ᠣᠯᠬᠤ ᠳᠤ ᠲᠥᠬᠦᠮ ᠦᠵᠡᠭᠦᠯᠦᠨ᠎ᠡ᠃ ᠣᠯᠠᠨ ᠡᠳᠦᠷ ᠶᠠᠭᠠᠷᠠᠯᠲᠠᠢ ᠠᠵᠢᠯᠯᠠᠭᠰᠠᠨ ᠤ ᠳᠡᠭᠡᠷ᠎ᠡ ᠰᠠᠶᠢᠨ ᠠᠮᠠᠷᠠᠵᠤ ᠴᠢᠳᠠᠭᠰᠠᠨ ᠦᠭᠡᠢ ᠠᠴᠠ ᠪᠣᠯᠵᠤ᠂ ᠵᠢᠷᠮᠦᠰᠦᠯᠡᠭᠰᠡᠨ ᠳ᠋ᠦᠩ ᠬᠠᠢ ᠶᠢᠩ ᠤᠷᠤᠭ ᠤᠨᠠᠭᠠᠬᠤ ᠤᠷᠢᠳᠴᠢᠯᠠᠭᠰᠠᠨ ᠰᠢᠨᠵᠢ ᠢᠯᠡᠷᠡᠵᠦ᠂ ᠣᠳᠣ ᠶᠠᠭ ᠡᠮᠨᠡᠯᠭᠡ ᠳᠤ ᠡᠮᠨᠡᠭᠦᠯᠵᠦ ᠪᠠᠶᠢᠨ᠎ᠠ᠂ ᠬᠡᠳᠦ᠋ᠢᠪᠡᠷ ᠡᠶᠢᠮᠦ ᠪᠠᠶᠢᠭᠰᠠᠨ ᠴᠤ᠂ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠭᠰᠠᠨ ᠲᠡᠷᠡ ᠮᠥᠨ ᠯᠡ ᠡᠪᠡᠳᠴᠢᠲᠡᠨ ᠤ ᠣᠷᠣ ᠳᠡᠭᠡᠷ᠎ᠡ ᠲᠣᠰᠬᠤᠨ ᠤ ᠠᠷᠠᠳ ᠲᠤ ᠬᠢᠵᠢᠭ ᠢ ᠰᠡᠷᠭᠡᠶᠢᠯᠡᠬᠦ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠪᠠᠨ ᠳᠡᠪᠰᠢᠭᠦᠯᠦᠭᠰᠡᠭᠡᠷ ᠪᠠᠶᠢᠨ᠎ᠠ᠃ ᠬᠥᠮᠥᠨ ᠤ ᠰᠡᠳᠬᠢᠯ  ᠢ ᠬᠥᠳᠡᠯᠭᠡᠮ᠎ᠡ ᠶᠠᠪᠤᠳᠠᠯ ᠭᠡᠪᠡᠯ᠂ ᠲᠡᠭᠦᠨ ᠤ ᠡᠷ᠎ᠡ ᠨᠥᠬᠦᠷ ᠨᠢ ᠲᠣᠰᠬᠤᠨ ᠳᠤ ᠢᠷᠡᠵᠦ᠂ ᠲᠡᠭᠦᠨ ᠤ ᠣᠷᠣᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠬᠢᠵᠦ ᠪᠠᠶᠢᠭ᠎ᠠ ᠨᠢ ᠬᠥᠮᠥᠨ ᠤ ᠰᠡᠳᠬᠢᠯ ᠢ ᠬᠥᠳᠡᠯᠭᠡᠮ᠎ᠡ ᠶᠠᠪᠤᠳᠠᠯ ᠪᠣᠯᠣᠨ᠎ᠠ᠃ ᠳ᠋ᠦᠩ ᠬᠠᠢ ᠶᠢᠩ ᠫᠢᠡᠭᠴᠤᠸᠠᠨ ᠲᠣᠰᠬᠤᠨ ᠪᠣᠯ ᠪᠠᠮᠪᠠᠢ᠂ ᠪᠦᠷᠢᠶ᠎ᠡ᠂ ᠵᠢᠵᠢᠭ ᠬᠡᠯᠪᠡᠷᠢ ᠶᠢᠨ ᠺᠣᠮᠫᠢᠦ᠋ᠲ᠋ᠧᠷ᠂ ᠮᠥᠨᠴᠦ ᠲᠡᠭᠦᠰ ᠴᠢᠳᠠᠪᠤᠷᠢᠲᠤ ᠪᠡᠶ᠎ᠡ ᠶᠢᠨ ᠦᠨᠡᠮᠯᠡᠯ᠂ ᠶᠠᠳᠠᠷᠠᠯ ᠵᠦᠳᠡᠷᠡᠯ ᠢ ᠮᠡᠳᠡᠬᠦ ᠦᠭᠡᠢ ᠡᠷᠦᠬᠡ ᠳᠤ ᠣᠷᠣᠬᠤ ᠮᠠᠰᠢᠨ ᠪᠣᠯᠣᠨ᠎ᠠ᠂ ᠮᠥᠨᠴᠦ ᠲᠣᠰᠬᠤᠨ ᠤ ᠠᠷᠠᠳ ᠤᠨ ᠬᠠᠮᠤᠭ ᠤᠨ ᠳᠣᠲᠣᠨᠣ ᠬᠠᠮᠤᠭ ᠤᠨ ᠢᠲᠡᠭᠡᠯᠲᠡᠢ ᠰᠠᠶᠢᠨ ᠺᠠᠳ᠋ᠷ ᠪᠣᠯᠣᠨ᠎ᠠ᠃  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ  ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号