ᠰᠦᠬᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/12/6
       12 ᠰᠠᠷ᠎ᠠ ᠶᠢᠨ 4 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ  ᠸᠢᠳᠢᠤ᠋ ᠬᠤᠷᠠᠯ ᠢ ᠡᠷᠭᠢᠯᠡᠨ ᠬᠤᠷᠠᠯᠳᠤᠭᠤᠯᠵᠤ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠪᠠᠳᠠᠨ ᠵᠢᠯᠣᠭᠤᠳᠬᠤ ᠶᠢᠨ ᠬᠠᠮᠲᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠠ ᠤᠯᠠᠭᠠᠨᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠭᠦᠨᠵᠡᠭᠡᠶᠢᠷᠡᠨ᠂ ᠰᠢᠪᠠᠳᠠᠨ ᠵᠢᠯᠣᠭᠤᠳᠬᠤ ᠠᠵᠢᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠠᠵᠢᠯᠲᠠᠳ ᠢ ᠳᠣᠲᠣᠨᠣ ᠪᠠᠷ ᠪᠣᠯᠭᠤᠭᠠᠨ ᠲᠣᠬᠤᠨᠢᠭᠤᠯᠵᠤ᠂ ᠣᠳᠣᠬᠠᠨ ᠤ ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠳᠠᠬᠢᠨ ᠲᠣᠬᠢᠷᠠᠭᠤᠯᠤᠯᠲᠠ ᠳᠠᠬᠢᠨ ᠪᠠᠶᠢᠷᠢᠯᠠᠭᠤᠯᠤᠯᠲᠠ ᠬᠢᠪᠠ᠃     ᠰᠦᠬᠡ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠬᠤᠯᠪᠣᠭᠳᠠᠯ ᠪᠦᠬᠦᠢ ᠠᠰᠠᠭᠤᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠵᠠᠳᠠᠯᠤᠨ ᠰᠤᠳᠤᠯᠵᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠰᠦᠬᠡ ᠴᠢᠬᠤᠯᠠᠴᠢᠯᠠᠭᠰᠠᠨ ᠨᠢ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨᠬᠦ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠨᠠᠮ ᠤᠨ ᠲᠥᠪ  ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ  ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠰᠦᠯᠵᠢᠵᠦ᠂ ᠰᠢᠨ᠎ᠡ ᠬᠡᠪᠴᠢᠶᠡᠵᠢᠭᠰᠡᠨ ᠴᠢᠨᠠᠷᠲᠠᠢ ᠬᠢᠵᠢᠭ ᠤᠨ ᠪᠠᠶᠢᠳᠠᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ︾ ᠪᠠ ᠤᠯᠠᠨ ᠴᠡᠭ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠵᠦ᠂ ᠡᠷᠲᠡ ᠢᠯᠡᠷᠡᠭᠦᠯᠵᠦ᠂ ᠲᠦᠷᠭᠡᠨ ᠰᠢᠢᠳᠪᠦᠷᠢᠯᠡᠵᠦ᠂ ᠭᠠᠳᠠᠭᠰᠢ ᠪᠢᠯᠬᠠᠬᠤ ᠶᠢ ᠰᠡᠷᠭᠡᠶᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤᠳᠬᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠱᠠᠯᠠᠪᠳᠠᠨ ᠨᠥᠬᠦᠪᠥᠷᠢᠯᠡᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠲᠤᠰᠠᠭᠠᠷᠯᠠᠬᠤ ᠴᠡᠭ ᠤᠨ ᠪᠠᠶᠢᠭᠤᠯᠤᠯᠲᠠ᠂ ᠠᠷᠢᠭᠤᠳᠬᠠᠨ ᠤᠰᠠᠳᠬᠠᠬᠤ᠂ ᠡᠮᠴᠢᠯᠡᠭᠡᠨ ᠤ ᠠᠪᠤᠷᠠᠨ ᠵᠠᠰᠠᠯᠲᠠ ᠵᠡᠷᠭᠡ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂  ᠪᠡᠯᠡᠳᠭᠡᠯ ᠠᠵᠢᠯ  ᠢ ᠰᠠᠶᠢᠳᠤᠷ ᠬᠢᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ  ᠃    ᠰᠦᠬᠡ ᠱᠠᠭᠠᠷᠳᠠᠭᠰᠠᠨ ᠨᠢ᠂ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠠᠵᠢᠯ ᠢ ᠴᠢᠩᠭᠠᠳᠬᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶ ᠪᠠᠷ ᠨᠠᠶᠢᠳᠠᠪᠤᠷᠢᠵᠢᠭᠤᠯᠤᠨ᠂ ᠨᠠᠷᠢᠨ ᠣᠨᠣᠴᠠᠲᠠᠶ ᠪᠠᠷ ᠪᠠᠶᠢᠳᠠᠯ ᠢ ᠣᠶᠢᠯᠠᠭᠠᠵᠤ᠂ ᠳᠠᠶᠢᠴᠢᠯᠠᠯᠲᠠ ᠶᠢ ᠴᠢᠩᠭᠠᠳᠬᠠᠨ᠂ ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ ᠡᠮ ᠡᠮᠨᠡᠯᠭᠡ ᠶᠢᠨ ᠡᠬᠢ ᠪᠠᠶᠠᠯᠢᠭ ᠤᠨ ᠪᠠᠶᠢᠭᠤᠯᠤᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠳᠦᠷ ᠲᠤᠳᠤᠮ ᠤᠨ ᠡᠮ ᠡᠮᠨᠡᠯᠭᠡ ᠶᠢᠨ ᠦᠢᠯᠡᠴᠢᠯᠡᠭᠡᠨ ᠤ ᠪᠠᠲᠤᠯᠠᠭ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠡᠮ ᠡᠮᠨᠡᠯᠭᠡ ᠶᠢᠨ ᠠᠪᠤᠷᠠᠨ ᠵᠠᠰᠠᠬᠤ ᠴᠢᠳᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠯᠠᠨ ᠤ ᠡᠷᠡᠭᠦᠯ ᠮᠡᠨᠳᠦ ᠠᠮᠤᠷ ᠲᠦᠪᠰᠢᠨ ᠢ ᠦᠨᠡᠨᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ  ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号