ᠤᠯᠠᠭᠠᠨᠬᠦᠦ ᠶᠢᠨ ᠠᠵᠢᠯᠯᠠᠵᠤ ᠪᠠᠶᠢᠭᠰᠠᠨ ᠭᠠᠵᠠᠷ
ᠨᠡᠶᠢᠲᠡᠯᠡᠭᠰᠡᠨ ᠴᠠᠭ᠄
2022/12/6
 
   ᠤᠯᠠᠭᠠᠨᠬᠦᠦ ᠶᠢᠨ ᠠᠵᠢᠯᠯᠠᠵᠤ ᠪᠠᠶᠢᠭᠰᠠᠨ ᠭᠠᠵᠠᠷ ᠪᠣᠯ 1936 ᠣᠨ ᠳᠤ ᠪᠠᠶᠢᠭᠤᠯᠤᠭᠳᠠᠭᠰᠠᠨ 403 ᠲᠡᠭᠰᠢ ᠳᠦᠷᠪᠡᠯᠵᠢᠨ ᠮᠧ᠊ᠲ᠋‍ᠷ ᠲᠠᠯᠠᠪᠠᠢ ᠲᠠᠢ ᠨᠢᠭᠡᠨ ᠥᠪᠡᠷᠮᠢᠴᠡ ᠬᠡᠪ ᠨᠠᠮᠪᠠ ᠲᠠᠢ ᠳᠤᠮᠳᠠᠳᠤ ᠶᠢᠨ ᠡᠷᠲᠡᠨ ᠤ ᠮᠠᠶ᠋ᠢᠭ ᠤᠨ ᠪᠠᠷᠢᠯᠭ᠎ᠠ ᠪᠤᠯᠤᠨ᠎ᠠ᠃ ᠲᠡᠷᠡ ᠨᠢ ᠬᠠᠭᠤᠷᠮᠠᠭ ᠮᠠᠨᠵᠤ ᠶᠢᠨ ᠨᠣᠶᠠᠷᠬᠠᠯ ᠤᠨ ᠦᠶᠡᠰ ᠤᠨ ᠶᠠᠫᠣᠨ ᠤ ᠨᠢᠭᠡᠨ ᠳᠡᠭᠡᠳᠦ ᠵᠡᠷᠭᠡ ᠶᠢᠨ ᠴᠡᠷᠢᠭ ᠤᠨ ᠨᠣᠶᠠᠨ ᠤ ᠠᠵᠢᠯᠯᠠᠵᠦ ᠪᠠᠶᠢᠬᠰᠠᠨ ᠭᠠᠵᠠᠷ ᠪᠠᠶᠢᠵᠠᠢ᠃ 1947 ᠣᠨ ᠤ 2 ᠰᠠᠷ᠎ᠠ ᠶᠢᠨ 14 ᠤ ᠡᠳᠦᠷ ᠠᠴᠠ 1947 ᠣᠨ ᠤ 12 ᠰᠠᠷ᠎ᠠ ᠪᠣᠯᠳᠠᠯ᠎ᠠ ᠤᠯᠠᠭᠠᠨᠬᠦᠦ ᠨᠥᠬᠦᠷ ᠡ᠊ᠨᠳᠡ ᠠᠵᠢᠯᠯᠠᠵᠤ ᠪᠠᠶᠢᠪᠠ᠃ 1947 ᠣᠨ ᠤ 4 ᠰᠠᠷ᠎ᠠ ᠶᠢᠨ 23 ᠤ ᠡᠳᠦᠷ ᠠᠴᠠ 5 ᠰᠠᠷ᠎ᠠ ᠶᠢᠨ 1 ᠤ ᠡᠳᠦᠷ ᠪᠣᠯᠲᠠᠯ᠎ᠠ᠂ ᠤᠯᠠᠭᠠᠨᠬᠦᠦ ᠨᠥᠭᠦᠷ ᠡ᠊ᠨᠳᠡ ᠥᠪᠦᠷ ᠮᠣᠩᠭᠤᠯ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠵᠤ᠂ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠤᠨ ᠤ ᠬᠡᠷᠡᠭᠵᠢᠭᠦᠯᠬᠦ ᠬᠦᠲᠦᠯᠪᠦᠷᠢ︾ ᠶᠢ ᠲᠣᠭᠲᠠᠭᠠᠨ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠤᠨ ᠢ ᠪᠠᠶᠢᠭᠤᠯᠵᠤ ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠤᠨ ᠤ ᠲᠡᠷᠢᠭᠦᠯᠡᠭᠴᠢ ᠪᠠᠷ ᠰᠤᠩᠭᠤᠭᠳᠠᠪᠠ᠃ 7 ᠰᠠᠷ᠎ᠠ ᠶᠢᠨ 1 ᠤ ᠡᠳᠦᠷ᠂ ᠥᠪᠦᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠬᠤᠷᠢᠶ᠎ᠠ ᠶᠢ ᠪᠠᠶᠢᠭᠤᠯᠵᠤ᠂ ᠤᠯᠠᠭᠠᠨᠬᠦᠦ ᠨᠥᠬᠦᠷ ᠱᠦᠵᠢ ᠶᠢᠨ ᠠᠵᠢᠯ ᠢ ᠬᠠᠷᠢᠭᠤᠴᠠᠪᠠ᠃ ᠤᠯᠠᠭᠠᠨᠬᠦᠦ ᠨᠥᠬᠦᠷ ᠡ᠊ᠨᠳᠡ ᠥᠪᠦᠷ ᠮᠣᠩᠭᠤᠯ ᠤᠨ ᠬᠦᠳᠡᠭᠡ ᠲᠤᠰᠬᠤᠨ ᠤ ᠭᠠᠵᠠᠷ ᠰᠢᠷᠤᠢ ᠶᠢᠨ ᠥᠭᠡᠷᠡᠴᠢᠯᠡᠯᠲᠡ ᠪᠣᠯᠤᠨ ᠮᠠᠯᠵᠢᠬᠤ ᠣᠷᠤᠨ ᠤ ᠠᠷᠠᠳᠴᠢᠯᠠᠭᠰᠠᠨ ᠥᠭᠡᠷᠡᠴᠢᠯᠡᠯᠲᠡ ᠶᠢ ᠤᠳᠤᠷᠢᠳᠪᠠ᠃ ᠥᠪᠦᠷ ᠮᠣᠩᠭᠤᠯ ᠤᠨ ᠠᠷᠠᠳ ᠤᠨ ᠵᠡᠪᠰᠡᠭᠲᠦ ᠬᠦᠴᠦᠨ ᠢ ᠴᠡᠭᠴᠡᠯᠡᠨ ᠵᠣᠬᠢᠶᠠᠨ ᠪᠠᠶᠢᠭᠤᠯᠵᠤ᠂ ᠥᠪᠦᠷ ᠮᠣᠩᠭᠤᠯ ᠤᠨ ᠡᠯ᠎ᠡ ᠴᠢᠯᠦᠭᠡᠯᠡᠭᠳᠡᠭᠰᠡᠨ ᠣᠷᠤᠨ ᠳᠠᠬᠢ ᠳᠡᠭᠡᠷᠡᠮ ᠢ ᠤᠰᠠᠳᠬᠠᠬᠤ ᠲᠡᠮᠡᠴᠡᠯ ᠪᠣᠯᠤᠨ ᠥᠪᠦᠷ ᠮᠣᠩᠭᠤᠯ ᠤᠨ ᠮᠣᠷᠢᠲᠤ ᠴᠡᠷᠢᠭ ᠢ ᠵᠢᠯᠤᠭᠤᠳᠤᠨ᠂ ᠯᠢᠶᠤᠤ ᠱᠧᠨ ᠤ ᠳᠠᠶᠢᠯᠠᠯᠳᠤᠭᠠᠨ᠂ ᠫᠢᠩ ᠶᠢᠨ ᠤ ᠳᠠᠶᠢᠯᠠᠯᠳᠤᠭᠠᠨ ᠳᠤ ᠣᠷᠤᠯᠴᠠᠭᠤᠯᠵᠤ᠂ ᠠᠷᠠᠳ ᠣᠯᠠᠨ ᠢ ᠳᠠᠶᠢᠴᠢᠯᠠᠨ ᠪᠦᠬᠦ ᠤᠯᠤᠰ ᠤᠨ ᠴᠢᠯᠦᠭᠡᠯᠡᠬᠦ ᠳᠠᠶᠢᠨ ᠢ ᠳᠡᠮᠵᠢᠵᠦ ᠪᠠᠶᠢᠪᠠ᠃  
 
ᠢᠷᠡᠯᠲᠡ᠄ ᠦᠪᠦᠷ ᠮᠤᠩᠭᠤᠯ ᠤᠨ ᠦᠨᠳᠦᠰᠦᠳᠡᠨ ᠤ ᠴᠢᠯᠦᠬᠡᠯᠡᠯᠳᠡ ᠶᠢᠨ ᠲᠤᠷᠠᠰᠬᠠᠯ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号