ᠵᠠᠩ ᠰᠢᠶᠤᠤ ᠪᠢᠩ ᠤᠯᠠᠭᠠᠨᠬᠤᠲᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠦᠴᠢᠦᠸᠠᠨ ᠰᠢᠶᠠᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/12/8
    12 ᠳ᠋ᠤᠭᠠᠷ ᠰᠠᠷ᠎ᠠ ᠶᠢᠨ 5 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠴᠢᠦᠸᠠᠨ ᠰᠢᠶᠠᠨ ᠳᠤ ᠬᠦᠷᠴᠦ᠂  ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃    ᠵᠠᠩ ᠰᠢᠶᠤᠤ ᠪᠢᠩ ᠲᠤᠬᠠᠢ ᠶᠢᠨ ᠭᠠᠵᠠᠷ ᠲᠤᠨᠢ ᠤᠳᠤ ᠦᠶ᠎ᠡ ᠶᠢᠨ ᠮᠠᠯ ᠠᠵᠤ ᠠᠬᠤᠢ᠂ ᠵᠦᠩ ᠯᠢ ᠶᠢᠨ ᠮᠠᠯᠵᠢᠯ ᠤᠨ ᠲᠠᠯᠠᠪᠠᠢ᠂ ᠰᠢᠤ ᠭᠠᠩ ᠮᠠᠯᠵᠢᠯ ᠤᠨ ᠲᠠᠯᠠᠪᠠᠢ᠂ ᠭᠤᠸᠠᠩ ᠬᠤᠢ ᠮᠠᠯᠵᠢᠯ ᠤᠨ ᠲᠠᠯᠠᠪᠠᠢ ᠵᠡᠷᠭᠡ ᠬᠡᠪᠴᠢᠶᠡᠵᠢᠭᠰᠡᠨ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠦᠵᠡᠵᠦ ᠣᠶᠢᠯᠠᠭᠠᠪᠠ᠃ ᠲᠡᠷᠡ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠭᠤᠣᠯᠳᠠᠯᠭ᠎ᠠ ᠲᠠᠢ ᠰᠠᠭᠠᠯᠢ ᠶᠢᠨ ᠦᠨᠢᠶ᠎ᠡ ᠮᠠᠯᠵᠢᠯ ᠤᠨ ᠲᠠᠯᠠᠪᠠᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠬᠢᠵᠦ ᠲᠦᠷᠭᠡᠨ ᠠᠬᠢᠭᠤᠯᠵᠤ᠂ ᠪᠡᠯᠡ ᠮᠥᠩᠭᠦ᠂ ᠦᠬᠡᠷ ᠤᠨ ᠢᠷᠡᠯᠳᠡ᠂ ᠡᠪᠡᠰᠦ ᠪᠣᠷᠳᠤᠭ᠎ᠠ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠢᠵᠢ ᠪᠦᠷᠢᠳᠦᠭᠦᠯᠬᠦ ᠵᠢᠴᠢ ᠭᠠᠵᠠᠷ ᠰᠢᠷᠣᠢ ᠶᠢ ᠠᠷᠪᠢᠲᠠᠢ ᠡᠷᠴᠢᠮᠯᠢᠭ ᠥᠨᠳᠥᠷ ᠪᠦᠲᠦᠮᠵᠢᠲᠡᠢ ᠠᠰᠢᠭᠯᠠᠬᠤ ᠵᠡᠷᠭᠡ ᠡᠯ᠎ᠡ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠦᠬᠦ ᠠᠶᠢᠮᠠᠭ ᠤᠨ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠵᠢᠱᠢᠶ᠎ᠡ ᠦᠵᠡᠭᠦᠯᠦᠨ ᠬᠦᠳᠦᠯᠦᠨ ᠳᠠᠭᠠᠭᠤᠯᠬᠤ ᠬᠡᠷᠡᠭᠲᠡᠢ  ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠤᠨ ᠲᠤᠬᠢᠷᠠᠭᠤᠯᠤᠯᠲᠠ ᠪᠣᠯᠤᠨ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢ ᠵᠡᠷᠭᠡᠪᠡᠷ ᠠᠬᠢᠭᠤᠯᠬᠤ ᠶᠢ ᠠᠬᠢᠭᠤᠯᠵᠤ᠂ ᠮᠠᠯ ᠠᠵᠤ ᠠᠬᠤᠢ ᠶᠢᠨ ᠬᠦᠷᠢᠶᠡᠨ ᠤ ᠴᠢᠳᠠᠪᠤᠷᠢᠲᠠᠨ ᠢ ᠬᠥᠮᠦᠵᠢᠭᠦᠯᠬᠦ ᠪᠠ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠨᠡᠩ ᠤᠯᠠᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠶᠢ ᠠᠬᠢᠭᠤᠯᠵᠤ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ ᠂ ᠨᠡᠩ ᠤᠯᠠᠨ ᠤᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠵᠠᠩ ᠰᠢᠶᠤᠤ ᠪᠢᠩ ᠰᠠᠢ ᠶᠢᠨ ᠬᠤᠸᠠ ᠶᠤᠸᠠᠨ ᠲᠣᠭᠤᠷᠢᠭ᠂ ᠾᠧ ᠹᠠ ᠲᠣᠰᠬᠤᠨ ᠤ ᠵᠦᠪᠯᠡᠯ ᠪᠣᠯᠤᠨ ᠬᠢᠨᠠᠨ ᠪᠠᠶᠢᠴᠠᠭᠠᠭᠳᠠᠬᠤ ᠡᠲᠡᠭᠡᠳ ᠤᠨ ᠭᠡᠷ ᠲᠤ ᠬᠦᠷᠴᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠶᠢᠨ ᠬᠡᠷᠡᠭᠯᠡᠯᠲᠡ᠂ ᠲᠦᠬᠦᠭᠡᠷᠦᠮᠵᠢᠲᠦ ᠲᠠᠷᠢᠶᠠᠯᠠᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ᠂ ᠵᠣᠯᠭᠠᠯᠳᠤᠭᠤᠯᠬᠤ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠵᠡᠷᠭᠡ ᠬᠤᠯᠪᠣᠭᠳᠠᠯ ᠪᠦᠬᠦᠢ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠭᠤᠷᠪᠠᠨ ᠲᠥᠷᠥᠯ ᠤᠨ ᠬᠥᠮᠦᠰ︾ ᠤᠨ ᠬᠥᠳᠡᠯᠦᠩᠭᠦᠶ ᠬᠢᠨᠠᠨ ᠬᠡᠮᠵᠢᠯᠲᠡ ᠪᠠ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠣᠲᠣ ᠶᠢᠨ ᠪᠠᠶᠢᠭ᠎ᠠ ᠭᠤᠤᠯ ᠪᠣᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠂ ᠰᠤᠷᠭᠠᠨ ᠬᠥᠮᠦᠵᠢᠯ᠂ ᠡᠮᠴᠢᠯᠡᠭᠡ᠂ ᠣᠷᠣᠨ ᠰᠠᠭᠤᠴᠠ ᠶᠢᠨ ᠠᠮᠤᠷ ᠲᠦᠪᠰᠢᠨ ᠵᠡᠷᠭᠡ ᠠᠷᠠᠳ ᠤᠨ ᠠᠮᠢᠳᠤᠷᠠᠯ ᠤᠨ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠰᠠᠶᠢᠲᠤᠷ ᠪᠠᠲᠤᠯᠠᠵᠤ᠂ ᠣᠯᠠᠨ ᠲᠦᠮᠡᠨ ᠤ ᠬᠦᠷᠢᠶ᠎ᠡ ᠬᠠᠰᠢᠶ᠎ᠠ ᠶᠢᠨ ᠠᠵᠤ ᠠᠬᠤᠶ᠂ ᠤᠨᠴᠠᠯᠢᠭᠳᠤ ᠠᠵᠤ ᠦᠢᠯᠡᠰ ᠢᠶᠠᠨ ᠬᠥᠭᠵᠢᠭᠦᠯᠬᠦ ᠶᠢ ᠳᠡᠮᠵᠢᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠥᠨᠳᠥᠷ ᠪᠦᠲᠦᠮᠵᠢᠲᠡᠢ ᠪᠠᠷ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠬᠤᠷᠳᠤᠴᠠ ᠶᠢ ᠲᠠᠬᠢᠨ ᠲᠦᠷᠭᠡᠳᠬᠡᠬᠦ᠂ ᠶᠠᠰᠤ ᠴᠢᠨᠠᠷ ᠢ ᠲᠠᠬᠢᠨ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠲᠠᠬᠢᠨ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠨᠡ ᠵᠢᠯ ᠤᠨ ᠰᠠᠶᠢᠨ ᠲᠤᠰᠢᠶᠠᠯ ᠢᠶᠠᠨ ᠬᠤᠷᠢᠶᠠᠬᠤ ᠪᠠ ᠢᠷᠡᠬᠦ ᠵᠢᠯ ᠤᠨ ᠰᠠᠶᠢᠨ ᠡᠬᠢᠯᠡᠯᠲᠡ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠪᠡ᠃    ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠤᠯᠠᠭᠠᠨᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠠᠩ ᠵᠢᠶ  ᠫᠧᠩ᠂ ᠬᠤᠯᠪᠣᠭᠳᠠᠯ ᠪᠥᠬᠦᠶ ᠬᠤᠰᠢᠭᠤ ᠰᠢᠶᠠᠨ ᠬᠤᠲᠠ ᠪᠣᠯᠤᠨ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号