12 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠠᠶᠢᠮᠠᠭ ᠤᠨ ᠱᠠᠲᠤᠨ ᠤ ᠤᠳᠤᠷᠢᠳᠬᠤ ᠨᠥᠬᠦᠳ | ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ ᠬᠤᠷᠠᠯ ᠢ ᠲᠥᠪᠯᠡᠷᠡᠭᠦᠯᠦᠨ ᠰᠣᠨᠣᠰᠴᠤ ᠦᠵᠡᠪᠡ᠃ | ᠵᠠᠩ ᠰᠢᠶᠤᠤ ᠪᠢᠩ᠂ ᠰᠦᠬᠡ᠂ ᠰᠢᠤᠢ ᠵᠦᠸᠧ᠂ ᠯᠢᠦ ᠱᠦ ᠴᠧᠩ᠂ ᠯᠢ ᠬᠤᠩ ᠼᠠᠢ ᠵᠡᠷᠭᠡ ᠠᠶᠢᠮᠠᠭ ᠤᠨ | ᠱᠠᠲᠤᠨ ᠤ ᠤᠳᠤᠷᠢᠳᠬᠤ ᠨᠥᠬᠦᠳ ᠬᠡᠬᠦᠳᠡᠭ ᠴᠡᠭᠡᠵᠢᠨ ᠳᠡᠭᠡᠨ ᠴᠠᠭᠠᠨ ᠬᠤᠸᠠᠷ ᠵᠡᠭᠦᠵᠦ᠂ ᠲᠣᠪ ᠳᠤᠭᠤᠶ ᠲᠥᠪ | ᠵᠣᠭᠰᠣᠨ᠂ ᠲᠦᠢᠯ ᠤᠨ ᠡᠮᠭᠡᠨᠢᠯᠲᠡᠶ ᠰᠡᠳᠬᠢᠯᠭᠡ ᠪᠠᠷ ᠵᠢᠶᠠᠩ ᠽᠧ ᠮᠢᠨ ᠨᠥᠬᠦᠷ ᠢ ᠭᠦᠨ᠎ᠡ ᠮᠥᠷᠥᠭᠡᠳᠦᠨ | ᠰᠠᠨᠠᠭᠠᠯᠵᠠᠪᠠ᠃ ᠤᠯᠠᠨ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠭᠠᠰᠢᠭᠤᠳᠠᠯ ᠤᠨ ᠶᠡᠭᠡ ᠬᠤᠷᠠᠯ ᠳᠡᠭᠡᠷ᠎ᠡ | ᠬᠡᠯᠡᠭᠰᠡᠨ ᠭᠠᠰᠢᠭᠤᠳᠠᠯ ᠤᠨ ᠦᠭᠡ ᠶᠢ ᠬᠢᠨᠠᠮᠠᠭᠠᠶ ᠰᠣᠨᠣᠰᠴᠤ᠂ ᠵᠢᠶᠠᠩ ᠽᠧ ᠮᠢᠨ ᠨᠥᠬᠦᠷ ᠤᠨ ᠠᠭᠤᠤ ᠶᠡᠭᠡ ᠭᠡᠷᠡᠯ | ᠰᠠᠴᠤᠷᠠᠩᠭᠤᠶ ᠨᠢᠭᠡ ᠨᠠᠰᠤ ᠶᠢ ᠬᠠᠮᠲᠤ ᠪᠠᠷ ᠡᠷᠭᠢᠴᠡᠭᠦᠯᠪᠡ᠃ | ᠵᠢᠶᠠᠩ ᠽᠧ ᠮᠢᠨ ᠨᠥᠬᠦᠷ ᠪᠣᠯ ᠮᠠᠨ ᠤ ᠨᠠᠮ ᠮᠠᠨ ᠤ ᠴᠡᠷᠢᠭ ᠮᠠᠨ ᠤ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠨᠡᠶᠢᠲᠡ ᠪᠠᠷ ᠢᠶᠠᠨ ᠮᠡᠳᠡᠷᠡᠵᠦ ᠪᠠᠶᠢᠭ᠎ᠠ ᠡᠷᠬᠢᠮ ᠳᠡᠭᠡᠳᠦ ᠨᠡᠷ᠎ᠡ ᠬᠦᠨᠳᠦ ᠲᠠᠢ ᠭᠠᠷᠮᠠᠭᠠᠶ | ᠤᠳᠤᠷᠢᠳᠬᠤ ᠬᠥᠮᠦᠨ ᠮᠥᠨ᠃ ᠠᠭᠤᠤ ᠶᠡᠭᠡ ᠮᠠᠷᠺᠰ ᠤᠨ ᠦᠵᠡᠯᠳᠡᠨ᠂ ᠠᠭᠤᠤ ᠶᠡᠭᠡ ᠦᠭᠡᠶᠢᠭᠦᠦ ᠠᠩᠭᠢ ᠶᠢᠨ | ᠬᠤᠪᠢᠰᠬᠠᠯᠴᠢ᠂ ᠤᠯᠤᠰ ᠲᠦᠷᠦᠴᠢᠨ᠂ ᠴᠡᠷᠢᠭ ᠤᠨ ᠡᠷᠳᠡᠮᠲᠡᠨ᠂ ᠭᠠᠳᠠᠭᠠᠳᠤ ᠬᠠᠷᠢᠯᠴᠠᠭᠠᠨ ᠤ ᠵᠢᠳᠬᠦᠯᠲᠡᠨ᠂ | ᠤᠷᠳᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠡᠪ ᠬᠠᠮᠲᠤ ᠶᠣᠰᠣᠨ ᠤ ᠪᠠᠶᠢᠯᠳᠤᠭᠴᠢ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠤᠨ ᠰᠢᠯᠭᠠᠷᠠᠭᠰᠠᠨ ᠤᠳᠤᠷᠢᠳᠤᠭᠴᠢ᠂ | ᠨᠠᠮ ᠤᠨ ᠭᠤᠷᠪᠠᠳᠤᠭᠠᠷ ᠦᠶ᠎ᠡ ᠶᠢᠨ ᠲᠥᠪ ᠬᠤᠷᠢᠶᠠᠨ ᠤ ᠤᠳᠤᠷᠢᠳᠬᠤ ᠬᠠᠮᠲᠤ ᠶᠢᠨ ᠭᠤᠣᠯᠯᠠᠭᠴᠢ᠂ ︽ᠭᠤᠷᠪᠠ ᠶᠢ | ᠲᠥᠯᠥᠭᠡᠯᠡᠬᠦ︾ ᠴᠢᠬᠤᠯᠠ ᠦᠵᠡᠯ ᠰᠠᠨᠠᠭᠠᠨ ᠤ ᠭᠤᠣᠯ ᠡᠭᠦᠳᠦᠭᠴᠢ ᠮᠥᠨ᠃ | ᠣᠯᠠᠨ ᠢᠶᠠᠷ ᠢᠶᠠᠨ ᠰᠠᠨᠠᠯ ᠨᠢᠭᠡᠲᠡᠶ ᠢᠯᠡᠷᠬᠡᠶᠢᠯᠡᠬᠦ ᠳᠡᠭᠡᠨ᠂ ᠡᠮᠭᠡᠨᠢᠯ ᠭᠠᠰᠢᠭᠤᠳᠠᠯ ᠢᠶᠠᠨ ᠬᠦᠴᠦᠨ ᠪᠣᠯᠭᠠᠵᠤ᠂ | ᠵᠢᠶᠠᠩ ᠽᠧ ᠮᠢᠨ ᠨᠥᠬᠦᠷ ᠤᠨ ᠭᠡᠷᠢᠶᠡᠰ ᠵᠣᠷᠢᠭ ᠢ ᠵᠠᠯᠭᠠᠮᠵᠢᠯᠠᠵᠤ᠂ ᠵᠢᠶᠠᠩ ᠽᠧ ᠮᠢᠨ ᠨᠥᠬᠦᠷ ᠢ ᠭᠠᠰᠢᠭᠤᠳᠠᠬᠤ | ᠶᠠᠪᠤᠳᠠᠯ ᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠤᠬᠠᠮᠰᠠᠷ ᠠᠴᠠ ᠪᠠᠨ ᠪᠦᠯᠬᠦᠮᠳᠡᠵᠦ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠥᠯᠥᠭᠡ | ᠪᠦᠯᠬᠦᠮᠳᠡᠨ ᠲᠡᠮᠡᠴᠡᠬᠦ ᠬᠡᠷᠡᠭᠲᠡᠶ ᠭᠡᠵᠠᠢ᠃ | |