ᠡᠪᠦᠯ ᠤᠨ ᠠᠮᠠᠷᠠᠯᠲᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠠᠮᠤᠷ ᠠᠮᠤᠭᠤᠯᠠᠩ ᠲᠡᠮᠦᠷ ᠵᠠᠮ ᠢ | ᠢᠳᠡᠪᠬᠢᠲᠡᠢ ᠡᠭᠦᠳᠦᠨ ᠪᠠᠶᠢᠭᠤᠯᠵᠤ᠂ ᠬᠥᠮᠥᠨ ᠤ ᠪᠡᠶ᠎ᠡ ᠶᠢᠨ ᠠᠮᠤᠷ ᠲᠦᠪᠰᠢᠨ ᠪᠠ ᠲᠡᠮᠦᠷ ᠵᠠᠮ ᠤᠨ | ᠲᠡᠭᠡᠭᠡᠪᠦᠷᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠡᠦᠬᠡᠳ ᠤᠨ ᠲᠡᠮᠦᠷ ᠵᠠᠮ ᠤᠨ ᠬᠠᠮᠠᠭᠠᠯᠠᠯᠳᠡ ᠶᠢᠨ | ᠤᠬᠠᠮᠰᠠᠷ ᠪᠠ ᠥᠪᠡᠷ ᠢ ᠪᠠᠨ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠷᠠᠰᠢᠶᠠᠨ | ᠬᠤᠳᠠ ᠶᠢᠨ ᠯᠢᠨ ᠬᠠᠢ ᠵᠡᠭᠡᠯᠢ ᠶᠢᠨ ᠬᠢᠨ ︽ᠠᠮᠤᠷ ᠠᠮᠤᠭᠤᠯᠠᠩ ᠲᠡᠮᠦᠷ ᠵᠠᠮ ᠤᠨ ᠠᠶᠠᠯᠠᠯ︾ ᠤᠨ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠡᠬᠢᠯᠡᠭᠰᠡᠨ ᠤ ᠳᠠᠷᠠᠭ᠎ᠠ᠂ ᠠᠵᠢᠯᠲᠠᠳ ᠮᠠᠨ ᠤ | ᠬᠤᠲᠠ ᠶᠢᠨ ᠲᠡᠮᠦᠷ ᠵᠠᠮ ᠤᠨ ᠲᠤᠬᠠᠢ ᠲᠠᠨᠢᠯᠴᠠᠭᠤᠯᠭ᠎ᠠ ᠬᠢᠭᠰᠡᠨ ᠪᠥᠭᠡᠳ ᠲᠡᠮᠦᠷ ᠵᠠᠮ ᠤᠨ ᠠᠮᠤᠷ ᠲᠦᠪᠰᠢᠨ ᠤ | ᠮᠡᠳᠡᠯᠭᠡ ᠶᠢᠨ ᠲᠤᠬᠠᠢ ᠲᠠᠶᠢᠯᠤᠮᠵᠢ ᠬᠢᠵᠦ᠂ ᠪᠢᠴᠢᠬᠠᠨ ᠨᠠᠶᠢᠵᠠ ᠨᠠᠷ ᠲᠤ ᠲᠡᠮᠦᠷ ᠵᠠᠮ ᠤᠨ ᠬᠠᠤᠯᠢ ᠴᠠᠭᠠᠵᠠ ᠬᠠᠤᠯᠢ | ᠲᠣᠭᠲᠠᠭᠠᠯ ᠢ ᠴᠢᠩᠭ᠎ᠠ ᠵᠢᠷᠤᠮᠯᠠᠬᠤ ᠶᠢᠨ ᠬᠠᠮᠲᠤ᠂ ᠲᠡᠮᠦᠷ ᠵᠠᠮ ᠤᠨ ᠠᠮᠤᠷ ᠲᠦᠪᠰᠢᠨ ᠤ ᠮᠡᠳᠡᠯᠭᠡ ᠪᠠᠨ ᠭᠡᠷ ᠤᠨ | ᠬᠥᠮᠥᠰ᠂ ᠲᠥᠷᠥᠯ ᠰᠠᠳᠤᠨ ᠨᠠᠶᠢᠵᠠ ᠨᠥᠬᠦᠳ ᠲᠡᠭᠡᠨ ᠤᠬᠠᠭᠤᠯᠵᠤ᠂ ᠲᠡᠮᠦᠷ ᠵᠠᠮ ᠤᠨ ᠠᠮᠤᠷ ᠲᠦᠪᠰᠢᠨ ᠢ | ᠬᠠᠮᠲᠤ ᠪᠠᠷ ᠬᠠᠮᠠᠭᠠᠯᠠᠨ᠂ ᠲᠡᠮᠦᠷ ᠵᠠᠮ ᠤᠨ ᠬᠠᠮᠠᠭᠠᠯᠠᠬᠴᠢ ᠤᠬᠠᠭᠤᠯᠤᠭᠴᠢ᠂ ᠬᠢᠨᠠᠯᠲᠠ ᠲᠠᠯᠪᠢᠭᠴᠢ ᠪᠣᠯᠬᠤ ᠪᠠᠷ | ᠴᠢᠷᠮᠠᠶᠢᠬᠤ ᠬᠡᠷᠡᠭᠲᠡᠢ ᠭᠡᠵᠡᠢ᠃ ᠡᠨᠡ ᠤᠳᠠᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠪᠢᠴᠢᠬᠠᠨ ᠨᠠᠶᠢᠵᠠ ᠨᠠᠷ ᠲᠡᠮᠦᠷ | ᠵᠠᠮ ᠤᠨ ᠠᠮᠤᠷ ᠲᠦᠪᠰᠢᠨ ᠤ ᠴᠢᠬᠤᠯᠠ ᠴᠢᠨᠠᠷ ᠢ ᠲᠠᠨᠢᠵᠤ᠂ ᠲᠡᠮᠦᠷ ᠵᠠᠮ ᠢ ᠬᠠᠶᠢᠷᠠᠯᠠᠨ ᠬᠠᠮᠠᠭᠠᠯᠠᠬᠤ ᠥᠴᠥᠬᠡᠨ | ᠡᠯᠴᠢ ᠪᠣᠯᠬᠤ ᠬᠡᠷᠡᠭᠲᠡᠢ᠂ ᠪᠠᠰᠠ ︽ᠭᠠᠷ ᠭᠠᠷ ᠢᠶᠠᠨ ᠬᠤᠯᠪᠣᠯᠴᠠᠨ︾ ᠰᠠᠨᠠᠭᠠᠴᠢᠯᠠᠭ᠎ᠠ ᠠᠴᠠ ᠪᠠᠨ ᠲᠥᠷᠥᠯ ᠰᠠᠳᠤᠨ | ᠨᠠᠶᠢᠵᠠ ᠨᠥᠬᠦᠳ ᠬᠥᠷᠰᠢ ᠵᠡᠷᠭᠡᠯᠡᠳᠡᠭᠡ ᠳᠡᠭᠡᠨ ᠲᠡᠮᠦᠷ ᠵᠠᠮ ᠤᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ | ᠤᠬᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠲᠡᠮᠦᠷ ᠵᠠᠮ ᠢ ᠬᠠᠶᠢᠷᠠᠯᠠᠨ ᠬᠠᠮᠠᠭᠠᠯᠠᠬᠤ ᠵᠢᠱᠢᠶᠡᠴᠢ ᠭᠡᠰᠢᠭᠦᠨ | ᠪᠣᠯᠣᠨ᠎ᠠ ᠭᠡᠵᠦ ᠵᠠᠯᠭᠠᠭ᠎ᠠ ᠪᠠᠷ ᠵᠤᠷᠢᠭ ᠢᠶᠠᠨ ᠢᠯᠡᠳᠭᠡᠭᠰᠡᠨ ᠪᠠᠶᠢᠨ᠎ᠠ᠃ | |