ᠮᠠ ᠵᠧᠨ ᠸᠧᠢ᠄ ᠲᠣᠰᠬᠤᠨ ᠤ ᠠᠷᠠᠳ ᠤᠨ ᠪᠠᠶᠠᠵᠢᠯ ᠤᠨ ᠵᠠᠮ ᠳᠠᠬᠢ ᠳᠠᠭᠠᠭᠤᠯᠤᠭᠴᠢ
ᠨᠡᠶᠢᠲᠡᠯᠡᠭᠰᠡᠨ ᠴᠠᠭ᠄
2022/12/19
    ︽ᠵᠧᠨ ᠸᠧᠢ ᠭᠡᠳᠡᠭ ᠵᠠᠯᠠᠭᠤ᠂ ᠲᠠᠷᠢᠬᠢ ᠲᠣᠯᠣᠭᠠᠢ ᠬᠤᠷᠴᠠ ᠰᠡᠷᠭᠡᠭ᠂ ᠮᠡᠷᠭᠡᠵᠢᠯ ᠰᠠᠶᠢᠲᠠᠢ᠂ ᠪᠠᠰᠠ ᠨᠢᠭᠡ ᠵᠦᠢᠯ ᠤᠨ ᠵᠣᠷᠢᠭᠲᠠᠢ ᠲᠡᠮᠡᠴᠡᠬᠦ ᠵᠣᠷᠢᠭ ᠲᠠᠢ ᠪᠠᠶᠢᠳᠠᠭ᠂ 2018 ᠣᠨ ᠠᠴᠠ ᠡᠬᠢᠯᠡᠨ ᠲᠣᠰᠬᠤᠨ ᠳᠤ ᠦᠬᠡᠷ ᠲᠡᠵᠢᠭᠡᠵᠦ ᠪᠠᠶᠢᠭᠰᠠᠨ ᠢᠶᠠᠨ ᠣᠲᠣ ᠨᠢᠭᠡᠨᠲᠡ ᠮᠠᠨ ᠤ ᠲᠣᠰᠬᠤᠨ ᠤ ᠪᠠᠶᠠᠵᠢᠯ ᠤᠨ ᠳᠠᠭᠠᠭᠤᠯᠤᠭᠴᠢ ᠪᠣᠯᠤᠭᠰᠠᠨ ᠪᠠᠶᠢᠨ᠎ᠠ︕︾ ᠭᠡᠵᠦ ᠵᠢᠭᠠᠵᠤ ᠭᠠᠷᠭᠠᠪᠠ᠃ ᠣᠶᠢᠷ᠎ᠠ ᠳᠤ᠂ ᠲᠦᠴᠢᠦᠸᠠᠨ ᠰᠢᠶᠠᠨ ᠤ ᠰᠢᠤᠸᠠᠢ ᠲᠢᠶᠠᠨ ᠰᠢᠶᠠᠩ ᠤᠨ ᠱᠧᠩ ᠯᠢ ᠲᠣᠰᠬᠤᠨ ᠤ ᠨᠠᠮ ᠤᠨ ᠡᠭᠦᠷ ᠤᠨ ᠱᠦᠵᠢ ᠯᠢ ᠶᠢᠨ ᠰᠢᠨ ᠲᠠᠨᠢᠯᠴᠠᠭᠤᠯᠪᠠ᠃     ᠮᠠ ᠵᠧᠨ ᠸᠧᠢ ᠶᠢ ᠳᠤᠷᠠᠳᠪᠠᠯ᠂ ᠰᠢᠤᠸᠠᠢ ᠲᠢᠶᠠᠨ ᠰᠢᠶᠠᠩ ᠤᠨ ᠱᠧᠩ ᠯᠢ ᠲᠣᠰᠬᠤᠨ ᠤ ᠠᠷᠠᠳ ᠪᠦᠷ ᠡᠷᠡᠬᠡᠢ ᠬᠤᠷᠤᠭᠤ ᠪᠠᠨ ᠭᠤᠵᠦ᠋ᠢᠯᠭᠠᠵᠤ᠂ ᠲᠡᠭᠦᠨ ᠢ ᠠᠵᠢᠯᠴᠢ ᠬᠥᠳᠡᠯᠮᠦᠷᠢᠴᠢ᠂ ᠬᠠᠯᠠᠭᠤᠨ ᠰᠡᠳᠬᠢᠯ ᠲᠠᠢ᠂ ᠵᠠᠮᠴᠢᠯᠠᠭᠴᠢ ᠭᠡᠵᠦ ᠬᠡᠯᠡᠳᠡᠭ᠃ ᠮᠠ ᠵᠧᠨ ᠸᠧᠢ᠂ ᠲᠦᠴᠢᠦᠸᠠᠨ ᠰᠢᠶᠠᠨ ᠤ ᠶᠢᠨᠱᠠᠨ ᠲᠠᠷᠢᠶᠠᠯᠠᠩ ᠤᠨ ᠮᠠᠰᠢᠨ ᠤ ᠤᠷᠭᠤᠮᠠᠯ ᠤᠨ ᠬᠠᠮᠠᠭᠠᠯᠠᠯᠲᠠ ᠶᠢᠨ ᠲᠤᠰᠬᠠᠢ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ᠂ ᠠᠶᠢᠮᠠᠭ ᠤᠨ ᠳᠡᠰ ᠤᠨ ︽ᠰᠢᠶᠣᠣ ᠵᠢᠩ ᠮᠠᠶ᠋ᠢᠭ︾ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠃ ᠤᠯᠠᠨ ᠵᠢᠯ ᠤᠨ ᠲᠤᠷᠰᠢ᠂ ᠲᠡᠷᠡ ᠮᠠᠰᠢ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠣᠯᠣᠨ ᠪᠠᠶᠠᠵᠢᠬᠤ ᠳᠤ ᠨᠤᠲᠤᠭ ᠤᠨ ᠠᠬ᠎ᠠ ᠳᠡᠭᠦᠦ ᠨᠠᠷ ᠢᠶᠠᠨ ᠦᠯᠦ ᠮᠠᠷᠲᠠᠬᠤ ᠰᠡᠳᠬᠢᠯᠭᠡ ᠪᠠᠷ ᠨᠤᠲᠤᠭ ᠤᠨ ᠠᠬ᠎ᠠ ᠳᠡᠭᠦᠦ ᠨᠠᠷ ᠢᠶᠠᠨ ᠳᠠᠭᠠᠭᠤᠯᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠵᠤ᠂ ᠰᠡᠳᠬᠢᠯ ᠲᠠᠯᠪᠢᠵᠤ ᠬᠠᠶᠢᠷ᠎ᠠ ᠰᠡᠳᠬᠢᠯᠭᠡ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠥᠭᠵᠢᠯᠲᠡ ᠳᠤ ᠥᠩᠭᠡ ᠪᠤᠳᠤᠭ ᠨᠡᠮᠡᠷᠢᠯᠡᠵᠡᠢ᠃ 2000 ᠣᠨ ᠳᠤ᠂ ᠮᠠ ᠵᠧᠨ ᠸᠧᠢ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠤᠷᠭᠠᠭᠤᠯᠢ ᠠᠴᠠ ᠲᠡᠭᠦᠰᠴᠦ᠂ ᠠᠳᠡ ᠲᠥᠷᠥᠭᠰᠡᠨ᠂ ᠠᠳᠡ ᠥᠰᠦᠭᠰᠡᠨ ᠲᠥᠷᠥᠭᠰᠡᠨ ᠨᠤᠲᠤᠭ ᠰᠢᠤᠸᠠᠢ ᠲᠢᠶᠠᠨ ᠰᠢᠶᠠᠩ ᠤᠨ ᠱᠧᠩ ᠯᠢ ᠲᠣᠰᠬᠤᠨ ᠳᠠᠭᠠᠨ ᠡᠷᠡᠰ ᠰᠢᠭᠤᠷᠬᠠᠢ ᠪᠠᠷ ᠪᠤᠴᠠᠵᠤ ᠢᠷᠡᠵᠡᠶ᠃ ᠰᠡᠴᠡᠨ ᠰᠡᠷᠭᠦᠯᠡᠩ ᠰᠤᠷᠬᠤ ᠳᠤᠷᠠᠲᠠᠢ᠂ ᠰᠡᠳᠬᠢᠨ ᠪᠣᠳᠣᠯᠬᠢᠯᠠᠬᠤ ᠳᠠᠭᠠᠨ ᠴᠢᠳᠠᠮᠠᠭᠠᠢ ᠪᠥᠭᠡᠳ ᠮᠡᠷᠭᠡᠵᠢᠯ ᠲᠠᠢ ᠪᠣᠯᠬᠤᠷ ᠲᠡᠷᠡ ᠤᠳᠠᠯ ᠦᠭᠡᠢ ᠪᠦᠬᠦ ᠲᠣᠰᠬᠤᠨ ᠢᠶᠠᠷ ᠢᠶᠠᠨ ᠲᠠᠷᠢᠵᠦ ᠲᠡᠵᠢᠭᠡᠬᠦ ᠮᠡᠷᠭᠡᠵᠢᠯ ᠤᠨ ᠴᠢᠳᠠᠪᠤᠷᠢᠲᠠᠨ ᠪᠣᠯᠵᠤ᠂ ᠲᠣᠰᠬᠤᠨ ᠳᠠᠭᠠᠨ ᠪᠠᠭ᠎ᠠ ᠰᠠᠭ᠎ᠠ ᠨᠡᠷ᠎ᠡ ᠴᠤᠤ ᠲᠠᠢ ᠪᠣᠯᠤᠭᠰᠠᠨ ᠪᠠᠶᠢᠨ᠎ᠠ᠃ ᠡᠨᠡ ᠦᠶ᠎ᠡ ᠳᠤ ᠲᠡᠷᠡ ᠮᠠᠰᠢ ᠲᠦᠷᠭᠡᠨ ᠢᠶᠠᠷ ᠪᠦᠬᠦ ᠲᠣᠰᠬᠤᠨ ᠢᠶᠠᠷ ᠢᠶᠠᠨ ᠲᠠᠷᠢᠵᠦ ᠲᠡᠵᠢᠭᠡᠬᠦ ᠮᠡᠷᠭᠡᠵᠢᠯ ᠤᠨ ᠴᠢᠳᠠᠪᠤᠷᠢᠲᠠᠨ ᠪᠣᠯᠵᠤ᠂ ᠲᠣᠰᠬᠤᠨ ᠳᠠᠭᠠᠨ ᠪᠠᠭ᠎ᠠ ᠰᠠᠭ᠎ᠠ ᠨᠡᠷ᠎ᠡ ᠴᠤᠤ ᠲᠠᠢ ᠪᠣᠯᠤᠭᠰᠠᠨ ᠪᠠᠶᠢᠨ᠎ᠠ᠃ 2018 ᠣᠨ ᠳᠤ᠂ ᠲᠡᠵᠢᠭᠡᠨ ᠦᠷᠡᠵᠢᠭᠦᠯᠬᠦ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠲᠣᠰᠬᠤᠨ ᠤ ᠨᠠᠮ ᠤᠨ ᠡᠭᠦᠷ ᠤᠨ ᠳᠡᠮᠵᠢᠯᠭᠡ ᠳᠣᠣᠷ᠎ᠠ᠂ ᠲᠡᠷᠡ ᠲᠦᠴᠢᠦᠸᠠᠨ ᠰᠢᠶᠠᠨ ᠤ ᠶᠢᠨᠱᠠᠨ ᠲᠠᠷᠢᠶᠠᠯᠠᠩ ᠤᠨ ᠮᠠᠰᠢᠨ ᠤ ᠤᠷᠭᠤᠮᠠᠯ ᠤᠨ ᠬᠠᠮᠠᠭᠠᠯᠠᠯᠲᠠ ᠶᠢᠨ ᠲᠤᠰᠬᠠᠢ ᠬᠤᠷᠰᠢᠶ᠎ᠠ ᠶᠢ ᠳᠠᠩᠰᠠᠯᠠᠭᠤᠯᠤᠨ ᠪᠠᠶᠢᠭᠤᠯᠵᠤ᠂ ᠦᠬᠡᠷ ᠲᠡᠵᠢᠭᠡᠨ ᠦᠷᠡᠵᠢᠭᠦᠯᠬᠦ ᠲᠠᠯ᠎ᠠ ᠪᠠᠷ ᠬᠦᠴᠦᠯᠡᠵᠦ ᠡᠬᠢᠯᠡᠪᠡ᠃ ᠬᠥᠭᠵᠢᠯᠲᠡ ᠶᠢᠨ ᠡᠬᠢᠨ ᠤ ᠬᠤᠭᠤᠴᠠᠭᠠᠨ ᠳᠤ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠠᠰᠢᠭᠯᠠᠨ ᠦᠬᠡᠷ ᠲᠡᠵᠢᠭᠡᠬᠦ ᠨᠢ ᠭᠠᠷᠤᠯᠲᠠ ᠪᠠᠨ ᠨᠡᠮᠡᠭᠳᠡᠭᠦᠯᠦᠨ ᠣᠷᠣᠯᠭ᠎ᠠ ᠪᠠᠨ ᠨᠡᠮᠡᠭᠳᠡᠭᠦᠯᠬᠦ ᠶᠢ ᠤᠯᠠᠮ ᠨᠢᠭᠡ ᠠᠯᠬᠤᠮ ᠠᠬᠢᠭᠤᠯᠵᠤ ᠴᠢᠳᠠᠬᠤ ᠶᠢ ᠣᠶᠢᠯᠠᠭᠠᠭᠰᠠᠨ ᠤ ᠳᠠᠷᠠᠭ᠎ᠠ᠂ ᠮᠠ ᠵᠧᠨ ᠸᠧᠢ ᠪᠣᠷᠳᠤᠭ᠎ᠠ ᠬᠤᠳᠠᠯᠳᠤᠨ ᠠᠪᠴᠤ ᠦᠬᠡᠷ ᠲᠡᠵᠢᠭᠡᠬᠦ ︽ᠡᠩ ᠤᠨ ᠠᠵᠢᠯᠯᠠᠭ᠎ᠠ︾ ᠶᠢ ᠡᠪᠳᠡᠵᠦ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠡᠩ ᠲᠡᠷᠢᠭᠦᠨ ᠳᠤ ᠳᠠᠷᠢᠵᠤ ᠡᠬᠢᠯᠡᠭᠰᠡᠨ ᠪᠠᠶᠢᠨ᠎ᠠ᠃ ᠨᠣᠭᠤᠭᠠᠨ ᠳᠠᠷᠤᠰᠢ ᠶᠢᠨ ᠡᠷᠳᠡᠨᠢ ᠰᠢᠰᠢ ᠲᠠᠷᠢᠵᠦ ᠠᠰᠢᠭ ᠭᠥᠷᠳᠡᠭᠰᠡᠨ ᠤ ᠳᠠᠷᠠᠭ᠎ᠠ᠂ ᠮᠠ ᠵᠧᠨ ᠸᠧᠢ ᠳᠠᠷᠢᠵᠤ ᠲᠡᠵᠢᠭᠡᠬᠦ ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠵᠦ᠂ ᠬᠤᠷᠰᠢᠶ᠎ᠠ ᠠᠭᠠᠵᠢᠮ ᠢᠶᠠᠷ ᠵᠥᠪ ᠵᠠᠮ ᠳᠠᠭᠠᠨ ᠣᠷᠣᠪᠠ᠃ ᠠᠯᠤᠰ ᠬᠡᠳᠤ ᠶᠢᠨ ᠬᠥᠭᠵᠢᠯᠲᠡ ᠶᠢ ᠪᠣᠳᠣᠯᠬᠢᠯᠠᠭᠠᠳ᠂ ᠮᠠ ᠵᠧᠨ ᠸᠧᠢ ᠲᠠᠷᠢᠬᠢ ᠪᠠᠨ ᠰᠢᠪᠬᠠᠨ ᠪᠣᠳᠣᠯᠬᠢᠯᠠᠵᠤ᠂ ︽ᠴᠢᠳᠠᠪᠤᠷᠢᠲᠠᠨ ᠢᠶᠠᠷ ᠳᠠᠶᠢᠴᠢᠯᠠᠬᠤ︾ ᠶᠢ ᠶᠡᠬᠡᠪᠡᠷ ᠬᠡᠷᠡᠭᠵᠢᠭᠦᠯᠵᠦ᠂ ᠤᠷᠢᠳ ᠬᠤᠵᠢᠳ ᠦᠬᠡᠷ ᠲᠡᠵᠢᠭᠡᠬᠦ ᠰᠠᠨᠠᠭ᠎ᠠ ᠲᠠᠢ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠭᠦᠨ᠂ ᠨᠠᠮ ᠤᠨ ᠭᠡᠰᠢᠭᠦᠨ ᠪᠣᠯᠣᠨ ᠮᠡᠷᠭᠡᠵᠢᠯ ᠤᠨ ᠴᠢᠳᠠᠪᠤᠷᠢᠲᠠᠨ ᠢ ᠬᠤᠷᠰᠢᠶ᠎ᠠ ᠳᠤ ᠡᠯᠰᠡᠨ ᠣᠷᠣᠭᠤᠯᠵᠤ᠂ ᠲᠡᠳᠡᠨ ᠢ ᠬᠥᠭᠵᠢᠯᠲᠡ ᠶᠢᠨ ︽ᠤᠶᠤᠨ ᠤ ᠤᠭᠤᠲᠠ︾ ᠪᠠ ︽ᠳᠠᠭᠠᠭᠤᠯᠤᠭᠴᠢ︾ ᠪᠣᠯᠭᠠᠵᠤ᠂ ᠬᠤᠷᠰᠢᠶ᠎ᠠ ᠶᠢᠨ ᠬᠥᠭᠵᠢᠨ ᠪᠤᠵᠠᠭᠠᠶᠢᠷᠠᠬᠤ ᠪᠠ ᠪᠦᠬᠦ ᠲᠣᠰᠬᠤᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠬᠠᠮᠲᠤᠪᠠᠷ ᠠᠬᠢᠭᠤᠯᠪᠠ᠃ ᠲᠠᠷᠢᠵᠤ ᠤᠷᠭᠤᠭᠤᠯᠬᠤ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠥᠯᠥᠭᠡ᠂ ᠮᠠ ᠵᠧᠨ ᠸᠧᠢ ᠬᠤᠷᠰᠢᠶ᠎ᠠ ᠶᠢ ᠳᠠᠭᠠᠭᠤᠯᠤᠨ ᠮᠧᠬᠠᠨᠢᠭᠵᠢᠭᠤᠯᠬᠤ ᠠᠵᠢᠯ ᠢ ᠳᠡᠯᠭᠡᠷᠡᠭᠦᠯᠵᠦ᠂ ᠡᠩ ᠲᠡᠷᠢᠭᠦᠨ ᠳᠤ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ ᠬᠤᠳᠠᠯᠳᠤᠨ ᠠᠪᠴᠤ᠂ ᠮᠠᠯ ᠠᠵᠤ ᠠᠬᠤᠢ ᠡᠪᠡᠰᠦ ᠪᠣᠷᠳᠤᠭ᠎ᠠ ᠶᠢ ᠮᠧᠬᠠᠨᠢᠭᠵᠢᠭᠤᠯᠬᠤ ᠵᠠᠮ ᠢᠶᠠᠷ ᠵᠠᠮᠨᠠᠵᠠᠢ᠃ ᠴᠢᠨᠠᠷ ᠰᠠᠶᠢᠲᠠᠢ ᠠᠯᠠᠰᠢᠨ ᠦᠬᠡᠷ ᠢ ᠪᠤᠶᠢᠵᠢᠭᠤᠯᠬᠤ ᠶᠢᠨ ᠲᠥᠯᠥᠭᠡ᠂ ᠮᠠ ᠵᠧᠨ ᠸᠧᠢ ᠪᠡᠶ᠎ᠡ ᠪᠠᠷ ᠢᠶᠠᠨ ᠲᠠᠶᠢᠰᠠᠨ ᠠᠴᠠ ᠪᠠᠭᠤᠵᠤ᠂ ᠴᠢᠩᠭ᠎ᠠ ᠬᠢᠨᠠᠨ ᠪᠠᠶᠢᠴᠠᠭᠠᠭᠠᠳ᠂ ᠠᠯᠠᠰᠢᠨ ᠦᠬᠡᠷ ᠤᠨ ᠡᠭᠦᠯᠳᠡᠷ᠂ ᠬᠢᠵᠢᠭ ᠡᠪᠡᠳᠴᠢᠨ ᠢ ᠰᠡᠷᠭᠡᠶᠢᠯᠡᠨ ᠬᠠᠮᠠᠭᠠᠯᠠᠬᠤ ᠪᠠ ᠪᠣᠷᠳᠣᠵᠤ ᠲᠠᠷᠭᠤᠯᠠᠭᠤᠯᠬᠤ ᠬᠤᠭᠤᠴᠠᠭᠠᠨ ᠤ ᠡᠷᠡᠭᠦᠯ ᠮᠡᠨᠳᠦ ᠶᠢᠨ ᠪᠠᠶᠢᠳᠠᠯ ᠵᠡᠷᠭᠡ ᠶᠢ ᠴᠥᠮ ᠡᠩ ᠤᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠠᠯᠠᠰᠢᠨ ᠦᠬᠡᠷ ᠠᠴᠠ ᠳᠠᠪᠠᠭᠤᠯᠢᠭ ᠪᠣᠯᠭᠠᠵᠤ᠂ ᠰᠠᠶᠢᠨ ᠡᠭᠦᠯᠳᠡᠷ ᠤᠨ ᠠᠯᠠᠰᠢᠨ ᠦᠬᠡᠷ ᠤᠨ ᠬᠠᠩᠭᠠᠯᠭ᠎ᠠ ᠶᠢ ᠦᠨᠡᠨ ᠬᠦ ᠪᠠᠲᠤᠯᠠᠪᠠ ᠁ ᠡᠲᠡᠭᠡᠷ ᠵᠦᠢᠯ ᠪᠦᠬᠦᠨ ᠳᠤ᠂ ᠮᠠ ᠵᠧᠨ ᠸᠧᠢ ᠪᠣᠯᠣᠨ ᠭᠡᠰᠢᠭᠦᠳ ᠤᠨ ᠬᠠᠮᠵᠢᠯᠴᠠᠭ᠎ᠠ ᠶᠢᠨ ᠴᠢᠷᠮᠠᠶᠢᠯᠭ᠎ᠠ ᠳᠣᠣᠷ᠎ᠠ᠂ ᠬᠤᠷᠰᠢᠶ᠎ᠠ ᠶᠢᠨ ᠬᠥᠭᠵᠢᠯᠲᠡ ᠡᠳᠦᠷ ᠠᠴᠠ ᠡᠳᠦᠷ ᠥᠭᠡᠳᠡᠯᠡᠵᠦ ᠪᠠᠶᠢᠨ᠎ᠠ᠃ ᠲᠦᠴᠢᠦᠸᠠᠨ ᠰᠢᠶᠠᠨ ᠤ ᠰᠢᠤᠸᠠᠢ ᠲᠢᠶᠠᠨ ᠰᠢᠶᠠᠩ ᠤᠨ ᠱᠧᠩ ᠯᠢ ᠲᠣᠰᠬᠤᠨ ᠤ ᠠᠷᠠᠳ ᠯᠢᠦ ᠶᠢᠨ ᠴᠧᠩ ᠤᠨ ᠭᠡᠷ ᠲᠤ ᠬᠦᠷᠬᠦ ᠳᠤ᠂ ᠲᠡᠷᠡ ᠦᠬᠡᠷ ᠲᠤ ᠡᠪᠡᠰᠦ ᠪᠣᠷᠳᠤᠭ᠎ᠠ ᠪᠡᠯᠡᠳᠬᠡᠵᠦ ᠪᠠᠶᠢᠯ᠎ᠠ᠃ ᠴᠡᠪᠡᠷ ᠴᠡᠮᠴᠡᠭᠡᠷ ᠦᠬᠡᠷ ᠤᠨ ᠬᠠᠰᠢᠶᠠᠨ ᠳᠠᠬᠢ ᠬᠦᠳᠡᠷ ᠴᠢᠭᠢᠷᠠᠭ ᠠᠩᠭᠧᠰ ᠦᠬᠡᠷ ᠢ ᠬᠠᠷᠠᠭᠠᠳ ᠯᠢᠦ ᠶᠢᠨ ᠴᠧᠩ ᠪᠠᠶᠠᠷ ᠤᠨ ᠢᠨᠢᠶᠡᠮᠰᠦᠭᠯᠡᠯ ᠲᠣᠳᠣᠷᠠᠪᠠ᠃ ︽ᠪᠢ ᠲᠡᠵᠢᠭᠡᠨ ᠦᠷᠡᠵᠢᠭᠦᠯᠬᠦ ᠮᠡᠷᠭᠡᠵᠢᠯ ᠢᠶᠠᠷ ᠳᠤᠲᠠᠮᠠᠭ ᠠᠴᠠ ᠪᠣᠯᠵᠤ᠂ ᠬᠡᠳᠦ ᠬᠡᠳᠦᠨ ᠤᠳᠠᠭ᠎ᠠ ᠵᠣᠬᠢᠰ ᠦᠭᠡᠢ ᠲᠡᠵᠢᠭᠡᠵᠦ᠂ ᠦᠬᠡᠷ ᠡᠰᠡ ᠯᠡ ᠦᠬᠦᠴᠢᠬᠡᠯ᠎ᠡ᠂ ᠦᠬᠡᠷ ᠲᠡᠵᠢᠭᠡᠬᠦ ︿ᠮᠡᠷᠭᠡᠨ ᠬᠥᠮᠥᠨ﹀ ᠮᠠ ᠵᠧᠨ ᠸᠧᠢ ᠶᠢᠨ ᠠᠴᠢ ᠪᠠᠷ ᠮᠠᠨ ᠤ ᠭᠡᠷ ᠲᠤ ᠣᠯᠠᠨᠲᠠ ᠢᠷᠡᠵᠦ ᠪᠣᠯᠪᠠᠰᠤᠷᠠᠯ ᠬᠦᠷᠲᠡᠭᠡᠭᠰᠡᠨ ᠤ ᠠᠴᠢ ᠪᠠᠷ ᠤᠳᠤ ᠦᠬᠡᠷ ᠲᠡᠵᠢᠭᠡᠬᠦ ᠳᠤ ᠲᠤᠷᠰᠢᠯᠭ᠎ᠠ ᠲᠠᠢ ᠪᠣᠯᠪᠠ᠂ ᠪᠢ ᠲᠠᠷᠠᠭ᠎ᠠ ᠵᠢᠯ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠵᠣᠯ ᠵᠢᠷᠭᠠᠯᠲᠤ ᠠᠮᠢᠳᠤᠷᠠᠯ ᠢᠶᠠᠨ ᠲᠠᠬᠢᠨ ᠨᠢᠭᠡ ᠳᠡᠭᠲᠡᠷ ᠲᠤ ᠭᠠᠷᠭᠠᠬᠤ ᠪᠠᠷ ᠪᠠᠶᠢᠨ᠎ᠠ︾ ᠭᠡᠵᠦ ᠬᠡᠯᠡᠪᠡ᠃ ᠨᠢᠭᠡ ᠬᠥᠮᠥᠨ ᠪᠠᠶᠠᠵᠢᠪᠠᠯ ᠪᠠᠶᠠᠨ ᠳᠤ ᠲᠣᠭᠠᠴᠠᠭᠳᠠᠬᠤ ᠦᠭᠡᠢ᠂ ᠤᠯᠠᠨ ᠢᠶᠠᠷ ᠢᠶᠠᠨ ᠪᠠᠶᠠᠵᠢᠪᠠᠯ ᠰᠠᠶ᠋ᠢ ᠵᠢᠩᠬᠢᠨᠢ ᠪᠠᠶᠠᠨ ᠳᠤ ᠲᠣᠭᠠᠴᠠᠭᠳᠠᠨ᠎ᠠ᠃ ᠮᠠ ᠵᠧᠨ ᠸᠧᠢ ᠶᠢᠨ ᠦᠬᠡᠷ ᠲᠡᠵᠢᠭᠡᠬᠦ ᠦᠢᠯᠡᠰ ᠬᠦᠷ ᠬᠥᠭᠵᠢᠶᠡᠨ ᠲᠠᠢ ᠪᠠᠶᠢᠵᠤ᠂ ᠦᠷ᠎ᠡ ᠠᠰᠢᠭ ᠨᠢ ᠬᠥᠮᠥᠨ ᠢ ᠪᠠᠶᠠᠷᠯᠠᠭᠤᠯᠤᠮ᠎ᠠ ᠪᠠᠶᠢᠬᠤ ᠶᠢ ᠣᠯᠵᠤ ᠬᠠᠷᠠᠪᠠ᠃ ᠰᠢᠤᠸᠠᠢ ᠲᠢᠶᠠᠨ ᠰᠢᠶᠠᠩ ᠤᠨ ᠱᠧᠩ ᠯᠢ ᠲᠣᠰᠬᠤᠨ ᠤ ᠠᠷᠠᠳ ᠦᠷᠭᠦᠯᠵᠢ ᠭᠡᠷ ᠲᠤᠨᠢ ᠬᠦᠷᠴᠦ ᠲᠣᠭᠤᠷᠢᠨ ᠦᠵᠡᠵᠦ᠂ ᠠᠯᠠᠰᠢᠨ ᠦᠬᠡᠷ ᠤᠨ ᠠᠵᠤ ᠦᠢᠯᠡᠰ ᠢ ᠬᠥᠭᠵᠢᠭᠦᠯᠬᠦ ᠳᠤᠷᠠᠲᠠᠢ ᠪᠠᠶᠢᠬᠤ ᠪᠠᠨ ᠢᠯᠡᠳᠬᠡᠵᠡᠢ᠃ ᠮᠠ ᠵᠧᠨ ᠸᠧᠢ᠂ ᠬᠤᠪᠢ ᠪᠠᠨ ᠪᠣᠳᠣᠬᠤ ᠦᠭᠡᠢ᠂ ᠬᠤᠪᠢ ᠪᠠᠨ ᠪᠣᠳᠣᠬᠤ ᠦᠭᠡᠢ᠂ ᠦᠬᠡᠷ ᠲᠡᠵᠢᠭᠡᠬᠦ ᠬᠦᠰᠡᠯ ᠲᠠᠢ ᠲᠣᠰᠬᠤᠨ ᠤ ᠠᠷᠠᠳ ᠲᠤ ᠢᠳᠡᠪᠬᠢᠲᠡᠢ ᠪᠠᠷ ᠳᠡᠮᠵᠢᠯᠭᠡ ᠦᠵᠡᠭᠦᠯᠵᠦ᠂ ᠪᠠᠶᠢᠩᠭᠤᠵᠢᠭᠤᠯᠤᠨ ᠡᠷᠦᠬᠡ ᠳᠤ ᠣᠷᠣᠵᠤ ᠲᠡᠵᠢᠭᠡᠨ ᠦᠷᠡᠵᠢᠭᠦᠯᠬᠦ ᠡᠷᠦᠬᠡ ᠳᠤ ᠦᠬᠡᠷ ᠲᠡᠵᠢᠭᠡᠬᠦ ᠮᠡᠷᠭᠡᠵᠢᠯ ᠤᠨ ᠵᠢᠯᠣᠭᠤᠳᠤᠯᠭ᠎ᠠ ᠬᠠᠩᠭᠠᠬᠤ ᠶᠢᠨ ᠬᠠᠮᠲᠤ ᠪᠠᠰᠠ ᠬᠠᠩᠭᠠᠯᠭ᠎ᠠ ᠬᠡᠷᠡᠭᠴᠡᠭᠡᠨ ᠤ ᠬᠠᠮᠲᠤᠷᠠᠯᠴᠠᠭᠠᠨ ᠤ ᠡᠲᠡᠭᠡᠳ ᠲᠠᠢ ᠢᠳᠡᠪᠬᠢᠲᠡᠢ ᠬᠠᠷᠢᠯᠴᠠᠵᠤ᠂ ᠰᠢᠶᠠᠨ ᠤ ︽ᠮᠠᠯ ᠠᠵᠤ ᠠᠬᠤᠢ 120︾ ᠦᠢᠯᠡᠴᠢᠯᠡᠭᠡᠨ ᠤ ᠲᠠᠪᠴᠠᠩ ᠤᠨ ᠣᠨᠣᠰᠢᠯᠠᠨ ᠡᠮᠨᠡᠬᠦ ᠮᠡᠷᠭᠡᠵᠢᠯᠲᠡᠨ ᠲᠠᠢ ᠵᠣᠯᠭᠠᠭᠤᠯᠵᠤ᠂ ᠪᠥᠬᠦ ᠲᠣᠰᠬᠤᠨ ᠤ ᠲᠡᠵᠢᠭᠡᠨ ᠦᠷᠡᠵᠢᠭᠦᠯᠬᠦ ᠡᠷᠦᠬᠡ ᠳᠤ ᠬᠢᠵᠢᠭ ᠢ ᠰᠡᠷᠭᠡᠶᠢᠯᠡᠬᠦ᠂ ᠰᠠᠶᠢᠵᠢᠷᠠᠭᠤᠯᠬᠤ ᠪᠠ ᠣᠨᠣᠰᠢᠯᠠᠨ ᠡᠮᠨᠡᠬᠦ ᠵᠡᠷᠭᠡ ᠦᠢᠯᠡᠴᠢᠯᠡᠭᠡ ᠶᠢ ᠴᠠᠭ ᠲᠤᠬᠠᠢ ᠳᠤᠨᠢ ᠬᠠᠩᠭᠠᠵᠤ᠂ ᠦᠬᠡᠷ ᠤᠨ ᠢᠷᠡᠯᠲᠡ ᠶᠢ ᠪᠠᠲᠤᠯᠠᠭ᠎ᠠ ᠲᠠᠢ᠂ ᠦᠬᠡᠷ ᠤᠨ ᠡᠪᠡᠳᠴᠢᠨ ᠢ ᠡᠮᠨᠡᠭᠦᠯᠬᠦ ᠭᠠᠵᠠᠷ ᠲᠠᠢ᠂ ᠦᠬᠡᠷ ᠬᠤᠳᠠᠯᠳᠤᠬᠤ ᠳᠤ ᠠᠷᠭ᠎ᠠ ᠵᠠᠮ ᠲᠠᠢ᠂ ᠦᠬᠡᠷ ᠲᠡᠵᠢᠭᠡᠪᠡᠯ ᠠᠰᠢᠭ ᠣᠷᠣᠯᠭ᠎ᠠ ᠲᠠᠢ ᠪᠠᠶᠢᠬᠤ ᠶᠢ ᠦᠨᠡᠨ ᠬᠦ ᠪᠠᠲᠤᠯᠠᠪᠠ᠃ ᠲᠡᠭᠦᠨ ᠤ ᠳᠠᠭᠠᠭᠤᠯᠭ᠎ᠠ ᠪᠠᠷ᠂ ᠤᠳᠤ ᠪᠣᠯᠲᠠᠯ᠎ᠠ᠂ ᠪᠦᠬᠦ ᠲᠣᠰᠬᠤᠨ ᠤ 100 ᠭᠠᠷᠤᠢ ᠡᠷᠤᠬᠡ ᠨᠡᠶᠢᠳᠡ 700 ᠭᠠᠷᠤᠢ ᠠᠯᠠᠰᠢᠨ ᠦᠬᠡᠷ ᠲᠡᠵᠢᠭᠡᠨ ᠦᠷᠡᠵᠢᠭᠦᠯᠵᠦ᠂ ᠬᠥᠮᠥᠨ ᠳᠤᠮᠳᠠᠴᠢ ᠶᠢᠨ ᠣᠷᠣᠯᠭ᠎ᠠ 2000 ᠭᠠᠷᠤᠢ ᠲᠥᠭᠦᠷᠢᠭ ᠨᠡᠮᠡᠭᠳᠡᠵᠡᠢ᠃ ᠢᠷᠡᠭᠡᠳᠦᠢ ᠪᠠᠨ ᠪᠠᠷᠠᠯᠠᠬᠤᠶ᠎ᠠ᠂ ᠮᠠ ᠵᠧᠨ ᠸᠧᠢ ᠢᠲᠡᠭᠡᠯ ᠲᠡᠭᠦᠯᠳᠡᠷ ᠪᠠᠶᠢᠨ᠎ᠠ᠃ ︽ᠪᠢ ᠦᠷᠭᠦᠯᠵᠢᠯᠡᠨ ᠮᠥᠷᠥᠨ ᠳᠡᠭᠡᠷᠡᠬᠢ ᠬᠠᠷᠢᠭᠤᠴᠠᠯᠭ᠎ᠠ ᠪᠠᠨ ᠡᠭᠦᠷᠭᠡᠯᠡᠵᠦ᠂ ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠢ ᠳᠠᠭᠠᠭᠤᠯᠤᠨ ᠪᠠᠶᠠᠵᠢᠭᠤᠯᠬᠤ ᠶᠢ ᠦᠷᠭᠦᠯᠵᠢᠯᠡᠨ ᠰᠠᠶᠢᠲᠤᠷ ᠬᠢᠬᠦ ᠶᠢᠨ ᠬᠠᠮᠲᠤ ᠪᠣᠬᠢᠷᠳᠤᠯ ᠦᠭᠡᠢ ᠡᠷᠭᠢᠯᠲᠡᠲᠦ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢᠨ ᠴᠢᠭᠯᠡᠯ ᠢ ᠠᠳᠬᠤᠨ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠶ ᠶᠢ ᠪᠠᠶᠢᠭᠤᠯᠵᠤ᠂ ᠴᠡᠪᠡᠷ᠂ ᠪᠣᠬᠢᠷᠳᠤᠯ ᠦᠭᠡᠢ᠂ ᠮᠠᠰᠢᠨᠴᠢᠯᠠᠭᠰᠠᠨ ᠲᠡᠵᠢᠭᠡᠨ ᠦᠷᠡᠵᠢᠭᠦᠯᠬᠦ ᠵᠠᠭᠪᠤᠷ ᠢ ᠡᠷᠲᠡᠬᠡᠨ ᠪᠡᠶᠡᠯᠡᠭᠦᠯᠬᠦ ᠪᠠᠷ ᠴᠢᠷᠮᠠᠶᠢᠵᠤ᠂ ᠪᠣᠬᠢᠷᠳᠤᠯ ᠦᠭᠡᠢ ᠠᠮᠢ ᠠᠬᠤᠢ ᠶᠢᠨ ᠡᠷᠭᠢᠯᠲᠡᠲᠦ ᠮᠠᠯ ᠠᠵᠤ ᠠᠬᠤᠢ ᠶᠢᠨ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠤᠨ᠎ᠠ︾ ᠭᠡᠵᠦ ᠮᠠ ᠵᠧᠨ ᠸᠧᠢ ᠲᠠᠨᠢᠯᠴᠠᠭᠤᠯᠪᠠ᠃      
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号