︽ᠰᠢᠶᠣᠣ ᠵᠢᠩ ᠲᠥᠯᠥᠪᠯᠡᠭᠡ︾ ᠶᠢᠨ ᠬᠥᠮᠥᠵᠢᠭᠦᠯᠦᠭᠴᠢ ᠶᠢ ᠬᠠᠪᠰᠤᠷᠤᠨ ᠲᠡᠳᠬᠦᠬᠦ ᠠᠵᠢᠯ ᠢ ᠪᠥᠬᠦ | ᠲᠠᠯ᠎ᠠ ᠪᠠᠷ ᠲᠦᠯᠬᠢᠨ ᠠᠬᠢᠭᠤᠯᠵᠤ᠂ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠨ᠂ ᠣᠷᠣᠰᠢᠵᠤ ᠪᠠᠶᠢᠭ᠎ᠠ | ᠠᠰᠠᠭᠤᠳᠠᠯ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ | ᠲᠣᠭᠲᠠᠭᠠᠬᠤ ᠶᠢᠨ ᠲᠥᠯᠥᠭᠡ᠂ 12 ᠰᠠᠷ᠎ᠠ ᠶᠢᠨ 13 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ | ︽ᠰᠢᠶᠣᠣ ᠵᠢᠩ ᠲᠥᠯᠥᠪᠯᠡᠭᠡ︾ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ᠃ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ᠂ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠹᠠᠩ ᠬᠤᠷᠠᠯ ᠳᠤ ᠣᠷᠣᠯᠴᠠᠵᠠᠢ᠃ | ᠰᠦᠨ ᠱᠤ᠋ ᠲᠤᠤ ᠬᠡᠯᠡᠬᠦ ᠳᠡᠭᠡᠨ᠂ ︽ᠰᠢᠶᠣᠣ ᠵᠢᠩ ᠲᠥᠯᠥᠪᠯᠡᠭᠡ︾ ᠪᠣᠯ ᠪᠥᠬᠦ ᠠᠶᠢᠮᠠᠭ ᠤᠨ ᠪᠠᠶᠠᠵᠢᠯ ᠤᠨ | ᠳᠠᠭᠠᠭᠤᠯᠤᠭᠴᠢ ᠶᠢ ᠬᠥᠮᠥᠵᠢᠭᠦᠯᠬᠦ ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠮᠥᠨ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤ ᠨᠢ ︽ᠰᠢᠶᠣᠣ ᠵᠢᠩ ᠲᠥᠯᠥᠪᠯᠡᠭᠡ︾ ᠶᠢᠨ ᠲᠤᠷᠰᠢᠯᠭ᠎ᠠ ᠶᠢᠨ ᠡᠭᠦᠰᠦᠯ ᠤᠨ ᠭᠠᠵᠠᠷ | ᠪᠣᠯᠤᠭᠰᠠᠨ ᠤ ᠬᠤᠪᠢ ᠳᠤ᠂ ᠲᠣᠰ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠬᠠᠷᠢᠭᠤᠴᠠᠯᠭ᠎ᠠ ᠲᠠᠢ ᠪᠥᠭᠡᠳ | ᠡᠭᠦᠷᠭᠡ ᠲᠠᠢ ᠶᠤᠮ ᠭᠡᠵᠡᠢ᠃ | ︽ᠰᠢᠶᠣᠣ ᠵᠢᠩ ᠲᠥᠯᠥᠪᠯᠡᠭᠡ︾ ᠶᠢ ᠬᠡᠷᠡᠭᠵᠢᠭᠦᠯᠦᠭᠰᠡᠨ ᠠᠴᠠ ᠨᠠᠰᠢ᠂ ᠡᠯ᠎ᠡ ᠭᠠᠵᠠᠷ ᠲᠤ ᠨᠢᠭᠡ ᠪᠦᠯᠦᠭ ︽ | ᠰᠢᠶᠣᠣ ᠵᠢᠩ ᠲᠥᠯᠥᠪᠯᠡᠭᠡ︾ ᠶᠢᠨ ᠪᠠᠶᠠᠵᠢᠨ ᠳᠠᠶᠢᠴᠢᠯᠠᠭᠰᠠᠨ ᠦᠯᠢᠭᠡᠷ ᠵᠢᠱᠢᠶ᠎ᠡ ᠦᠵᠡᠭᠦᠯᠦᠭᠰᠡᠨ ᠨᠡᠶᠢᠲᠡᠯᠢᠭ | ᠵᠢᠱᠢᠶ᠎ᠡ ᠴᠣᠯᠭᠤᠷᠠᠨ ᠭᠠᠷᠴᠤ᠂ ︽ᠰᠠᠭᠤᠷᠢᠨ ᠭᠠᠵᠠᠷ + ᠮᠠᠯᠴᠢᠨ ᠲᠠᠷᠢᠶᠠᠴᠢᠨ ᠡᠷᠦᠬᠡ + ᠳᠠᠭᠠᠭᠤᠯᠤᠭᠴᠢ + | ᠵᠠᠬ᠎ᠠ ᠳᠡᠯᠭᠡᠭᠦᠷ︾ ᠤᠨ ᠪᠠᠶᠠᠴᠤᠳ ᠢ ᠳᠠᠭᠠᠭᠤᠯᠤᠨ ᠬᠤᠯᠪᠣᠭᠠᠯᠠᠬᠤ ᠲᠣᠭᠲᠠᠴᠠ ᠪᠠ ︽9 + 1︾ ᠶᠢᠨ | ᠲᠣᠰᠬᠤᠨ ᠪᠠᠯᠭᠠᠰᠤ ᠬᠤᠯᠪᠤᠭᠠᠯᠠᠨ ᠪᠦᠯᠬᠦᠮ ᠪᠠᠶᠢᠭᠤᠯᠤᠨ ᠬᠥᠭᠵᠢᠭᠦᠯᠬᠦ ᠵᠠᠭᠪᠤᠷ ᠢ ᠰᠦᠪᠡᠭᠴᠢᠯᠡᠨ ᠭᠠᠷᠭᠠᠵᠤ᠂ | ᠪᠥᠬᠦ ᠬᠤᠰᠢᠭᠤᠨ ᠤ 367 ᠨᠡᠷᠡᠰ ︽ᠰᠢᠶᠣᠣ ᠵᠢᠩ ᠲᠥᠯᠥᠪᠯᠡᠭᠡ︾ ᠶᠢᠨ ᠬᠥᠮᠥᠵᠢᠭᠦᠯᠦᠭᠰᠡᠨ ᠬᠥᠮᠥᠨ ᠤ ᠵᠢᠯ ᠤᠨ | ᠡᠵᠡᠩᠨᠡᠯᠲᠡ ᠶᠢᠨ ᠣᠷᠣᠯᠭ᠎ᠠ ᠨᠡᠶᠢᠲᠡ 2.26 ᠳ᠋ᠦᠩᠰᠢᠭᠤᠷ ᠲᠥᠭᠦᠷᠢᠭ ᠲᠤ ᠬᠦᠷᠴᠦ᠂ ᠮᠠᠯᠴᠢᠨ ᠲᠠᠷᠢᠶᠠᠴᠢᠨ | ᠡᠷᠦᠬᠡ 12161 ᠡᠷᠦᠬᠡ 29330 ᠬᠥᠮᠥᠨ ᠢ ᠨᠥᠯᠥᠭᠡᠯᠡᠨ ᠳᠠᠶᠢᠴᠢᠯᠠᠵᠤ᠂ ᠡᠷᠦᠬᠡ ᠶᠢᠨ ᠳᠤᠮᠳᠠᠴᠢ | ᠣᠷᠣᠯᠭ᠎ᠠ ᠶᠢᠨ 4387 ᠲᠥᠭᠦᠷᠢᠭ ᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠬᠦ ᠳᠤ | ᠴᠢᠬᠤᠯᠠ ᠦᠢᠯᠡᠳᠦᠯ ᠦᠵᠡᠭᠦᠯᠪᠡ᠃ | ᠰᠦᠨ ᠱᠤ᠋ ᠲᠤᠤ᠄ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ︽ᠰᠢᠶᠣᠣ ᠵᠢᠩ ᠮᠠᠶ᠋ᠢᠭ︾ ᠤᠨ | ᠴᠢᠳᠠᠪᠤᠷᠢᠲᠠᠨ ᠤ ᠡᠩᠨᠡᠭᠡ ᠶᠢ ᠬᠦᠴᠦᠯᠡᠨ ᠬᠥᠮᠥᠵᠢᠭᠦᠯᠵᠦ᠂ ︽ᠰᠢᠶᠣᠣ ᠵᠢᠩ ᠲᠥᠯᠥᠪᠯᠡᠭᠡ︾ ᠪᠠᠷ ᠳᠠᠮᠵᠢᠨ | ᠪᠠᠶᠠᠵᠢᠯ ᠤᠨ ᠳᠠᠭᠠᠭᠤᠯᠤᠭᠴᠢ ᠶᠢ ᠪᠠᠯᠭᠠᠰᠤ ᠲᠣᠰᠬᠤᠨ ᠤ ︽ᠬᠤᠶᠠᠷ ᠵᠥᠪᠯᠡᠯ︾ ᠤᠨ ᠪᠠᠭ ᠪᠣᠯᠭᠠᠨ ᠲᠡᠰ | ᠳᠡᠪᠰᠢᠭᠦᠯᠵᠦ᠂ ᠠᠵᠤ ᠠᠬᠤᠶᠢᠯᠠᠯ ᠤᠨ ᠳᠠᠭᠠᠭᠤᠯᠤᠭᠴᠢ ᠪᠣᠯᠭᠠᠨ ᠲᠡᠰ ᠳᠡᠪᠰᠢᠭᠦᠯᠵᠦ᠂ ᠨᠢᠭᠡ ᠪᠦᠯᠦᠭ ᠬᠥᠳᠡᠭᠡ | ᠠᠵᠤ ᠠᠬᠤᠢ ᠶᠢ ᠣᠶᠢᠯᠠᠭᠠᠬᠤ᠂ ᠬᠥᠳᠡᠭᠡ ᠲᠣᠰᠬᠤᠨ ᠢ ᠬᠠᠶᠢᠷᠠᠯᠠᠬᠤ᠂ ᠲᠠᠷᠢᠶᠠᠴᠢᠨ ᠢ ᠬᠠᠶᠢᠷᠠᠯᠠᠬᠤ᠂ ᠨᠡᠶᠢᠭᠡᠮ ᠤᠨ | ᠬᠠᠷᠢᠭᠤᠴᠠᠯᠭ᠎ᠠ ᠲᠠᠢ᠂ ᠡᠭᠦᠷᠭᠡ ᠬᠠᠷᠢᠭᠤᠴᠠᠯᠭ᠎ᠠ ᠲᠠᠢ ᠪᠠᠶᠠᠵᠢᠯ ᠤᠨ ᠳᠠᠭᠠᠭᠤᠯᠤᠭᠴᠢ ︽ᠭᠠᠯᠠᠭᠤ ︾ ᠶᠢ | ᠬᠥᠮᠥᠵᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠳᠤ | ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠰᠢᠶᠣᠣ ᠵᠢᠩ ᠲᠥᠯᠥᠪᠯᠡᠭᠡ︾ ᠶᠢᠨ ᠠᠯᠪᠠᠨ ᠭᠡᠷ ᠢ ᠠᠰᠢᠭᠯᠠᠨ᠂ ︽ | ᠰᠢᠶᠣᠣ ᠵᠢᠩ ᠮᠠᠶ᠋ᠢᠭ︾ ᠤᠨ ᠴᠢᠳᠠᠪᠤᠷᠢᠲᠠᠨ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ︽ᠰᠢᠶᠣᠣ | ᠵᠢᠩ ᠮᠠᠶ᠋ᠢᠭ︾ ᠤᠨ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠬᠤ ᠶᠢ ᠴᠢᠩᠭᠠᠳᠬᠠᠨ᠂ ᠪᠥᠬᠦ ᠬᠤᠰᠢᠭᠤᠨ ᠤ ᠠᠵᠤ | ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤ ᠶᠢᠨ ᠠᠵᠤ ᠠᠬᠤᠢ ᠶᠢ | ᠪᠤᠵᠠᠭᠠᠶᠢᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠷᠬᠡᠭ ᠶᠡᠭᠡ | ᠨᠡᠶᠢᠯᠡᠮᠡᠯ ᠬᠦᠴᠦᠨ ᠢ ᠨᠢᠭᠲᠠᠷᠠᠭᠤᠯᠤᠨ ᠪᠦᠷᠢᠯᠳᠦᠭᠦᠯᠬᠦ ᠬᠡᠷᠡᠭᠲᠡᠢ᠃ | ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠣᠰ ᠪᠡᠶ᠎ᠡ ᠶᠢᠨ ᠡᠭᠦᠷᠭᠡ ᠴᠢᠳᠠᠪᠤᠷᠢ ᠲᠠᠢ ᠪᠠᠨ | ᠤᠶᠠᠯᠳᠤᠭᠤᠯᠤᠨ᠂ ᠲᠣᠰ ᠲᠣᠰ ᠤᠨ ᠬᠠᠮᠤᠭ ᠤᠨ ᠶᠡᠭᠡ ᠳᠠᠪᠠᠭᠤᠯᠢᠭ ᠢᠶᠠᠨ ᠪᠠᠳᠠᠷᠠᠭᠤᠯᠵᠤ᠂ ᠪᠡᠭᠡᠵᠢᠩ ᠥᠪᠥᠷ | ᠮᠣᠩᠭᠤᠯ ᠤᠨ ᠬᠠᠪᠰᠤᠷᠤᠨ ᠲᠡᠳᠬᠦᠬᠦ ᠲᠠᠪᠴᠠᠩ ᠢ ᠠᠰᠢᠭᠯᠠᠨ᠂ ︽ᠰᠢᠶᠣᠣ ᠵᠢᠩ ᠲᠥᠯᠥᠪᠯᠡᠭᠡ︾ ᠶᠢᠨ | ᠬᠥᠮᠥᠵᠢᠭᠦᠯᠬᠦ ᠵᠢᠱᠢᠭᠳᠡᠭᠴᠢ ᠶᠢᠨ ᠠᠵᠤ ᠦᠢᠯᠡᠰ ᠤᠨ ᠬᠥᠭᠵᠢᠯᠲᠡ ᠶᠢᠨ ᠳᠤᠲᠠᠭᠤᠳᠠᠯ ᠪᠠᠭᠤᠷᠠᠢ ᠵᠦᠢᠯ ᠪᠠ ᠪᠣᠳᠠᠲᠠᠢ | ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠴᠢᠳᠠᠪᠤᠷᠢᠲᠠᠨ ᠢ ᠨᠥᠭᠡᠴᠡᠯᠡᠨ ᠪᠣᠯᠪᠠᠰᠤᠷᠠᠭᠤᠯᠬᠤ᠂ | ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠥᠮᠥᠵᠢᠭᠦᠯᠬᠦ ᠵᠢᠱᠢᠭᠳᠡᠭᠴᠢ ᠳᠤ | ᠲᠥᠷᠥ ᠶᠢᠨ ᠪᠣᠳᠣᠯᠭ᠎ᠠ᠂ ᠲᠥᠷᠥᠯ ᠵᠦᠢᠯ᠂ ᠪᠡᠯᠡ ᠮᠥᠩᠭᠦ ᠪᠠᠷ ᠬᠠᠪᠰᠤᠷᠤᠨ ᠲᠡᠳᠬᠦᠵᠦ᠂ ︽ᠰᠢᠶᠣᠣ ᠵᠢᠩ | ᠲᠥᠯᠥᠪᠯᠡᠭᠡ︾ ᠶᠢᠨ ᠬᠥᠮᠥᠵᠢᠭᠦᠯᠬᠦ ᠵᠢᠱᠢᠭᠳᠡᠭᠴᠢ ᠶᠢᠨ ᠬᠠᠪᠰᠤᠷᠤᠨ ᠲᠡᠳᠬᠦᠵᠦ ᠪᠤᠶᠢᠵᠢᠭᠤᠯᠬᠤ ᠳᠤ ᠬᠦᠴᠦ | ᠨᠡᠮᠡᠷᠢᠯᠡᠬᠦ ᠬᠡᠷᠡᠭᠲᠡᠢ ᠭᠡᠵᠡᠢ᠃ ᠬᠤᠷᠠᠯ ᠳᠡᠭᠡᠷ᠎ᠡ᠂ ᠠᠶᠢᠮᠠᠭ ᠤᠨ ᠲᠠᠰ ᠤᠨ ︽ᠰᠢᠶᠣᠣ ᠵᠢᠩ ᠮᠠᠶ᠋ᠢᠭ︾ ᠤᠨ | ᠴᠢᠳᠠᠪᠤᠷᠢᠲᠠᠨ ᠭᠦᠸᠧ ᠯᠢ ᠯᠢ᠂ ᠼᠦᠢ ᠪᠦᠦ ᠴᠢᠤᠸᠠᠨ ᠵᠡᠷᠭᠡ 5 ᠲᠥᠯᠥᠭᠡᠯᠡᠭᠴᠢ ᠬᠥᠳᠡᠭᠡ ᠲᠣᠰᠬᠤᠨ ᠤ ᠠᠵᠤ | ᠦᠢᠯᠡᠰ ᠢ ᠬᠥᠭᠵᠢᠭᠦᠯᠬᠦ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠭᠰᠠᠨ | ᠲᠤᠷᠰᠢᠯᠭ᠎ᠠ ᠶᠢᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ ᠤᠶᠤᠨ ᠤᠬᠠᠭᠠᠨ ᠤ ᠪᠦᠯᠬᠦᠮ ᠤᠨ | ᠲᠤᠰᠬᠠᠢ ᠮᠡᠷᠭᠡᠵᠢᠯᠲᠡᠨ ᠤ ᠲᠥᠯᠥᠭᠡᠯᠡᠭᠴᠢ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠠᠵᠢᠯ ᠤᠨ ᠲᠤᠬᠠᠢ | ᠰᠣᠯᠢᠯᠴᠠᠭᠠᠨ ᠤ ᠶᠠᠷᠢᠶ᠎ᠠ ᠲᠠᠯᠪᠢᠪᠠ᠃ ᠰᠤᠮᠤ ᠰᠢᠶᠠᠩ ᠪᠠᠯᠭᠠᠰᠤ ᠶᠢᠨ ᠲᠥᠯᠥᠭᠡᠯᠡᠭᠴᠢ ︽ᠰᠢᠶᠣᠣ ᠵᠢᠩ ᠲᠥᠯᠥᠪᠯᠡᠭᠡ | ︾ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠬᠡᠰᠡᠭ | ᠪᠦᠷᠢᠯᠳᠦᠭᠦᠨ ᠨᠢᠭᠡᠴᠡ ᠤᠳ ᠪᠤᠶᠢᠵᠢᠭᠤᠯᠤᠨ ᠬᠠᠪᠰᠤᠷᠤᠨ ᠲᠡᠳᠬᠦᠬᠦ ᠠᠵᠢᠯ ᠤᠨ ᠲᠠᠯ᠎ᠠ ᠪᠠᠷ ᠰᠠᠨᠠᠯ ᠢᠶᠠᠨ | ᠰᠤᠯᠢᠯᠴᠠᠵᠤ ᠶᠠᠷᠢᠶ᠎ᠠ ᠲᠠᠯᠪᠢᠪᠠ᠃ | | |