ᠭᠤᠣᠯ ᠤᠨ ᠪᠠᠶᠢᠰᠢᠩ ᠪᠠᠯᠭᠠᠰᠤᠨ ᠤ ᠴᠠᠭᠠᠨᠲᠣᠯᠤᠭᠠᠢ ᠭᠠᠴᠠᠭ᠎ᠠ ᠲᠤᠲᠤᠷᠭ᠎ᠠ ᠶᠢᠨ ᠡᠪᠡᠰᠦ ᠶᠢ ᠲᠠᠷᠢᠶᠠᠨ ᠠᠴᠠ ᠰᠠᠯᠭᠠᠵᠤ ᠬᠠᠶᠠᠭᠳᠠᠮᠠᠯ ᠢ ᠡᠷᠳᠡᠨᠢ ᠪᠣᠯᠭᠠᠵᠤ ᠣᠷᠣᠯᠭ᠎ᠠ ᠶᠢ ᠨᠡᠮᠡᠭᠳᠡᠬᠦᠯᠦᠨ᠎ᠡ
ᠨᠡᠶᠢᠲᠡᠯᠡᠭᠰᠡᠨ ᠴᠠᠭ᠄
2022/12/19
    ᠨᠠᠮᠤᠷ ᠤᠨ ᠰᠡᠭᠦᠯᠴᠢ ᠪᠣᠯᠬᠤ ᠳᠤ᠂ ᠮᠥᠬᠦᠯᠢᠭ ᠤᠨ ᠮᠥᠬᠦᠯᠢᠭ ᠢ ᠬᠥᠮᠥᠷᠭᠡ ᠳᠤ ᠣᠷᠣᠭᠤᠯᠤᠨ᠎ᠠ᠃ ᠴᠠᠭᠠᠨ ᠲᠣᠯᠣᠭᠠᠢ ᠭᠠᠴᠠᠭᠠᠨ ᠤ ᠲᠤᠲᠤᠷᠭ᠎ᠠ ᠶᠢᠨ ᠲᠠᠷᠢᠶᠠᠨ ᠤ ᠠᠶᠢᠯ ᠤᠨ ᠲᠠᠷᠢᠶᠠᠨ ᠭᠠᠵᠠᠷ ᠲᠤ᠂ ᠬᠡᠳᠦᠨ ᠲᠤᠲᠤᠷᠭᠠᠨ ᠡᠪᠡᠰᠦ ᠪᠣᠭᠤᠵᠢᠯᠠᠬᠤ ᠮᠠᠰᠢᠨ ᠮᠥᠨ ᠯᠡ ︽ᠬᠦᠩᠭᠢᠨᠡᠵᠦ︾᠂ ᠲᠤᠲᠤᠷᠭᠠᠨ ᠲᠠᠷᠢᠶᠠᠨ ᠳᠤ ᠪᠣᠭᠤᠵᠢᠯᠠᠬᠤ ᠮᠠᠰᠢᠨ ᠪᠠ ᠵᠥᠭᠡᠭᠡᠪᠦᠷᠢ ᠶᠢᠨ ᠮᠠᠰᠢᠨ ᠨᠢ ᠲᠤᠲᠤᠷᠭᠠᠨ ᠡᠪᠡᠰᠦ ᠶᠢ ᠪᠣᠭᠤᠵᠢᠯᠠᠵᠤ ᠬᠤᠷᠢᠶᠠᠨ ᠠᠪᠴᠤ ᠪᠠᠶᠢᠨ᠎ᠠ᠂ ᠪᠣᠭᠤᠵᠢᠯᠠᠬᠤ ᠮᠠᠰᠢᠨ ᠤ ᠠᠯᠭᠤᠷ ᠠᠭᠠᠵᠢᠮ ᠢᠶᠠᠷ ᠤᠷᠤᠭᠰᠢᠯᠠᠬᠤ ᠶᠢ ᠳᠠᠭᠠᠯᠳᠤᠨ᠂ ᠲᠠᠷᠢᠶᠠᠨ ᠭᠠᠵᠠᠷ ᠤᠨ ᠲᠤᠲᠤᠷᠭᠠᠨ ᠡᠪᠡᠰᠦ ᠶᠢ ᠮᠠᠰᠢ ᠲᠦᠷᠭᠡᠨ ᠢᠶᠠᠷ ᠴᠡᠪᠡᠷᠯᠡᠨ ᠠᠷᠢᠯᠭᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠭ᠊ᠥ᠋ᠬᠡ ᠲᠡᠭᠷᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ︾ ᠬᠡᠵᠡᠢ᠂ ︽ᠥᠩᠭᠡᠷᠡᠭᠰᠡᠨ ᠳᠤ ᠤᠰᠤᠨ ᠲᠤᠲᠤᠷᠭ᠎ᠠ ᠶᠢᠨ ᠡᠰᠢ ᠰᠦᠷᠡᠯ ᠪᠣᠯ ᠨᠢᠭᠡ ᠦᠶ᠎ᠡ ᠲᠤᠲᠤᠷᠭ᠎ᠠ ᠶᠢᠨ ᠲᠠᠷᠢᠶᠠᠴᠢᠳ ᠤᠨ ᠨᠠᠮᠤᠷ ᠤᠨ ᠬᠤᠷᠢᠶᠠᠯᠲᠠ ᠶᠢᠨ ᠳᠠᠷᠠᠭᠠᠬᠢ ᠬᠦᠴᠢᠷ ᠠᠰᠠᠭᠤᠳᠠᠯ ᠪᠠᠶᠢᠭᠰᠠᠨ ᠶᠤᠮ᠂ ᠲᠠᠷᠢᠶᠠᠨ ᠭᠠᠵᠠᠷ ᠲᠤ ᠦᠯᠡᠳᠡᠵᠦ ᠢᠯᠵᠢᠷᠡᠨ ᠪᠣᠯᠪᠠᠰᠤᠷᠠᠬᠤ ᠬᠤᠷᠳᠤᠴᠠ ᠨᠢ ᠳᠡᠩᠳᠡᠭᠦᠦ ᠤᠳᠠᠭᠠᠨ᠂ ᠡᠪᠡᠳᠴᠢᠨ ᠤ ᠪᠠᠺᠲ᠋ᠧᠷᠢ ᠦᠯᠡᠳᠡᠵᠦ᠂ ᠢᠷᠡᠬᠦ ᠵᠢᠯ ᠤᠨ ᠲᠠᠷᠢᠶᠠᠨ ᠤ ᠤᠷᠭᠤᠯᠲᠠ᠂ ᠬᠠᠳᠤᠵᠤ ᠬᠤᠷᠢᠶᠠᠬᠤ᠂ ᠵᠥᠭᠡᠭᠡᠪᠦᠷᠢᠯᠡᠬᠦ ᠶᠢ ᠨᠥᠯᠥᠭᠡᠯᠡᠬᠦ ᠳᠤ ᠶᠡᠭᠡ ᠬᠡᠮᠵᠢᠶᠡᠨ ᠤ ᠬᠥᠮᠥᠨ ᠤ ᠬᠦᠴᠦ ᠪᠣᠳᠠᠰ ᠤᠨ ᠬᠦᠴᠦ ᠶᠢ ᠵᠠᠷᠤᠴᠠᠭᠤᠯᠵᠤ᠂ ᠰᠢᠲᠠᠭᠠᠬᠤ ᠮᠥᠷᠲᠡᠭᠡᠨ ᠣᠷᠴᠢᠨ ᠠᠬᠤᠢ ᠶᠢ ᠪᠣᠬᠢᠷᠲᠤᠭᠤᠯᠳᠠᠭ ᠪᠠᠶᠢᠵᠠᠢ︾ ᠭᠡᠵᠦ ᠴᠠᠭᠠᠨᠲᠣᠯᠤᠭᠠᠢ ᠭᠠᠴᠠᠭᠠᠨ ᠤ ᠲᠤᠲᠤᠷᠭ᠎ᠠ ᠶᠢᠨ ᠲᠠᠷᠢᠶᠠᠨ ᠤ ᠲᠣᠰᠬᠤᠨ ᠤ ᠳᠠᠷᠤᠭ᠎ᠠ ᠸᠠᠩ ᠶᠠᠨ ᠪᠥᠸᠧ ᠬᠡᠯᠡᠪᠡ᠃ ᠡᠨᠡ ᠵᠢᠯ ᠠᠴᠠ ᠡᠬᠢᠯᠡᠵᠦ᠂ ᠴᠠᠭᠠᠨᠲᠣᠯᠤᠭᠠᠢ ᠭᠠᠴᠠᠭ᠎ᠠ ᠤᠰᠤᠨ ᠲᠤᠲᠤᠷᠭ᠎ᠠ ᠶᠢᠨ ᠡᠰᠢ ᠰᠦᠷᠡᠯ ᠳᠤ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ᠵᠠᠮ ᠣᠯᠵᠤ᠂ ᠲᠤᠲᠤᠷᠭ᠎ᠠ ᠶᠢᠨ ᠲᠠᠷᠢᠶᠠᠴᠢᠳ ᠨᠠᠮᠤᠷ ᠤᠨ ᠬᠤᠷᠢᠶᠠᠯᠲᠠ ᠶᠢᠨ ᠳᠠᠷᠠᠭ᠎ᠠ ᠡᠰᠢ ᠰᠦᠷᠡᠯ ᠢᠶᠠᠨ ᠲᠤᠲᠤᠷᠭ᠎ᠠ ᠶᠢᠨ ᠡᠪᠡᠰᠦ ᠶᠢ ᠪᠣᠭᠤᠵᠢᠯᠠᠬᠤ ᠮᠠᠰᠢᠨ ᠳᠤ ᠲᠤᠰᠢᠶᠠᠨ ᠥᠭᠴᠦ ᠲᠥᠪᠯᠡᠷᠡᠭᠦᠯᠦᠨ ᠪᠣᠭᠤᠳᠠᠯᠯᠠᠭᠤᠯᠵᠤ᠂ ᠮᠦ ᠪᠦᠷᠢ 10 ᠲᠥᠭᠦᠷᠢᠭ ᠤᠨ ᠦᠨ᠎ᠡ ᠪᠠᠷ ᠭᠠᠳᠠᠨ᠎ᠠ ᠣᠷᠣᠨ ᠤ ᠵᠣᠴᠢᠳ ᠲᠤ ᠬᠤᠳᠠᠯᠳᠤᠨ ᠥᠭᠴᠦ᠂ ᠪᠣᠭᠤᠳᠠᠯᠯᠠᠭᠰᠠᠨ ᠤ ᠳᠠᠷᠠᠭᠠᠬᠢ ᠡᠪᠡᠰᠦᠨ ᠪᠣᠭᠤᠵᠢ ᠶᠢ ᠬᠢᠷᠢᠨ ᠮᠤᠵᠢ ᠳᠤ ᠬᠦᠷᠭᠡᠵᠦ᠂ ᠨᠢᠭᠡ ᠬᠡᠰᠡᠭ ᠢ ᠨᠢ ᠣᠷᠴᠢᠨ ᠲᠣᠭᠤᠷᠢᠨ ᠢ ᠬᠠᠮᠠᠭᠠᠯᠠᠬᠤ ᠲᠦᠯᠡᠰᠢ ᠪᠣᠯᠭᠠᠨ ᠴᠠᠬᠢᠯᠭᠠᠨ ᠭᠠᠷᠭᠠᠬᠤ ᠳᠤ ᠬᠡᠷᠡᠭᠯᠡᠵᠦ᠂ ᠨᠦᠭᠦᠭᠡ ᠬᠡᠰᠡᠭ ᠢ ᠨᠢ ᠢᠰᠬᠡᠵᠦ ᠰᠢᠢᠳᠪᠦᠷᠢᠯᠡᠭᠡᠳ ᠣᠷᠭᠠᠨᠢᠭ ᠪᠣᠷᠳᠣᠭᠤᠷ ᠪᠣᠯᠭᠠᠨ ᠪᠣᠷᠣᠯᠠᠭᠤᠯᠳᠠᠭ᠂ ᠢᠩᠭᠢᠪᠡᠯ ᠲᠠᠷᠢᠶᠠᠴᠢᠳ ᠤᠨ ᠥᠪᠡᠰᠦᠪᠡᠨ ᠰᠢᠢᠳᠪᠦᠷᠢᠯᠡᠬᠦ ᠪᠤᠬᠢᠨᠢᠳᠤᠯ ᠢ ᠠᠷᠢᠯᠭᠠᠬᠤ ᠪᠠᠷ ᠪᠠᠷᠠᠬᠤ ᠦᠭᠡᠢ ᠪᠠᠰᠠ ᠢᠯᠡᠭᠦᠴᠡ ᠣᠷᠣᠯᠭ᠎ᠠ ᠣᠯᠵᠤ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠪᠢᠳᠡ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠭᠤᠯᠠ ᠤᠰᠤ ᠤᠢ ᠲᠠᠷᠢᠶ᠎ᠠ ᠨᠠᠭᠤᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠪᠣᠬᠢᠷᠳᠤᠯ ᠢ ᠵᠠᠰᠠᠬᠤ᠂ ᠠᠮᠢ ᠠᠬᠤᠢ ᠶᠢ ᠬᠠᠮᠠᠭᠠᠯᠠᠬᠤ ᠶᠢ ᠨᠢᠭᠡᠳᠦᠯᠲᠡᠢ ᠲᠥᠯᠥᠪᠯᠡᠵᠦ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠡᠷᠡᠭᠲᠡᠢ︾ ᠭᠡᠵᠦ ᠵᠢᠭᠠᠵᠤ ᠭᠠᠷᠭᠠᠪᠠ᠃ ᠣᠳᠣᠬᠠᠨ ᠳᠤ ᠴᠠᠭᠠᠨ ᠲᠣᠯᠣᠭᠠᠢ ᠭᠠᠴᠠᠭ᠎ᠠ ᠶᠢᠨ ᠲᠤᠲᠤᠷᠭ᠎ᠠ ᠶᠢᠨ ᠲᠠᠷᠢᠶᠠᠨ ᠤ ᠠᠶᠢᠯ ᠤᠨ ᠲᠤᠲᠤᠷᠭ᠎ᠠ ᠶᠢᠨ ᠡᠪᠡᠰᠦ ᠶᠢ ᠪᠣᠭᠤᠵᠢᠯᠠᠵᠤ 7000 ᠭᠠᠷᠤᠢ ᠮᠦ ᠭᠠᠵᠠᠷ ᠢ ᠬᠤᠷᠢᠶᠠᠨ ᠠᠪᠴᠤ᠂ ᠲᠤᠲᠤᠷᠭ᠎ᠠ ᠶᠢᠨ ᠡᠪᠡᠰᠦᠨ ᠤ ᠡᠰᠢ ᠰᠦᠷᠡᠯ ᠢ ᠬᠤᠷᠢᠶᠠᠨ ᠠᠪᠴᠤ ᠠᠰᠢᠭᠯᠠᠭᠰᠠᠨ ᠨᠢ ᠣᠷᠴᠢᠨ ᠠᠬᠤᠢ ᠶᠢᠨ ᠪᠣᠬᠢᠷᠳᠤᠯ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠳᠤ ᠴᠦ ᠲᠤᠰᠠ ᠪᠣᠯᠵᠤ᠂ ᠠᠵᠤ ᠠᠬᠤᠢ ᠶᠢᠨ ᠦᠷ᠎ᠡ ᠠᠰᠢᠭ ᠪᠣᠯᠣᠨ ᠨᠡᠶᠢᠭᠡᠮ ᠤᠨ ᠦᠷ᠎ᠡ ᠠᠰᠢᠭ ᠤᠨ ᠬᠤᠣᠰ ᠠᠮᠵᠢᠯᠲᠠ ᠶᠢ ᠣᠯᠣᠭᠰᠠᠨ ᠪᠠᠶᠢᠨ᠎ᠠ᠃ ᠴᠡᠪᠡᠷᠯᠡᠭᠳᠡᠭᠰᠡᠨ ᠲᠤᠲᠤᠷᠭ᠎ᠠ ᠶᠢᠨ ᠲᠠᠷᠢᠶᠠᠨ ᠳᠤ᠂ ᠰᠢᠪᠠᠷ ᠰᠢᠷᠣᠢ ᠶᠠᠭ ᠰᠠᠶᠢᠬᠠᠨ ᠨᠠᠮᠤᠷ ᠤᠨ ᠨᠡᠷᠡᠨ ᠤ ᠳᠤᠯᠠᠭᠠᠨ ᠢ ᠰᠢᠩᠭᠡᠭᠡᠵᠦ᠂ ᠢᠷᠡᠬᠦ ᠵᠢᠯ ᠤᠨ ᠡᠯᠪᠡᠭ ᠬᠤᠷᠢᠶᠠᠯᠲᠠ ᠳᠤ ᠬᠦᠴᠦᠨ ᠴᠢᠳᠠᠯ ᠢᠶᠠᠨ ᠬᠤᠷᠠᠮᠳᠤᠭᠤᠯᠵᠤ ᠪᠠᠶᠢᠨ᠎ᠠ᠃      
 
ᠢᠷᠡᠯᠲᠡ᠄ ᠲᠣᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号