ᠬᠤᠳᠠ ᠬᠦᠳᠡᠭᠡ ᠶᠢᠨ ᠤᠷᠴᠢᠨ ᠠᠬᠤᠢ ᠶᠢ ᠴᠡᠭᠴᠡᠯᠡᠨ ᠵᠠᠰᠠᠵᠤ ᠪᠠᠶᠢᠭ᠎ᠠ ᠰᠢᠨ᠎ᠡ ᠬᠤᠳᠠ ᠵᠡᠭᠡᠯᠢ
ᠨᠡᠶᠢᠲᠡᠯᠡᠭᠰᠡᠨ ᠴᠠᠭ᠄
2022/12/19
    ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ᠂ ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠶᠢᠨ ᠬᠡᠷᠡᠭ ᠡᠷᠬᠢᠯᠡᠬᠦ ᠭᠠᠵᠠᠷ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠬᠤ᠂ ᠣᠷᠴᠢᠨ ᠲᠣᠭᠤᠷᠢᠨ ᠢ ᠴᠡᠪᠡᠷᠰᠢᠭᠦᠯᠬᠦ ᠠᠵᠢᠯ ᠢ ᠶᠡᠬᠡᠪᠡᠷ ᠠᠬᠢᠭᠤᠯᠵᠤ᠂ ᠵᠡᠭᠡᠯᠢ ᠭᠤᠳᠤᠮᠵᠢ ᠶᠢᠨ ᠳᠦᠷᠢ ᠲᠥᠷᠬᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠪᠠ᠃ ᠣᠶᠢᠷ᠎ᠠ ᠳᠤ᠂ ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠶᠢᠨ ᠵᠡᠭᠦᠨ ᠪᠠᠶ᠋ᠬᠠᠦ᠋ᠨᠳᠦᠷ ᠭᠠᠴᠠᠭ᠎ᠠ ᠳᠤ᠂ ᠰᠢᠨ᠎ᠡ ᠬᠤᠲᠠ ᠵᠡᠭᠡᠯᠢ ᠶᠢᠨ ᠬᠤᠲᠠ ᠶᠢᠨ ᠬᠠᠮᠢᠶᠠᠷᠤᠯᠲᠠ ᠶᠢᠨ ᠠᠯᠪᠠᠨ ᠬᠡᠷ ᠤᠨ ᠠᠵᠢᠯᠲᠠᠨ ᠪᠣᠯᠤᠨ ᠭᠠᠴᠠᠭᠠᠨ ᠤ ᠠᠷᠠᠳ ᠭᠤᠤᠯ ᠪᠣᠯᠬᠤ ᠵᠡᠭᠡᠯᠢ ᠭᠤᠳᠤᠮᠵᠢ ᠪᠠᠨ ᠱᠦᠭᠦᠷᠳᠡᠨ ᠴᠡᠪᠡᠷᠯᠡᠵᠦ᠂ ᠰᠢᠷᠣᠶ ᠲᠦᠯᠬᠢᠬᠦ ᠮᠠᠰᠢᠨ ᠤ ᠲᠤᠰᠠᠯᠠᠮᠵᠢ ᠪᠠᠷ ᠣᠪᠣᠭᠠᠷᠠᠭᠰᠠᠨ ᠴᠠᠰᠤ ᠪᠣᠯᠤᠨ ᠬᠤᠭ ᠨᠣᠪᠰᠢ ᠶᠢ ᠬᠤᠭ ᠨᠣᠪᠰᠢ ᠶᠢᠨ ᠲᠡᠷᠭᠡᠨ ᠳᠤ ᠣᠷᠣᠭᠤᠯᠵᠤ᠂ ᠡᠷᠬᠢᠨ ᠲᠣᠭᠤᠷᠢᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠢᠯᠡᠳᠲᠡ ᠰᠠᠶᠢᠵᠢᠷᠠᠭᠤᠯᠪᠠ᠃    ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠭᠠᠴᠠᠭ᠎ᠠ ᠲᠣᠰᠬᠤᠨ ᠬᠤᠪᠢᠶᠠᠨ ᠬᠡᠰᠡᠭ ᠬᠤᠪᠢᠶᠠᠬᠤ᠂ ᠰᠠᠭᠤᠭᠠᠯᠢ ᠠᠷᠠᠳ ᠤᠨ ᠲᠣᠭᠤᠷᠢᠭ ᠬᠤᠪᠢᠶᠠᠬᠤ ᠠᠵᠢᠯ ᠤᠨ ᠬᠡᠯᠪᠡᠷᠢ ᠪᠠᠷ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠪᠦᠬᠦ ᠵᠢᠯ ᠳᠤ ᠨᠡᠶᠢᠳᠡ 2000 ᠭᠠᠷᠤᠶ ᠬᠥᠮᠦᠨ ᠤᠳᠠᠭ᠎ᠠ ᠶᠢ ᠵᠣᠬᠢᠶᠠᠨ ᠪᠠᠶᠢᠭᠤᠯᠤᠨ ᠲᠠᠶᠢᠴᠢᠯᠠᠵᠤ᠂ 180 ᠭᠠᠷᠤᠶ ᠤᠳᠬᠤᠭᠤᠷ ᠲᠡᠷᠭᠡ ᠶᠢ ᠬᠥᠳᠡᠯᠭᠡᠵᠦ᠂ 1500 ᠭᠠᠷᠤᠶ ᠪᠣᠰᠤᠭ᠎ᠠ ᠳᠥᠷᠪᠡᠯᠵᠢᠨ ᠮᠧᠳ᠋ᠷ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠵᠦ᠂ 60 ᠭᠠᠷᠤᠶ ᠰᠠᠭᠤᠭᠠᠯᠢ ᠠᠷᠠᠳ ᠤᠨ ᠲᠣᠭᠤᠷᠢᠭ ᠤᠨ ᠣᠪᠣᠭᠠᠯᠠᠵᠤ ᠲᠠᠯᠪᠢᠭᠰᠠᠨ ᠶᠠᠭᠤᠮ᠎ᠠ ᠶᠢ ᠴᠡᠭᠴᠡᠯᠡᠵᠦ᠂ 400 ᠭᠠᠷᠤᠶ ᠬᠡᠰᠡᠭ ᠤᠨ ᠨᠡᠶᠢᠳᠡ 1000 ᠭᠠᠷᠤᠶ ᠪᠣᠰᠤᠭ᠎ᠠ ᠳᠥᠷᠪᠡᠯᠵᠢᠨ ᠮᠧᠳ᠋ᠷ ᠠᠮᠢᠳᠤᠷᠠᠯ ᠤᠨ ᠬᠤᠭ ᠨᠣᠪᠰᠢ ᠶᠢ ᠴᠡᠪᠡᠷᠯᠡᠵᠦ᠂ 15 ᠵᠤᠷᠪᠤᠰ ᠤᠰᠤ ᠭᠠᠳᠠᠭᠰᠢᠯᠠᠭᠤᠯᠬᠤ ᠭᠤᠤ ᠰᠣᠪᠠᠭ ᠢ ᠴᠡᠪᠡᠷᠯᠡᠵᠦ᠂ 2 ᠺᠢᠯᠣᠮᠧᠳ᠋ᠷ ᠰᠢᠬᠠᠮ ᠨᠣᠭᠤᠭᠠᠨ ᠤ ᠬᠠᠰᠢᠶ᠎ᠠ ᠶᠢ ᠴᠡᠭᠴᠡᠯᠡᠵᠦ᠂ ᠠᠯᠢ ᠤᠯᠠᠨ ᠲᠥᠪᠯᠡᠷᠡᠭᠦᠯᠦᠨ ᠵᠠᠰᠠᠬᠤ ᠪᠠᠷ ᠳᠠᠮᠵᠢᠨ᠂ ᠤᠯᠠᠨ ᠲᠦᠮᠡᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠦᠨᠡᠨ ᠬᠦ ᠰᠠᠶᠢᠵᠢᠷᠠᠭᠤᠯᠪᠠ᠃ ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠳᠠᠷᠤᠭ᠎ᠠ ᠭᠠᠶ ᠭᠤᠸᠠᠩ ᠵᠢᠩ ᠠᠴᠠ᠂ ᠲᠠᠷᠠᠭᠠᠴᠢ ᠶᠢᠨ ᠠᠯᠬᠤᠮ ᠳᠤ ᠰᠢᠨ᠎ᠡ ᠬᠤᠲᠠ ᠵᠡᠭᠡᠯᠢ ᠶᠢᠨ ᠬᠢᠨ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠬᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠬᠤ ᠪᠠᠷ ᠳᠠᠮᠵᠢᠨ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠲᠠ ᠶᠢ ᠯᠠᠪᠳᠠᠭᠤᠨ ᠪᠥᠭᠡᠳ ᠪᠦᠲᠦᠮᠵᠢᠲᠡᠶ ᠪᠠᠷ ᠠᠬᠢᠭᠤᠯᠵᠤ᠂ ︽ᠴᠡᠪᠡᠷᠰᠢᠭᠦᠯᠵᠦ᠂ ᠨᠣᠭᠤᠭᠠᠷᠠᠭᠤᠯᠵᠤ᠂ ᠭᠡᠷᠡᠯᠲᠦᠭᠦᠯᠵᠦ᠂ ᠭᠤᠶᠣ ᠰᠠᠶᠢᠬᠠᠨ ᠪᠣᠯᠭᠠᠬᠤ︾ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ ᠭᠡᠵᠦ ᠢᠯᠡᠷᠬᠡᠶᠢᠯᠡᠵᠡᠢ᠃    
 
ᠢᠷᠡᠯᠲᠡ᠄ ᠤᠯᠠᠭᠠᠨᠬᠤᠲᠠ ᠶᠢᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号