ᠪᠠᠢ ᠯᠠᠩ ᠪᠠᠯᠭᠠᠰᠤ ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠳᠤᠷ ᠬᠢᠵᠦ ᠪᠤᠢ
ᠨᠡᠶᠢᠲᠡᠯᠡᠭᠰᠡᠨ ᠴᠠᠭ᠄
2022/12/19
  60 ᠨᠠᠰᠤᠨ ᠠᠴᠠ ᠳᠡᠭᠡᠭᠰᠢᠬᠢ ᠬᠥᠮᠥᠰ ᠲᠤ ᠸᠠᠺᠼᠢᠨ ᠤ ᠲᠠᠷᠢᠯᠭ᠎ᠠ ᠬᠢᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠷᠠᠰᠢᠶᠠᠨ ᠬᠤᠳᠠ ᠶᠢᠨ ᠪᠠᠢ ᠯᠠᠩ ᠪᠠᠯᠭᠠᠰᠤᠨ ᠤ ᠬᠢᠨ ︽ᠨᠠᠷᠢᠯᠢᠭ ᠣᠨᠣᠴᠠᠲᠠᠢ ᠪᠠᠷ ᠵᠢᠬᠰᠠᠭᠠᠨ ᠪᠠᠶᠢᠴᠠᠭᠠᠵᠣ + ᠡᠭᠦᠳᠡ ᠲᠣᠭᠰᠢᠬᠤ ᠠᠵᠢᠯᠯᠠᠭ᠎ᠠ + ᠠᠰ ᠠᠰ ᠲᠤᠨᠢ ᠦᠢᠯᠡᠴᠢᠯᠡᠬᠦ︾ ᠠᠷᠭ᠎ᠠ ᠶᠢ ᠤᠶᠠᠯᠳᠤᠭᠤᠯᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠤᠷᠤᠭᠰᠢᠳᠠᠢ ᠶᠠᠪᠤᠭᠳᠠᠭᠤᠯᠵᠤ ᠪᠠᠶᠢᠨ᠎ᠠ᠃ ᠨᠠᠷᠢᠯᠢᠭ ᠤᠨᠤᠴᠠᠳᠠᠢ ᠵᠢᠭᠰᠠᠭᠠᠨ ᠪᠠᠶᠢᠴᠠᠭᠠᠵᠤ ᠪᠤᠢ ᠪᠠᠢ ᠯᠠᠩ ᠪᠠᠯᠭᠠᠰᠤ ᠵᠢᠬᠰᠠᠭᠠᠨ ᠪᠠᠶᠢᠴᠠᠭᠠᠬᠤ ᠠᠵᠢᠯ ᠢ ᠨᠠᠷᠢᠯᠢᠭᠵᠢᠭᠤᠯᠵᠤ᠂ 60 ᠨᠠᠰᠤᠨ ᠠᠴᠠ ᠳᠡᠭᠡᠭᠰᠢᠬᠢ ᠡᠷᠦᠬᠡ ᠠᠮᠠ ᠶᠢᠨ ᠲᠠᠩᠰᠠ ᠲᠠᠢ ᠬᠥᠮᠥᠨ᠂ ᠪᠠᠶᠢᠩᠭᠤ ᠰᠠᠭᠤᠭ᠎ᠠ ᠬᠥᠮᠥᠨ ᠳᠤ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠵᠡᠢ᠃ ᠡᠷᠦᠬᠡ ᠲᠠᠷᠡᠭᠠᠯᠠᠨ ᠬᠥᠮᠥᠨ ᠨᠢᠭᠡᠪᠦᠷᠢ ᠪᠠᠷ ᠲᠠᠩᠰᠠ ᠡᠪᠬᠡᠮᠡᠯ ᠪᠠᠶᠢᠭᠤᠯᠵᠤ᠂ ᠪᠠᠶᠢᠴᠠᠭᠠᠨ ᠵᠢᠭᠰᠠᠭᠠᠬᠤ ᠠᠵᠢᠯ ᠢ ᠰᠠᠶᠢᠳᠤᠷ ᠬᠢᠵᠦ ᠰᠠᠭᠤᠷᠢ ᠲᠤᠭ᠎ᠠ ᠨᠢ ᠲᠣᠳᠣᠷᠬᠠᠢ᠂ ᠬᠥᠮᠥᠨ ᠤ ᠲᠤᠭ᠎ᠠ ᠶᠢ ᠲᠣᠳᠣᠷᠬᠠᠢ ᠪᠠᠶᠢᠯᠭᠠᠵᠤ᠂ ︽ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ︾ ᠪᠠᠶᠢᠬᠤ ᠶᠢ ᠪᠠᠳᠤᠯᠠᠵᠤ ᠪᠤᠢ᠃ ᠡᠷᠣᠭᠡ ᠲᠠᠷᠡᠭᠠᠯᠠᠨ ᠳᠠᠶᠢᠴᠢᠯᠠᠵᠤ ᠪᠤᠢ ᠨᠢᠭᠡ ᠡᠷᠦᠬᠡ ᠨᠢᠭᠡ ᠡᠷᠦᠬᠡ ᠪᠠᠷ ᠣᠷᠣᠵᠣ᠂ ᠨᠢᠭᠡ ᠬᠥᠮᠥᠨ ᠨᠢᠭᠡ ᠬᠥᠮᠥᠨ ᠢᠶᠠᠷ ᠪᠠᠶᠢᠴᠠᠭᠠᠨ᠎ᠠ᠃ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠡᠷᠦᠬᠡ ᠪᠤᠯᠭᠠᠨ ᠢᠶᠠᠷ ᠤᠬᠠᠭᠤᠯᠤᠨ ᠳᠠᠶᠢᠴᠢᠯᠠᠬᠤ ᠳᠤᠭᠤᠶᠢᠯᠠᠩ ᠪᠠᠶᠢᠭᠤᠯᠵᠤ᠂ ᠬᠥᠮᠥᠨ ᠪᠤᠯᠭᠠᠨ ᠢ ᠰᠤᠷᠪᠤᠯᠵᠢᠯᠠᠵᠤ ᠂ ︽ᠠᠰ ᠠᠰ ᠲᠤᠨᠢ︾ ᠣᠶᠢᠯᠡᠴᠢᠯᠡᠬᠦ ᠮᠠᠶ᠋ᠢᠭ ᠤᠨ ᠨᠠᠰᠤᠲᠠᠶᠢᠴᠤᠳ ᠲᠤ ᠲᠠᠷᠢᠯᠭ᠎ᠠ ᠬᠢᠬᠦ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠪᠠᠶᠢᠳᠠᠯ ᠢ ᠤᠶᠢᠯᠠᠭᠠᠵᠤ ᠮᠡᠳᠡᠬᠦᠯᠬᠦ ᠶᠢ ᠨᠢᠭᠡᠳᠦᠯᠲᠡᠢ ᠲᠥᠯᠥᠪᠯᠡᠵᠦ᠂ ᠡᠷᠦᠬᠡ ᠪᠠᠷ ᠬᠦᠷᠴᠦ ᠳᠠᠶᠢᠴᠢᠯᠠᠬᠤ ᠶᠢ ᠨᠠᠷᠢᠯᠢᠭ ᠣᠨᠣᠴᠠᠲᠠᠢ ᠪᠠᠷ ᠥᠷᠨᠢᠭᠦᠯᠵᠦ᠂ ᠨᠠᠰᠤᠲᠠᠶᠢᠴᠤᠳ ᠤᠨ ᠡᠷᠡᠭᠦᠯ ᠮᠡᠨᠳᠦ ᠶᠢ ᠪᠠᠲᠤᠯᠠᠬᠤ ᠪᠠ ᠬᠤᠪᠢ ᠬᠥᠮᠥᠨ ᠤ ᠬᠦᠰᠡᠯ ᠰᠠᠨᠠᠭ᠎ᠠ ᠶᠢ ᠬᠦᠨᠳᠦᠳᠬᠡᠭᠰᠡᠨ ᠰᠠᠭᠤᠷᠢᠨ ᠳᠡᠭᠡᠷ᠎ᠡ ︽ᠭᠥᠯᠢᠶᠡᠨ ᠠᠪᠬᠤ ᠴᠢᠬᠤᠯᠠᠳᠡᠢ ᠪᠦᠬᠦᠨ ᠢ ᠭᠥᠯᠢᠶᠡᠨ ᠠᠪᠬᠤ︾ ᠠᠵᠢᠯ ᠢ ᠴᠢᠷᠮᠠᠶᠢᠨ ᠪᠡᠶᠡᠯᠡᠬᠦᠯᠵᠦ ᠪᠠᠶᠢᠨ᠎ᠠ᠃     60 ᠨᠠᠰᠤᠨ ᠠᠴᠠ ᠳᠡᠭᠡᠭᠰᠢᠬᠢ ᠬᠥᠮᠥᠰ ᠪᠠ ᠭᠡᠷ ᠪᠦᠯᠢ ᠶᠢᠨ ᠬᠢᠨ ᠤ ᠰᠢᠨ᠎ᠡ ᠸᠠᠺᠼᠢᠨ ᠤ ᠲᠠᠷᠢᠯᠭ᠎ᠠ ᠶᠢᠨ ᠲᠤᠬᠠᠢ ᠡᠷᠡᠭᠡᠯᠵᠡᠭᠡ ᠪᠠ ᠰᠡᠵᠢᠭᠯᠡᠯ ᠢ ᠠᠷᠢᠯᠭᠠᠬᠤ ᠶᠢᠨ ᠲᠥᠯᠥᠭᠡ᠂ ᠪᠠᠢ ᠯᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠪᠠᠢ ᠯᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠸᠠᠺᠼᠢᠨ ᠤ ᠲᠠᠷᠢᠯᠭ᠎ᠠ ᠬᠢᠭᠰᠡᠨ ᠦᠭᠡᠢ ᠭᠡᠷ ᠪᠦᠯᠢ ᠶᠢᠨ ᠬᠢᠨ ᠢ ᠵᠣᠬᠢᠶᠠᠨ ᠪᠠᠶᠢᠭᠤᠯᠤᠨ ᠸᠠᠺᠼᠢᠨ ᠤ ᠲᠠᠷᠢᠯᠭ᠎ᠠ ᠶᠢᠨ ᠰᠢᠨ᠎ᠡ ᠤᠬᠠᠭᠤᠯᠤᠨ ᠲᠠᠶᠢᠯᠪᠤᠷᠢᠯᠠᠬᠤ ᠬᠤᠷᠠᠯ ᠬᠢᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ᠂ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠠᠷᠪᠠᠨ ᠵᠤᠷᠪᠤᠰ᠂ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠬᠦ ᠶᠢᠨ ᠴᠢᠬᠤᠯᠠ ᠴᠢᠨᠠᠷ ᠵᠡᠷᠭᠡ ᠶᠢ ᠨᠠᠷᠢᠨ ᠲᠠᠶᠢᠯᠪᠤᠷᠢᠯᠠᠭᠰᠠᠨ ᠪᠥᠭᠡᠳ ᠭᠡᠷ ᠪᠦᠯᠢ ᠶᠢᠨ  ᠬᠢᠨ ᠤ ᠠᠰᠠᠭᠤᠯᠲᠠ ᠳᠤ ᠨᠢᠭᠡᠳ ᠨᠢᠭᠡ ᠪᠠᠷ ᠬᠠᠷᠢᠭᠤᠯᠲᠠ ᠥᠭᠴᠡᠢ᠃ ᠸᠠᠺᠼᠢᠨ ᠤ ᠲᠠᠷᠢᠯᠭ᠎ᠠ ᠶᠢ ᠭᠡᠷ ᠲᠤᠨᠢ ᠬᠦᠷᠭᠡᠵᠦ ᠪᠤᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠰᠠᠭᠠᠳ ᠦᠭᠡᠢ ᠨᠡᠪᠲᠡᠷᠡᠬᠦ ᠵᠠᠮ ᠢ ᠨᠠᠪᠲᠠᠷᠡᠭᠦᠯᠵᠦ ᠂ ᠭᠡᠷ  ᠲᠤᠨᠢ ᠬᠦᠷᠴᠦ ᠦᠢᠯᠡᠴᠢᠯᠡᠬᠦ᠂ ᠲᠤᠰᠬᠠᠢ ᠲᠡᠷᠭᠡ ᠪᠠᠷ ᠲᠤᠰᠴᠤ ᠬᠦᠷᠭᠡᠬᠦ ᠵᠡᠷᠭᠡ ᠠᠷᠭ᠎ᠠ ᠮᠠᠶ᠋ᠢᠭ ᠢ ᠬᠠᠷᠢᠯᠴᠠᠨ ᠤᠶᠠᠯᠳᠤᠭᠤᠯᠬᠤ ᠪᠠᠷ ᠳᠠᠮᠵᠢᠭᠤᠯᠤᠨ᠂ ᠨᠠᠰᠤᠲᠠᠶᠢᠴᠤᠳ ᠤᠨ ᠲᠠᠷᠢᠯᠭ᠎ᠠ ᠳᠤ ᠲᠥᠬᠦᠮ ᠦᠵᠡᠭᠦᠯᠵᠦ᠂ ᠲᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠦᠨ᠂ ᠨᠠᠰᠤᠲᠠᠶᠢᠴᠤᠳ ᠤᠨ ᠲᠠᠷᠢᠯᠭ᠎ᠠ ᠶᠢᠨ ᠡᠷᠡᠭᠡᠯᠵᠡᠭᠡ ᠶᠢ ᠠᠷᠢᠯᠭᠠᠵᠤ᠂ ᠸᠠᠺᠼᠢᠨ ᠤ ᠲᠠᠷᠢᠯᠭ᠎ᠠ ᠶᠢᠨ ᠦᠢᠯᠡᠴᠢᠯᠡᠭᠡ ᠶᠢ ᠭᠡᠷ ᠲᠤᠨᠢ ᠬᠦᠷᠭᠡᠵᠦ᠂ ᠸᠠᠺᠼᠢᠨ ᠤ ᠲᠠᠷᠢᠯᠭ᠎ᠠ ᠶᠢᠨ ︽ᠡᠴᠦᠰ ᠤᠨ ᠨᠢᠭᠡ ᠺᠢᠯᠣᠮᠧᠳ᠋ᠷ︾ ᠢ ᠨᠡᠪᠳᠡᠷᠡᠭᠦᠯᠵᠦ ᠪᠠᠶᠢᠨ᠎ᠠ᠃    
 
ᠢᠷᠡᠯᠲᠡ᠄ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号