| 12 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ | 2022 ᠣᠨ ᠤ ᠰᠢᠶᠠᠨ ᠤ ᠨᠠᠮ ᠤᠨ ᠬᠤᠷᠢᠶᠠᠨ ᠤ ᠴᠡᠷᠢᠭ ᠵᠥᠪᠯᠡᠬᠦ ᠬᠤᠷᠠᠯ ᠵᠢᠴᠢ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠴᠢᠦᠸᠠᠨ ᠰᠢᠶᠠᠨ ᠤ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠦᠨᠳᠦᠰᠦᠨ ᠪᠠᠶᠢᠳᠠᠯ ᠵᠢᠴᠢ | ᠣᠳᠣᠬᠠᠨ ᠤ ᠵᠡᠪᠰᠡᠭᠲᠦ ᠬᠦᠴᠦᠨ ᠤ ᠭᠤᠣᠯᠳᠠᠯᠭ᠎ᠠ ᠲᠠᠢ ᠬᠦᠴᠢᠷ ᠠᠰᠠᠭᠤᠳᠠᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠴᠡᠷᠢᠭ ᠢ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ᠂ ᠲᠡᠮᠵᠢᠨ ᠪᠠᠲᠤᠯᠠᠬᠤ᠂ | ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠶᠢᠨ ᠠᠵᠢᠯ ᠢ ᠰᠠᠶᠢᠲᠤᠷ ᠠᠳᠬᠤᠬᠤ | ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠠᠮᠢᠶ᠎ᠠ ᠪᠦᠬᠦᠢ ᠠᠵᠢᠯ ᠳᠤ ᠪᠣᠳᠠᠲᠠᠢ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠵᠦ᠂ ᠬᠤᠷᠠᠯ ᠳᠡᠭᠡᠷ᠎ᠡ ᠡᠯ᠎ᠡ ᠰᠢᠶᠠᠩ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠣᠭᠤᠷᠢᠨ ᠳᠤ ᠲᠤᠰᠢᠶᠠᠯ ᠤᠨ | ᠮᠡᠳᠡᠭᠦᠯᠦᠯᠲᠡ ᠬᠢᠪᠡ᠃ | ᠬᠤᠷᠠᠯ ᠠᠴᠠ᠂ ᠪᠦᠬᠦ ᠰᠢᠶᠠᠨ ᠤ ᠵᠡᠪᠰᠡᠭᠲᠦ ᠬᠦᠴᠦᠨ ᠤ ᠠᠵᠢᠯ ᠢ ᠴᠢᠩᠭ᠎ᠠ ᠪᠣᠳᠠᠲᠠᠢ ᠠᠳᠬᠤᠵᠤ᠂ ᠦᠵᠡᠯ | ᠰᠠᠨᠠᠭᠠᠨ ᠤ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠤᠨ ᠠᠯᠪᠠᠨ ᠳᠤ | ᠡᠯᠰᠡᠬᠦ ᠵᠡᠷᠭᠡ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠵᠠᠢ᠃ ᠰᠢᠶᠠᠨ ᠤ ᠠᠷᠠᠳ ᠤᠨ ᠵᠡᠪᠰᠡᠭᠲᠦ | ᠬᠦᠴᠦᠨ ᠤ ᠬᠡᠯᠲᠡᠰ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯ ᠭᠠᠮᠰᠢᠭ ᠠᠴᠠ ᠠᠪᠤᠷᠠᠬᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠳᠤ ᠢᠳᠡᠪᠬᠢᠲᠡᠢ ᠣᠷᠣᠯᠴᠠᠵᠤ᠂ ᠪᠦᠬᠦ ᠰᠢᠶᠠᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠬᠤᠷᠠᠯ ᠠᠴᠠ᠂ ᠴᠡᠷᠢᠭ ᠪᠣᠯᠪᠠᠰᠤᠷᠠᠭᠤᠯᠵᠤ ᠳᠠᠶᠢᠨ ᠳᠤ ᠪᠡᠯᠡᠳᠬᠡᠬᠦ ᠶᠢ ᠰᠠᠶᠢᠲᠤᠷ ᠠᠳᠬᠤᠵᠤ᠂ ᠡᠷᠦᠬᠡ ᠶᠢᠨ | ᠴᠡᠷᠢᠭ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠴᠡᠷᠢᠭ ᠤᠨ ᠪᠣᠯᠪᠠᠰᠤᠷᠠᠯ ᠪᠣᠯᠣᠨ ᠪᠠᠴᠢᠮ ᠪᠠᠶᠢᠳᠠᠯ ᠢ | ᠠᠷᠭᠠᠴᠠᠬᠤ ᠰᠣᠷᠢᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ | ᠠᠷᠭᠠᠴᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠲᠠᠵᠤ ᠳᠡᠶᠢᠯᠬᠦ᠂ ᠬᠡᠷᠡᠭᠯᠡᠵᠦ ᠳᠡᠶᠢᠯᠬᠦ᠂ | ᠦᠢᠯᠡᠳᠦᠯ ᠦᠵᠡᠭᠦᠯᠬᠦ ᠶᠢ ᠪᠠᠲᠤᠯᠠᠬᠤ ᠬᠡᠷᠡᠭᠲᠡᠢ᠃ ᠳᠡᠮᠵᠢᠯᠭᠡ ᠪᠠᠲᠤᠯᠠᠭ᠎ᠠ ᠶᠢ ᠰᠠᠶᠢᠲᠤᠷ ᠠᠳᠬᠤᠵᠤ᠂ ᠨᠢᠭᠡᠳᠦᠯᠲᠡᠢ | ᠲᠥᠯᠥᠪᠵᠢᠭᠦᠯᠦᠨ ᠲᠣᠬᠢᠷᠠᠭᠤᠯᠬᠤ ᠶᠢ ᠰᠠᠶᠢᠲᠤᠷ ᠬᠢᠵᠦ᠂ ᠵᠡᠪᠰᠡᠭᠲᠦ ᠬᠦᠴᠦᠨ ᠤ ᠵᠠᠷᠤᠳᠠᠯ ᠢ ᠪᠠᠲᠤᠯᠠᠬᠤ ᠡᠷᠴᠢᠮ ᠢ | ᠴᠢᠩᠭᠠᠷᠠᠭᠤᠯᠵᠤ᠂ ᠡᠷᠦᠬᠡ ᠶᠢᠨ ᠴᠡᠷᠢᠭ ᠤᠨ ᠪᠣᠯᠪᠠᠰᠤᠷᠠᠯ ᠤᠨ ᠰᠠᠭᠤᠷᠢᠨ ᠢ ᠳᠠᠷᠤᠢ ᠲᠦᠷᠭᠡᠨ ᠲᠤᠰᠢᠶᠠᠨ ᠥᠭᠴᠦ | ᠬᠡᠷᠡᠭᠯᠡᠭᠦᠯᠵᠦ᠂ ᠲᠠᠭᠠᠯᠠᠮᠵᠢᠲᠠᠢ ᠠᠵᠢᠯᠯᠠᠵᠤ ᠠᠮᠢᠳᠤᠷᠠᠬᠤ ᠣᠷᠴᠢᠨ ᠲᠣᠭᠤᠷᠢᠨ ᠪᠠ ᠪᠠᠷᠢᠮᠵᠢᠶᠠᠵᠢᠭᠰᠠᠨ | ᠪᠣᠯᠪᠠᠰᠤᠷᠠᠯ ᠤᠨ ᠣᠷᠴᠢᠨ ᠲᠣᠭᠤᠷᠢᠨ ᠢ ᠴᠢᠷᠮᠠᠶᠢᠨ ᠡᠭᠦᠳᠴᠦ᠂ ᠵᠡᠪᠰᠡᠭᠲᠦ ᠬᠦᠴᠦᠨ ᠤ ᠠᠵᠢᠯ ᠤᠨ ᠡᠷᠴᠢᠮᠲᠡᠢ | ᠪᠥᠭᠡᠳ ᠡᠮᠬᠢ ᠵᠢᠷᠤᠮ ᠲᠠᠢ ᠥᠷᠨᠢᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠴᠡᠷᠢᠭ ᠢᠶᠠᠨ | ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠣᠨᠴᠠᠭᠠᠶ | ᠬᠦᠴᠢᠷᠳᠡᠯ ᠲᠠᠢ ᠬᠥᠮᠥᠰ ᠢ ᠬᠠᠪᠰᠤᠷᠤᠨ ᠲᠡᠳᠬᠦᠵᠦ ᠬᠠᠯᠠᠮᠵᠢᠯᠠᠨ ᠬᠠᠶᠢᠷᠠᠯᠠᠬᠤ ᠪᠦᠲᠦᠮᠵᠢᠲᠡᠶ ᠠᠷᠭ᠎ᠠ ᠬᠡᠮᠵᠢᠶ᠎ᠡ | ᠠᠪᠬᠤ ᠬᠡᠷᠡᠭᠲᠡᠢ︔ ᠨᠢᠭᠡᠨᠲᠡ ᠠᠳᠠᠯ ᠦᠢᠯᠡᠰ ᠴᠣᠭᠴᠠᠯᠠᠨ ᠠᠵᠢᠯ ᠣᠯᠣᠭᠰᠠᠳ ᠲᠤ ᠮᠥᠷᠳᠡᠨ ᠦᠢᠯᠡᠴᠢᠯᠡᠬᠦ | ᠠᠵᠢᠯ ᠢ ᠥᠷᠨᠢᠭᠦᠯᠵᠦ᠂ ᠪᠣᠳᠠᠲᠠᠢ ᠬᠦᠴᠢᠷᠳᠡᠯ ᠢ ᠨᠢ ᠴᠠᠭ ᠲᠤᠬᠠᠢ ᠳᠤᠨᠢ ᠬᠠᠪᠰᠤᠷᠤᠨ ᠰᠢᠢᠳᠪᠦᠷᠢᠯᠡᠵᠦ ᠥᠭᠭᠦᠨ᠎ᠡ᠃ | ᠰᠤᠷᠪᠤᠯᠵᠢᠯᠠᠵᠤ ᠲᠣᠬᠤᠨᠢᠭᠤᠯᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ︽ᠴᠡᠷᠢᠭ ᠢᠶᠠᠨ | ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ︾ | ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠪᠠ | ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠠᠳᠬᠤᠵᠤ᠂ ᠵᠥᠷᠢᠴᠡᠯ ᠢ ᠦᠨᠡᠨ ᠬᠦ ᠦᠨᠳᠦᠰᠦᠨ | ᠱᠠᠲᠤᠨ ᠳᠤ ᠰᠢᠢᠳᠪᠦᠷᠢᠯᠡᠬᠦ ᠬᠡᠷᠡᠭᠲᠡᠢ᠃ ︽ᠰᠣᠷᠪᠤᠯᠵᠢᠯᠠᠭ᠎ᠠ ᠬᠢᠵᠦ ᠦᠯᠦ ᠰᠤᠷᠪᠤᠯᠵᠢᠯᠠᠭᠰᠠᠨ︾ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ︽ᠭᠤᠮᠣᠳᠠᠯ ᠲᠣᠭᠠᠴᠢᠯᠲᠠ ᠨᠢ | ᠵᠦᠢ ᠵᠣᠬᠢᠰᠲᠠᠢ ᠪᠠᠶᠢᠪᠠᠯ ᠠᠰᠠᠭᠤᠳᠠᠯ ᠢ ᠪᠣᠳᠠᠲᠠᠶᠢᠵᠢᠭᠤᠯᠵᠤ᠂ ᠭᠤᠮᠣᠳᠠᠯ ᠲᠣᠭᠠᠴᠢᠯᠲᠠ ᠨᠢ ᠶᠣᠰᠣ ᠦᠭᠡᠢ ᠪᠠᠶᠢᠪᠠᠯ | ᠦᠵᠡᠯ ᠰᠠᠨᠠᠭᠠᠨ ᠤ ᠬᠥᠮᠦᠵᠢᠯ ᠢ ᠪᠣᠳᠠᠲᠠᠶᠢᠵᠢᠭᠤᠯᠵᠤ᠂ ᠠᠮᠢᠳᠤᠷᠠᠯ ᠨᠢ ᠬᠦᠴᠢᠷᠳᠡᠯᠲᠡᠢ ᠪᠠᠶᠢᠪᠠᠯ ᠬᠠᠪᠰᠤᠷᠤᠨ | ᠲᠡᠳᠬᠦᠵᠦ ᠠᠪᠤᠷᠠᠨ ᠲᠤᠰᠠᠯᠠᠬᠤ ᠶᠢ ᠪᠣᠳᠠᠲᠠᠶᠢᠵᠢᠭᠤᠯᠵᠤ᠂ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ | ᠪᠠᠶᠢᠪᠠᠯ ᠬᠠᠤᠯᠢ ᠶᠣᠰᠣᠭᠠᠷ ᠰᠢᠢᠳᠪᠦᠷᠢᠯᠡᠬᠦ︾ ᠶᠢ ᠪᠡᠶᠡᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ | ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ | ᠬᠤᠷᠠᠯ ᠠᠴᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭ ᠤᠨ ᠬᠢᠵᠠᠭᠠᠷ ᠤᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ | ᠪᠠᠲᠤᠲᠠᠢ ᠡᠮᠬᠢ ᠵᠢᠷᠤᠮ ᠲᠠᠢ ᠠᠬᠢᠭᠤᠯᠬᠤ᠂ ᠥᠭᠡᠷᠡᠴᠢᠯᠡᠯᠲᠡ ᠶᠢᠨ ᠳᠤᠮᠳᠠ ᠪᠠᠶᠢᠭᠤᠯᠤᠮᠵᠢ ᠶᠢ ᠲᠣᠬᠢᠷᠠᠭᠤᠯᠬᠤ᠂ | ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠨ ᠰᠢᠯᠵᠢᠭᠦᠯᠬᠦ᠂ ᠠᠵᠢᠯᠲᠠᠨ ᠢ ᠰᠢᠯᠵᠢᠭᠦᠯᠬᠦ᠂ ᠡᠳ᠋ ᠬᠥᠷᠥᠩᠭᠡ ᠶᠢ | ᠰᠢᠯᠵᠢᠭᠦᠯᠦᠨ ᠲᠤᠰᠢᠶᠠᠬᠤ ᠵᠡᠷᠭᠡ ᠲᠠᠯ᠎ᠠ ᠶᠢᠨ ᠠᠵᠢᠯ ᠳᠤ ᠬᠤᠯᠪᠣᠭᠳᠠᠪᠠᠯ᠂ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠵᠠᠪᠰᠠᠷ ᠦᠭᠡᠢ ᠵᠣᠯᠭᠠᠭᠤᠯᠬᠤ᠂ | ᠲᠣᠭᠲᠠᠭᠤᠨ ᠢᠶᠠᠷ ᠰᠢᠯᠵᠢᠭᠦᠯᠬᠦ ᠶᠢ ᠪᠡᠶᠡᠯᠡᠭᠦᠯᠵᠦ᠂ ᠥᠭᠡᠷᠡᠴᠢᠯᠡᠯᠲᠡ ᠶᠢᠨ ᠡᠭᠦᠷᠭᠡ ᠶᠢ ᠲᠡᠷᠡ ᠬᠡᠪ ᠢᠶᠠᠷ ᠨᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | |