ᠬᠢᠩᠭᠠᠨ ᠠᠶᠢᠮᠠᠭ ᠤᠨ ᠬᠥᠬᠡᠬᠤᠲᠠ ᠶᠢ ᠲᠤᠰᠠᠯᠠᠬᠤ ᠡᠮ ᠡᠮᠨᠡᠯᠭᠡ ᠶᠢᠨ ᠠᠩᠬᠢ  ᠠᠮᠤᠷ ᠲᠦᠪᠰᠢᠨ ᠢᠯᠠᠯᠲᠠ ᠲᠠᠢ ᠪᠠᠷ ᠪᠤᠴᠠᠵᠤ ᠢᠷᠡᠪᠡ
ᠨᠡᠶᠢᠲᠡᠯᠡᠭᠰᠡᠨ ᠴᠠᠭ᠄
2022/12/2
 
   12 ᠰᠠᠷ᠎ᠠ ᠶᠢᠨ 1 ᠤ ᠡᠳᠦᠷ᠂ ᠬᠢᠩᠭᠠᠨ ᠠᠶᠢᠮᠠᠭ ᠤᠨ ᠬᠥᠬᠡᠬᠤᠲᠠ ᠶᠢ ᠲᠤᠰᠠᠯᠠᠬᠤ ᠡᠮ ᠡᠮᠨᠡᠯᠭᠡ ᠶᠢᠨ ᠠᠩᠬᠢ ᠶᠢᠨ 113 ᠬᠥᠮᠦᠨ ᠲᠤᠰᠠᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠮᠤᠷ ᠲᠦᠪᠰᠢᠨ ᠢᠶᠠᠷ ᠪᠤᠴᠠᠵᠤ ᠢᠷᠡᠪᠡ᠃ ᠬᠢᠩᠭᠠᠨ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠶᠢᠮᠠᠭ ᠤᠨ ᠳᠣᠲᠣᠭᠠᠳᠤ ᠶᠢᠨ  ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠥᠬᠦᠶ ᠬᠡᠰᠡᠭ ᠬᠠᠷᠢᠭᠤᠴᠠᠯᠭᠠᠲᠠᠨ ᠤᠯᠠᠭᠠᠨᠬᠤᠲᠠ ᠶᠢᠨ ᠨᠢᠰᠬᠡᠯ ᠤᠨ ᠪᠠᠭᠤᠳᠠᠯ ᠳᠤ ᠡᠮᠴᠢ ᠰᠤᠪᠢᠯᠠᠭᠴᠢᠳ ᠢ ᠤᠭᠲᠤᠵᠤ ᠪᠠᠶᠢᠨ᠎ᠠ᠃ ᠡᠭᠦᠨ ᠠᠴᠠ ᠡᠮᠦᠨ᠎ᠡ᠂ 76 ᠬᠥᠮᠦᠨ ᠠᠮᠤᠷ ᠲᠦᠪᠰᠢᠨ ᠢᠶᠠᠷ ᠪᠤᠴᠠᠵᠤ ᠢᠷᠡᠪᠡ᠃      ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠨᠢ ᠬᠥᠬᠡᠬᠤᠲᠠ ᠳᠤ ᠤᠷᠢᠳ ᠡᠮᠦᠨ᠎ᠡ ᠪᠠᠶᠢᠭ᠎ᠠ ᠥᠬᠡᠶ ᠠᠪᠤᠷᠠᠨ ᠵᠠᠰᠠᠬᠤ ᠳᠠᠷᠤᠯᠲᠠ ᠶᠢ ᠠᠪᠴᠢᠷᠠᠵᠤ ᠥᠭᠴᠡᠶ᠃ ᠬᠢᠵᠢᠭ ᠢ ᠡᠰᠡᠷᠭᠦᠴᠡᠬᠦ ᠵᠠᠩᠭᠢᠯᠠᠭ᠎ᠠ ᠶᠢᠨ ᠴᠠᠭ ᠮᠥᠴᠡ ᠳᠤ᠂ ᠬᠢᠩᠭᠠᠨ ᠠᠶᠢᠮᠠᠭ ᠤᠨ ᠡᠮᠴᠢ ᠰᠤᠪᠢᠯᠠᠭᠴᠢᠳ ᠬᠢᠵᠢᠭ ᠢ ᠡᠰᠡᠷᠭᠦᠴᠡᠬᠦ ᠡᠮᠦᠨ᠎ᠡ ᠵᠠᠬ᠎ᠠ ᠳᠤ ᠡᠷᠡᠰ ᠰᠢᠭᠤᠷᠬᠠᠢ ᠪᠠᠷ ᠣᠷᠣᠯᠴᠠᠵᠤ᠂ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠴᠢᠬᠤᠯᠠ ᠦᠢᠯᠡᠳᠦᠯ ᠦᠵᠡᠭᠦᠯᠵᠦ᠂ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠵᠥᠪᠯᠡᠯ ᠤᠨ ᠵᠥᠪᠰᠢᠶᠡᠷᠡᠯ ᠪᠠ ᠡᠪᠡᠳᠴᠢᠲᠡᠨ ᠤ ᠮᠠᠭᠲᠠᠭᠠᠯ ᠰᠠᠶᠢᠰᠢᠶᠠᠯ ᠢ ᠣᠯᠵᠠᠢ᠃    ᠣᠶᠢᠯᠠᠭᠠᠭᠰᠠᠨ ᠢᠶᠠᠷ᠂ ᠬᠥᠬᠡᠬᠤᠲᠠ ᠶᠢ ᠲᠤᠰᠠᠯᠠᠬᠤ ᠪᠠᠷ ᠤᠴᠢᠭᠰᠠᠨ 50 ᠭᠠᠷᠤᠶ ᠡᠳᠦᠷ ᠤᠨ ᠲᠤᠷᠰᠢ᠂ ᠬᠢᠩᠭᠠᠨ ᠠᠶᠢᠮᠠᠭ ᠤᠨ 189 ᠡᠮᠨᠡᠯᠭᠡ ᠶᠢᠨ ᠠᠵᠢᠯᠲᠠᠨ ᠠᠮᠢ ᠪᠡᠶ᠎ᠡ ᠪᠠᠨ ᠬᠠᠶᠢᠬᠤᠷᠤᠯ ᠥᠬᠡᠶ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠤᠨ ᠬᠠᠮᠤᠭ ᠤᠨ ᠡᠮᠦᠨ᠎ᠡ ᠵᠠᠬ᠎ᠠ ᠶᠢ ᠪᠠᠲᠤ ᠰᠠᠬᠢᠵᠠᠶ᠃ ᠬᠥᠬᠡᠬᠤᠲᠠ ᠶᠢ ᠲᠤᠰᠠᠯᠠᠬᠤ ᠬᠤᠭᠤᠴᠠᠭᠠᠨ ᠳᠤ᠂ ᠬᠢᠩᠭᠠᠨ ᠠᠶᠢᠮᠠᠭ ᠤᠨ ᠬᠥᠬᠡᠬᠤᠲᠠ ᠶᠢ ᠲᠤᠰᠠᠯᠠᠬᠤ ᠨᠡᠭᠦᠳᠡᠯ ᠲᠣᠬᠢᠷᠠᠭᠤᠯᠭ᠎ᠠ ᠶᠢᠨ ᠠᠩᠭᠢ ᠨᠡᠶᠢᠲᠡ 4967 ᠬᠠᠭᠤᠳᠠᠰᠤ ᠭᠥᠯᠢᠶᠡᠨ ᠠᠪᠴᠤ᠂ 24345 ᠬᠥᠮᠦᠨ ᠨᠢᠭᠳᠠ ᠤᠶᠢᠷᠠᠳᠠᠭᠰᠠᠳ ᠢ ᠬᠦᠷᠭᠡᠵᠦ᠂ ᠲᠤᠬᠠᠶ ᠶᠢᠨ ᠲᠠᠯᠠᠪᠤᠷ ᠲᠤ 52 ᠤᠳᠠᠭ᠎ᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠵᠡᠶ ᠃ ᠬᠢᠩᠭᠠᠨ ᠠᠶᠢᠮᠠᠭ ᠤᠨ ᠬᠢᠨᠠᠨ ᠵᠢᠯᠣᠭᠤᠳᠬᠤ ᠳᠤᠭᠤᠶᠢᠯᠠᠩ ᠨᠡᠶᠢᠲᠡ 420 ᠲᠤᠰᠠᠭᠠᠷᠯᠠᠬᠤ ᠲᠠᠯᠠᠪᠤᠷ ᠢ ᠬᠢᠨᠠᠨ ᠵᠢᠯᠣᠭᠤᠳᠴᠤ᠂ 2491 ᠤᠳᠠᠭ᠎ᠠ ᠶᠢᠨ ᠪᠠᠶᠢᠴᠠᠭᠠᠯᠲᠠ ᠳᠤ ᠨᠡᠶᠢᠲᠡ 6574 ᠠᠰᠠᠭᠤᠳᠠᠯ ᠢ ᠢᠯᠡᠷᠡᠭᠦᠯᠪᠡ᠃ ᠡᠮᠴᠢᠯᠡᠭᠡᠨ ᠤ ᠠᠩᠭᠢ ᠶᠢᠨ ᠬᠢᠨ ᠡᠪᠡᠳᠴᠢᠲᠡᠨ ᠢ ᠪᠦᠬᠦ ᠬᠦᠴᠦᠨ ᠢᠶᠠᠷ ᠢᠶᠠᠨ ᠠᠪᠤᠷᠠᠨ ᠡᠮᠨᠡᠵᠦ᠂ ᠴᠢᠩᠭᠡᠯᠢᠭ ᠡᠮᠨᠡᠯᠭᠡ ᠶᠢᠨ ᠬᠤᠷᠢᠶᠠᠨ ᠤ ᠡᠮᠴᠢᠯᠡᠭᠡ᠂ ᠰᠤᠪᠢᠯᠠᠯᠲᠠ᠂ ᠰᠡᠷᠡᠵᠦ ᠡᠵᠡᠮᠳᠡᠬᠦ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠪᠡ᠃ ᠲᠡᠳᠡ ᠡᠮᠴᠢ ᠰᠤᠪᠢᠯᠠᠭᠴᠢ ᠶᠢᠨ ᠬᠠᠷᠢᠭᠤᠴᠠᠯᠭ᠎ᠠ᠂ ᠨᠠᠷᠢᠨ ᠨᠢᠮᠪᠠᠶ ᠬᠢᠵᠢᠭ ᠢ ᠰᠡᠷᠭᠡᠶᠢᠯᠡᠬᠦ ᠤᠷ᠎ᠠ ᠴᠢᠳᠠᠪᠤᠷᠢ ᠪᠣᠯᠤᠨ ᠨᠠᠷᠢᠨ ᠨᠢᠮᠪᠠᠶ ᠦᠢᠯᠡᠴᠢᠯᠡᠬᠦ ᠣᠪᠣᠷ ᠢᠶᠠᠷ ᠲᠤᠰᠠᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠡᠶ᠃ ᠠᠩᠭᠢ ᠶᠢᠨ ᠭᠡᠰᠢᠭᠦᠳ ᠲᠤᠰᠠᠭᠠᠷᠯᠠᠬᠤ ᠪᠠ ᠠᠮᠠᠷᠠᠭᠤᠯᠤᠨ ᠴᠡᠭᠴᠡᠯᠡᠭᠰᠡᠨ ᠤ ᠳᠠᠷᠠᠭ᠎ᠠ᠂ ᠳᠠᠷᠦ᠋ᠢᠬᠠᠨ ᠬᠢᠩᠭᠠᠨ ᠠᠶᠢᠮᠠᠭ ᠤᠨ ᠬᠢᠵᠢᠭ ᠢ ᠡᠰᠡᠷᠭᠦᠴᠡᠬᠦ ᠠᠵᠢᠯ ᠳᠤ ᠤᠷᠤᠯᠴᠠᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号