ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ | ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠲᠦᠪ᠂ | ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄ | ︽ᠬᠢᠩᠭᠠᠨ ᠠᠶᠢᠮᠠᠭ ᠤᠨ 5G ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠨᠦᠭᠦᠳ︾ ᠢ ᠨᠢᠭᠡᠨᠲᠡ 2022 ᠣᠨ ᠤ 8 ᠰᠠᠷ᠎ᠠ ᠶᠢᠨ 24 ᠤ ᠡᠳᠦᠷ ᠠᠶᠢᠮᠠᠭ ᠤᠨ | ᠵᠠᠬᠢᠷᠭ᠎ᠠ ᠶᠢᠨ 20 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠳᠤᠭᠤᠢ᠃ | 2022 ᠣᠨ ᠤ 9 ᠰᠠᠷ᠎ᠠ ᠶᠢᠨ 6 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠬᠢᠩᠭᠠᠨ ᠠᠶᠢᠮᠠᠭ ᠤᠨ 5G ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 5G | ᠰᠦᠯᠵᠢᠶ᠎ᠡ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠥᠷᠥ ᠶᠢᠨ ᠪᠣᠳᠣᠯᠭ᠎ᠠ ᠨᠤᠭᠤᠳ ᠤᠨ ᠲᠤᠬᠠᠶ | ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2020 ︺ 4ᠳ᠋ᠣᠭᠡᠷ ᠲᠣᠭᠠᠲᠤ︶ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ 5G ᠰᠦᠯᠵᠢᠶ᠎ᠡ ᠶᠢᠨ ᠪᠠᠶᠢᠭᠤᠯᠤᠯᠲᠠ ᠶᠢ | ᠲᠦᠷᠭᠡᠳᠬᠡᠨ᠂ ᠮᠠᠨ ᠤ ᠠᠶᠢᠮᠠᠭ ᠤᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ | ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠮᠡᠲᠦ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠤᠭᠳᠠᠭᠠᠪᠠ᠃ | ᠨᠢᠭᠡ᠂ ᠲᠣᠣᠷ ᠰᠦᠯᠵᠢᠶᠡᠨ ᠤ ᠪᠠᠶᠢᠭᠤᠯᠤᠯᠲᠠ ᠶᠢ ᠪᠠᠬᠢᠵᠢᠭᠦᠯᠦᠨ᠎ᠡ | ︵ᠨᠢᠭᠡ︶ ᠴᠢᠮᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢᠨ ᠣᠷᠣᠨ ᠵᠠᠶ ᠶᠢᠨ ᠪᠠᠶᠢᠷᠢᠰᠢᠭᠤᠯᠤᠯ ᠤᠨ | ᠲᠤᠰᠬᠠᠶ ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠠᠶᠢᠮᠠᠭ ᠤᠨ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠣᠲᠣ ᠶᠢᠨ ᠪᠠᠶᠢᠭ᠎ᠠ 5G ᠰᠦᠯᠵᠢᠶ᠎ᠡ ᠶᠢᠨ ᠲᠥᠯᠥᠪᠵᠢᠭᠦᠯᠭᠡ ᠲᠠᠢ | ᠤᠶᠠᠯᠳᠤᠭᠤᠯᠤᠨ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠᠷ ᠰᠠᠭᠤᠷᠢ ᠪᠣᠯᠭᠠᠵᠤ᠂ | 5G ᠰᠠᠭᠤᠷᠢ ᠥᠷᠲᠡᠭᠡ ᠶᠢᠨ ᠥᠷᠲᠡᠭᠡ ᠶᠢᠨ ᠬᠠᠶ᠋ᠢᠭ᠂ ᠮᠠᠰᠢᠨ ᠤ ᠬᠡᠷ ᠵᠢᠴᠢ ᠬᠤᠭᠤᠯᠠᠶ ᠤᠲᠠᠰᠤ᠂ ᠴᠠᠬᠢᠯᠭᠠᠨ | ᠬᠦᠴᠦᠨ ᠵᠡᠷᠭᠡ ᠢᠵᠢ ᠪᠥᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ | ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ | ᠠᠶᠢᠮᠠᠭ ᠤᠨ 5G ᠵᠡᠷᠭᠡ ᠴᠢᠮᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢᠨ ᠣᠷᠣᠨ ᠵᠠᠶ ᠶᠢᠨ | ᠪᠠᠶᠢᠷᠢᠰᠢᠭᠤᠯᠤᠯᠲᠠ ᠶᠢᠨ ᠲᠤᠰᠬᠠᠶ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ᠂ ᠠᠶᠢᠮᠠᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠤᠯᠤᠰ ᠤᠨ ᠴᠠᠬᠢᠯᠭᠠᠨ | ᠲᠣᠤᠷ ᠤᠨ ᠬᠢᠩᠭᠠᠨ ᠳᠠᠬᠢ ᠴᠠᠬᠢᠯᠭᠠᠨ ᠬᠠᠩᠭᠠᠬᠤ ᠺᠣᠮᠫᠠᠨᠢ ᠵᠡᠷᠭᠡ ᠰᠠᠯᠠᠭ᠎ᠠ ᠮᠥᠴᠢᠷ ᠤᠨ ᠲᠥᠯᠥᠪᠵᠢᠭᠦᠯᠭᠡ ᠯᠦᠭᠡ | ᠪᠦᠲᠦᠮᠵᠢᠲᠡᠶ ᠵᠣᠯᠭᠠᠭᠤᠯᠬᠤ ᠬᠡᠷᠡᠭᠲᠡᠶ︔ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ | ᠲᠥᠯᠥᠪᠵᠢᠭᠦᠯᠭᠡ ᠶᠢ ᠬᠢᠨᠠᠨ ᠲᠣᠭᠲᠠᠭᠠᠬᠤ ᠶᠢᠨ ᠬᠠᠮᠲᠤ ᠲᠡᠭᠦᠨ ᠢ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠲᠥᠯᠥᠪᠵᠢᠭᠦᠯᠭᠡ ᠵᠢᠴᠢ ᠨᠠᠷᠢᠨ ᠲᠥᠯᠥᠪᠵᠢᠭᠦᠯᠭᠡ ᠳᠤ ᠣᠷᠣᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠤᠯᠤᠰ ᠤᠨ ᠴᠠᠬᠢᠯᠭᠠᠨ ᠲᠣᠤᠷ ᠤᠨ ᠬᠢᠩᠭᠠᠨ ᠳᠠᠬᠢ | ᠴᠠᠬᠢᠯᠭᠠᠨ ᠬᠠᠩᠭᠠᠬᠤ ᠺᠣᠮᠫᠠᠨᠢ᠂ ᠲᠡᠮᠦᠷ ᠰᠤᠪᠤᠷᠭ᠎ᠠ ᠺᠣᠮᠫᠠᠨᠢ ᠶᠢᠨ ᠬᠢᠩᠭᠠᠨ ᠠᠶᠢᠮᠠᠭ ᠤᠨ ᠬᠤᠪᠢᠶᠠᠷᠢ ᠺᠣᠮᠫᠠᠨᠢ᠂ | ᠡᠯ᠎ᠡ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ︶ | ︵ᠬᠤᠶᠠᠷ︶ ᠵᠡᠷᠭᠡᠪᠡᠷ ᠬᠡᠷᠡᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ | ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ ᠬᠠᠮᠢᠶ᠎ᠠ | ᠪᠥᠬᠦᠶ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠵᠢᠷᠤᠮᠵᠢᠯ ᠶᠣᠰᠣᠭᠠᠷ᠂ ᠪᠥᠲᠥᠭᠡᠨ ᠪᠠᠶᠢᠭᠤᠯᠤᠯᠲᠠ ᠶᠢᠨ | ᠨᠢᠭᠡᠴᠢ ᠨᠢ ᠪᠠᠷᠢᠯᠭ᠎ᠠ ᠶᠢᠨ ᠲᠥᠯᠥᠪᠵᠢᠭᠦᠯᠭᠡ ᠳᠤ 5G ᠬᠤᠷᠸ᠎ᠠ ᠥᠷᠲᠡᠭᠡ᠂ ᠪᠢᠴᠢᠯ ᠥᠷᠲᠡᠭᠡ᠂ ᠬᠡᠷ ᠳᠣᠲᠣᠷᠠᠬᠢ | ᠲᠠᠷᠬᠠᠯᠲᠠ ᠶᠢᠨ ᠰᠢᠰᠲ᠋ᠧᠮ ᠵᠡᠷᠭᠡ ᠪᠡᠯᠡᠳᠬᠡᠮᠵᠢ ᠶᠢᠨ ᠣᠷᠣᠨ ᠵᠠᠶ ᠶᠢ ᠤᠷᠢᠳᠴᠢᠯᠠᠨ ᠦᠯᠡᠳᠡᠭᠡᠬᠦ ᠶᠢ ᠱᠠᠭᠠᠷᠳᠠᠨ᠎ᠠ︔ | ᠰᠠᠭᠤᠷᠢ ᠴᠢᠮᠡᠭᠡ ᠬᠤᠯᠪᠣᠭᠠᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠪᠡ ᠵᠠᠰᠠᠮᠠᠯ ᠵᠠᠮ ᠢᠶᠠᠷ | ᠥᠩᠭᠡᠷᠡᠬᠦ ᠪᠤᠶᠤ ᠵᠠᠰᠠᠮᠠᠯ ᠵᠠᠮ ᠤᠨ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠬᠦ ᠴᠢᠬᠤᠯᠠ ᠲᠠᠢ ᠪᠣᠯ᠂ ᠡᠯ᠎ᠡ ᠱᠠᠲᠤᠨ ᠤ | ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠳ ᠵᠠᠰᠠᠮᠠᠯ ᠵᠠᠮ ᠤᠨ ᠵᠡᠷᠭᠡ ᠳᠡᠰ ᠤᠨ ᠶᠣᠰᠣᠭᠠᠷ ᠬᠠᠮᠢᠶ᠎ᠠ ᠪᠥᠬᠦᠶ ᠵᠠᠮ | ᠬᠠᠷᠢᠯᠴᠠᠭᠠᠨ ᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠬᠢᠨᠠᠨ ᠵᠥᠪᠰᠢᠶᠡᠷᠡᠭᠦᠯᠦᠨ᠎ᠡ︔ ᠤᠯᠤᠰ ᠤᠨ | ᠴᠠᠬᠢᠯᠭᠠᠨ ᠲᠣᠤᠷ ᠤᠨ ᠬᠢᠩᠭᠠᠨ ᠴᠠᠬᠢᠯᠭᠠᠨ ᠬᠠᠩᠭᠠᠬᠤ ᠺᠣᠮᠫᠠᠨᠢ ᠨᠢ ᠴᠠᠬᠢᠯᠭᠠᠨ ᠬᠦᠴᠦᠨ ᠤ ᠲᠣᠤᠷ ᠰᠦᠯᠵᠢᠶ᠎ᠡ ᠶᠢᠨ | ᠪᠡᠯᠡᠳᠬᠡᠮᠵᠢ ᠶᠢ ᠲᠥᠯᠥᠪᠵᠢᠭᠦᠯᠦᠨ ᠪᠥᠲᠥᠭᠡᠨ ᠪᠠᠶᠢᠭᠤᠯᠬᠤ ᠳᠠᠭᠠᠨ᠂ 5G ᠰᠠᠭᠤᠷᠢ ᠥᠷᠲᠡᠭᠡ ᠶᠢᠨ ᠴᠠᠬᠢᠯᠭᠠᠨ | ᠬᠡᠷᠡᠭᠯᠡᠬᠦ ᠳᠠᠭᠠᠭᠠᠴᠠ ᠵᠢᠴᠢ ᠥᠷᠲᠡᠭᠡ ᠴᠡᠭ ᠤᠨ ᠪᠠᠶᠢᠷᠢᠯᠠᠭᠤᠯᠤᠯᠲᠠ ᠶᠢ ᠬᠠᠩᠭᠠᠬᠤ ᠬᠡᠷᠡᠭᠲᠡᠶ︔ ᠡᠯ᠎ᠡ ᠬᠤᠰᠢᠭᠤ | ᠰᠢᠶᠠᠨ ᠬᠤᠲᠠ ᠨᠤᠭᠤᠳ 5G ᠶᠢᠨ ᠰᠠᠭᠤᠷᠢ ᠥᠷᠲᠡᠭᠡ ᠶᠢᠨ ᠬᠠᠶ᠋ᠢᠭ᠂ ᠮᠠᠰᠢᠨ ᠤ ᠬᠡᠷ᠂ ᠬᠤᠭᠤᠯᠠᠶ ᠤᠲᠠᠰᠤ᠂ | ᠢᠵᠢ ᠪᠥᠷᠢᠳᠦᠭᠰᠡᠨ ᠴᠠᠬᠢᠯᠭᠠᠨ ᠬᠦᠴᠦᠨ ᠵᠡᠷᠭᠡ ᠪᠡᠯᠡᠳᠬᠡᠮᠵᠢ ᠶᠢ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ | ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠶ᠃ ︵ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠤᠯᠤᠰ ᠤᠨ ᠴᠠᠬᠢᠯᠭᠠᠨ ᠲᠣᠤᠷ ᠤᠨ ᠬᠢᠩᠭᠠᠨ ᠴᠠᠬᠢᠯᠭᠠᠨ ᠬᠠᠩᠭᠠᠬᠤ | ᠺᠣᠮᠫᠠᠨᠢ᠂ ᠲᠡᠮᠦᠷ ᠰᠤᠪᠤᠷᠭ᠎ᠠ ᠶᠢᠨ ᠺᠣᠮᠫᠠᠨᠢ ᠶᠢᠨ ᠬᠢᠩᠭᠠᠨ ᠠᠶᠢᠮᠠᠭ ᠤᠨ ᠬᠤᠪᠢᠶᠠᠷᠢ ᠺᠣᠮᠫᠠᠨᠢ᠂ ᠡᠯ᠎ᠡ ᠴᠠᠬᠢᠯᠭᠠᠨ | ᠬᠤᠯᠪᠣᠭ᠎ᠠ ᠶᠢᠨ ᠡᠵᠡᠩᠨᠡᠯᠲᠡ ᠶᠢᠨ ᠠᠵᠤ ᠠᠬᠤᠶᠢᠯᠠᠯ︶ | ᠬᠤᠶᠠᠷ᠂ ᠣᠯᠠᠨ ᠨᠡᠶᠢᠲᠡ᠂ ᠨᠡᠶᠢᠭᠡᠮ ᠤᠨ ᠡᠬᠢ ᠪᠠᠶᠠᠯᠢᠭ ᠢ ᠴᠢᠯᠥᠭᠡᠲᠡᠶ ᠨᠡᠭᠡᠭᠡᠨ᠎ᠡ | ︵ᠭᠤᠷᠪᠠ︶ ᠤᠯᠤᠰ ᠤᠨ ᠥᠮᠴᠢᠯᠡᠯᠲᠦ ᠠᠯᠪᠠᠯᠠᠬᠤ ᠠᠰᠠᠷ ᠢ ᠴᠢᠯᠥᠭᠡᠲᠡᠶ ᠨᠡᠭᠡᠭᠡᠨ᠎ᠡ᠃ ᠬᠠᠤᠯᠢ ᠴᠠᠭᠠᠵᠠ | ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠡᠯ᠎ᠡ ᠱᠠᠲᠤᠨ ᠤ ᠵᠠᠰᠠᠭ ᠵᠠᠬᠢᠷᠭᠠᠨ ᠤ | ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠳ ᠲᠣᠰ | ᠨᠢᠭᠡᠴᠢ ᠶᠢᠨ ᠢᠶᠠᠨ ᠬᠠᠷᠢᠶ᠎ᠠ ᠣᠷᠣᠨ ᠪᠦᠰᠡ᠂ ᠬᠠᠷᠢᠶ᠎ᠠ ᠪᠠᠷᠢᠯᠭ᠎ᠠ ᠶᠢ ᠰᠦᠢᠳᠭᠡᠯ ᠬᠤᠷᠢᠶᠠᠬᠤ ᠥᠬᠡᠶ ᠪᠠᠷ | ᠨᠡᠭᠡᠭᠡᠬᠦ ᠶᠢᠨ ᠬᠠᠮᠲᠤ 5G ᠶᠢᠨ ᠰᠠᠭᠤᠷᠢ ᠥᠷᠲᠡᠭᠡ ᠪᠣᠯᠤᠨ ᠰᠦᠯᠵᠢᠶᠡᠨ ᠤ ᠪᠥᠲᠥᠭᠡᠨ ᠪᠠᠶᠢᠭᠤᠯᠤᠯᠲᠠ ᠳᠤ | ᠬᠡᠷᠡᠭᠰᠡᠬᠦ ᠡᠬᠢ ᠪᠠᠶᠠᠯᠢᠭ ᠢ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠢᠯ | ᠦᠢᠯᠡᠰ ᠤᠨ ᠨᠢᠭᠡᠴᠢ᠂ ᠡᠯ᠎ᠡ ᠤᠯᠤᠰ ᠤᠨ ᠥᠮᠴᠢᠯᠡᠯᠲᠦ ᠠᠵᠤ ᠠᠬᠤᠶᠢᠯᠠᠯ︶ | ︵ᠳᠥᠷᠪᠡ︶ ᠬᠤᠲᠠ ᠶᠢᠨ ᠶᠠᠪᠤᠳᠠᠯ ᠤᠨ ᠣᠯᠠᠨ ᠨᠡᠶᠢᠲᠡ ᠶᠢᠨ ᠡᠬᠢ ᠪᠠᠶᠠᠯᠢᠭ ᠢ ᠴᠢᠯᠥᠭᠡᠲᠡᠶ ᠪᠣᠯᠭᠠᠨ᠎ᠠ᠃ | ᠬᠤᠲᠠ ᠶᠢᠨ ᠦᠵᠡᠮᠵᠢ ᠶᠢ ᠨᠥᠯᠥᠭᠡᠯᠡᠬᠦ ᠦᠭᠡᠶ᠂ ᠬᠤᠲᠠ ᠶᠢᠨ ᠶᠠᠪᠤᠳᠠᠯ ᠤᠨ ᠣᠯᠠᠨ ᠨᠡᠶᠢᠲᠡ ᠶᠢᠨ ᠡᠬᠢ | ᠪᠠᠶᠠᠯᠢᠭ ᠤᠨ ᠬᠡᠷᠡᠭᠯᠡᠯᠲᠡ ᠶᠢ ᠬᠠᠷᠰᠢᠯᠠᠬᠤ ᠦᠭᠡᠶ ᠤᠷᠢᠲᠠᠯ ᠳᠣᠣᠷ᠎ᠠ᠂ ᠡᠯ᠎ᠡ ᠲᠥᠷᠥᠯ ᠤᠨ ᠠᠵᠤ ᠦᠢᠯᠡᠰ ᠤᠨ | ᠬᠦᠷᠢᠶᠡᠯᠡᠩ ᠲᠣᠭᠤᠷᠢᠭ᠂ ᠬᠤᠲᠠ ᠶᠢᠨ ᠵᠠᠰᠠᠭ ᠤᠨ ᠣᠷᠳᠣᠨ ᠤ ᠨᠣᠭᠤᠭᠠᠨ ᠭᠠᠵᠠᠷ᠂ ᠴᠡᠴᠡᠷᠯᠢᠭ᠂ ᠠᠭᠤᠳᠠᠮ | ᠲᠠᠯᠠᠪᠠᠶ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠣᠶᠣᠯ ᠤᠨ ᠲᠠᠯᠠᠪᠤᠷ᠂ ᠲᠠᠮᠢᠷ ᠤᠨ ᠲᠠᠯᠠᠪᠤᠷ ᠣᠷᠳᠣᠨ᠂ | ᠦᠵᠡᠰᠬᠦᠯᠡᠩ ᠤᠨ ᠣᠷᠳᠣᠨ᠂ ᠨᠢᠰᠬᠡᠯ ᠤᠨ ᠪᠠᠭᠤᠳᠠᠯ᠂ ᠮᠠᠰᠢᠨ ᠲᠡᠷᠭᠡᠨ ᠤ ᠥᠷᠲᠡᠭᠡ᠂ ᠭᠠᠯᠲᠤ ᠲᠡᠷᠭᠡᠨ ᠤ | ᠥᠷᠲᠡᠭᠡ ᠶᠢ ᠰᠦᠢᠳᠬᠡᠯ ᠬᠤᠷᠢᠶᠠᠬᠤ ᠦᠭᠡᠶ ᠪᠠᠷ ᠨᠡᠭᠡᠭᠡᠨ᠎ᠡ᠃ ᠵᠠᠰᠠᠮᠠᠯ ᠵᠠᠮ᠂ ᠲᠡᠮᠦᠷ ᠵᠠᠮ᠂ ᠬᠥᠭᠦᠷᠭᠡ᠂ ᠨᠦᠬᠡᠨ | ᠵᠠᠮ᠂ ᠬᠤᠲᠠ ᠶᠢᠨ ᠵᠠᠮ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠢᠴᠢ ᠵᠠᠮ ᠤᠨ ᠳ᠋ᠧᠩ ᠤᠨ ᠡᠰᠢ᠂ | ᠳᠣᠲᠣᠭᠠᠳᠤ ᠶᠢ ᠬᠠᠮᠠᠭᠠᠯᠠᠬᠤ ᠬᠢᠨᠠᠨ ᠡᠵᠡᠮᠳᠡᠬᠦ ᠡᠰᠢ᠂ ᠬᠤᠲᠠ ᠶᠢᠨ ᠬᠠᠮᠢᠶᠠᠷᠤᠯᠲᠠ ᠶᠢᠨ ᠬᠢᠨᠠᠨ ᠡᠵᠡᠮᠳᠡᠬᠦ ᠡᠰᠢ᠂ | ᠵᠠᠮ ᠤᠨ ᠵᠢᠭᠠᠯᠲᠠ ᠫᠠᠶᠢᠰᠠ᠂ ᠵᠠᠷ ᠤᠨ ᠫᠠᠶᠢᠰᠠ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠥᠷᠲᠡᠭᠡᠨ ᠤ | ᠲᠠᠪᠴᠠᠩ ᠵᠡᠷᠭᠡ ᠣᠯᠠᠨ ᠨᠡᠶᠢᠲᠡ ᠶᠢᠨ ᠪᠡᠯᠡᠳᠬᠡᠮᠵᠢ ᠪᠠ ᠲᠠᠯᠠᠪᠤᠷ ᠭᠠᠵᠠᠷ ᠢ 5G ᠰᠠᠭᠤᠷᠢ ᠥᠷᠲᠡᠭᠡ ᠵᠢᠴᠢ ᠢᠵᠢ | ᠪᠥᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠲᠠᠪᠤ︶ ᠬᠤᠳᠠᠯᠳᠤᠭᠠᠨ ᠳᠤ ᠬᠡᠷᠡᠭᠯᠡᠬᠦ ᠪᠠᠷᠢᠯᠭ᠎ᠠ᠂ ᠣᠷᠣᠨ ᠰᠠᠭᠤᠴᠠ ᠶᠢᠨ ᠵᠢᠵᠢᠭ ᠲᠣᠭᠤᠷᠢᠭ ᠢ ᠴᠢᠯᠥᠭᠡᠲᠡᠶ | ᠪᠣᠯᠭᠠᠨ᠎ᠠ᠃ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠰᠠᠯᠠᠭ᠎ᠠ ᠮᠥᠴᠢᠷ ᠤᠳ ᠬᠡᠷ ᠪᠠᠶᠢᠰᠢᠩ ᠤᠨ ᠪᠠᠷᠢᠯᠭ᠎ᠠ ᠳᠠᠬᠢ 5G ᠵᠡᠷᠭᠡ ᠴᠢᠮᠡᠭᠡ ᠬᠤᠯᠪᠣᠭᠠᠨ ᠤ ᠲᠣᠤᠷ | ᠰᠦᠯᠵᠢᠶ᠎ᠡ ᠶᠢᠨ ᠪᠡᠯᠡᠳᠬᠡᠮᠵᠢ ᠶᠢᠨ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ ᠪᠠ ᠰᠢᠯᠭᠠᠨ ᠠᠪᠬᠤ | ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ 5G ᠵᠡᠷᠭᠡ ᠴᠢᠮᠡᠭᠡ ᠬᠤᠯᠪᠣᠭᠠᠨ ᠤ ᠲᠣᠤᠷ | ᠰᠦᠯᠵᠢᠶ᠎ᠡ ᠶᠢᠨ ᠪᠡᠯᠡᠳᠬᠡᠮᠵᠢ ᠶᠢ ᠪᠠᠷᠢᠮᠵᠢᠶ᠎ᠠ ᠶᠣᠰᠣᠭᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠬᠤ | ᠬᠡᠷᠡᠭᠲᠡᠶ᠃ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠤᠨ ᠣᠷᠣᠨ ᠰᠠᠭᠤᠴᠠ ᠶᠢᠨ ᠵᠢᠵᠢᠭ | ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠣᠷᠣᠨ ᠪᠠᠶᠢᠷᠢ ᠶᠢ ᠬᠠᠤᠯᠢ ᠲᠣᠭᠲᠠᠭᠠᠯ ᠶᠣᠰᠣᠭᠠᠷ ᠵᠦᠶ ᠵᠣᠬᠢᠰᠲᠠᠶ | ᠬᠡᠷᠡᠭᠯᠡᠨ᠂ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠲᠥᠬᠦᠭᠡᠷᠦᠮᠵᠢ ᠶᠢ 5G ᠰᠠᠭᠤᠷᠢ ᠥᠷᠲᠡᠭᠡ ᠪᠠᠶᠢᠭᠤᠯᠬᠤ ᠶᠢ | ᠪᠠᠲᠤᠯᠠᠵᠤ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ 5G ᠶᠢᠨ ᠲᠠᠯᠠᠪᠤᠷ ᠲᠤ ᠣᠷᠣᠬᠤ | ᠰᠦᠢᠳᠭᠡᠯ᠂ ᠵᠠᠯᠭᠠᠵᠤ ᠣᠷᠣᠭᠤᠯᠬᠤ ᠰᠦᠢᠳᠭᠡᠯ᠂ ᠵᠣᠬᠢᠴᠠᠭᠤᠯᠬᠤ ᠰᠦᠢᠳᠭᠡᠯ᠂ ᠬᠤᠪᠢᠶᠠᠨ ᠳᠠᠭᠠᠭᠠᠬᠤ ᠰᠦᠢᠳᠭᠡᠯ | ᠂ ᠲᠠᠯᠠᠪᠤᠷ ᠲᠦᠷᠢᠶᠡᠰᠦᠯᠡᠬᠦ ᠵᠡᠷᠭᠡ ᠰᠦᠢᠳᠭᠡᠯ ᠬᠤᠷᠢᠶᠠᠬᠤ ᠶᠢ ᠴᠢᠩᠭ᠎ᠠ ᠴᠠᠭᠠᠵᠠᠯᠠᠨ᠎ᠠ᠃ ︵ᠬᠠᠷᠢᠭᠤᠴᠠᠯᠭᠠᠲᠤ | ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶ | ᠭᠤᠷᠪᠠ᠂ ᠴᠠᠬᠢᠯᠭᠠᠨ ᠬᠦᠴᠦᠨ ᠤ ᠪᠠᠲᠤᠯᠠᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ | ︵ᠵᠢᠷᠭᠤᠭ᠎ᠠ︶ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ | 5G ᠰᠠᠭᠤᠷᠢ ᠥᠷᠲᠡᠭᠡ ᠵᠢᠴᠢ ᠮᠠᠰᠢᠨ ᠤ ᠬᠡᠷ ᠵᠡᠷᠭᠡ ᠢᠵᠢ ᠪᠥᠷᠢᠳᠦᠭᠦᠯᠬᠦ ᠪᠡᠯᠡᠳᠬᠡᠮᠵᠢ ᠳᠤ᠂ ᠤᠯᠤᠰ ᠤᠨ | ᠴᠠᠬᠢᠯᠭᠠᠨ ᠲᠣᠤᠷ ᠤᠨ ᠬᠢᠩᠭᠠᠨ ᠴᠠᠬᠢᠯᠭᠠᠨ ᠬᠠᠩᠭᠠᠬᠤ ᠺᠣᠮᠫᠠᠨᠢ ᠨᠢ ︽ᠨᠢᠭᠡ ᠥᠷᠲᠡᠭᠡ ᠨᠢᠭᠡ ᠬᠦᠰᠦᠨᠦᠭᠲᠦ︾ ᠪᠠᠷ | ᠰᠢᠭᠤᠳ ᠴᠠᠬᠢᠯᠭᠠᠨ ᠬᠠᠩᠭᠠᠵᠤ᠂ ᠰᠢᠭᠤᠳ ᠰᠦᠢᠳᠭᠡᠯ ᠬᠤᠷᠢᠶᠠᠬᠤ ᠶᠢ ᠬᠡᠷᠡᠭᠵᠢᠭᠦᠯᠦᠨ᠎ᠡ᠃ 5G ᠰᠠᠭᠤᠷᠢ | ᠥᠷᠲᠡᠭᠡ ᠵᠢᠴᠢ ᠮᠠᠰᠢᠨ ᠤ ᠬᠡᠷ ᠵᠡᠷᠭᠡ ᠢᠵᠢ ᠪᠥᠷᠢᠳᠦᠭᠰᠡᠨ ᠪᠡᠯᠡᠳᠬᠡᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠳᠤ | ᠂ ᠨᠥᠬᠦᠴᠡᠯ ᠪᠥᠷᠢᠳᠦᠭᠰᠡᠨ ᠢ ᠨᠢ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠨ ᠠᠴᠠ ᠤᠯᠤᠰ ᠤᠨ | ᠴᠠᠬᠢᠯᠭᠠᠨ ᠲᠣᠤᠷ ᠤᠨ ᠬᠢᠩᠭᠠᠨ ᠴᠠᠬᠢᠯᠭᠠᠨ ᠬᠠᠩᠭᠠᠬᠤ ᠺᠣᠮᠫᠠᠨᠢ ᠳᠤ ᠴᠠᠬᠢᠯᠭᠠᠨ ᠬᠡᠮᠵᠢᠭᠦᠷ ᠢ ᠮᠡᠳᠡᠭᠦᠯᠦᠨ | ᠤᠭᠰᠠᠷᠠᠭᠤᠯᠬᠤ ᠪᠠᠷ ᠭᠤᠶᠤᠴᠢᠯᠠᠵᠤ᠂ ᠰᠢᠭᠤᠳ ᠴᠠᠬᠢᠯᠭᠠᠨ ᠬᠠᠩᠭᠠᠬᠤ᠂ ᠰᠢᠭᠤᠳ ᠰᠦᠢᠳᠭᠡᠯ ᠬᠤᠷᠢᠶᠠᠬᠤ ᠶᠢ | ᠪᠡᠶᠡᠯᠡᠭᠦᠯᠦᠨ᠎ᠡ︔ ᠤᠯᠤᠰ ᠤᠨ ᠴᠠᠬᠢᠯᠭᠠᠨ ᠲᠣᠤᠷ ᠤᠨ ᠬᠢᠩᠭᠠᠨ ᠴᠠᠬᠢᠯᠭᠠᠨ ᠬᠠᠩᠭᠠᠬᠤ ᠺᠣᠮᠫᠠᠨᠢ ᠨᠢ ᠰᠢᠨ᠎ᠡ ᠪᠠᠷ | ᠪᠠᠶᠢᠭᠤᠯᠤᠭᠰᠠᠨ᠂ ᠲᠠᠰ ᠳᠡᠪᠰᠢᠭᠦᠯᠵᠦ ᠥᠭᠡᠷᠡᠴᠢᠯᠡᠨ ᠪᠠᠶᠢᠭᠤᠯᠤᠭᠰᠠᠨ 5G ᠰᠠᠭᠤᠷᠢ ᠥᠷᠲᠡᠭᠡ ᠵᠢᠴᠢ ᠢᠵᠢ | ᠪᠥᠷᠢᠳᠦᠭᠦᠯᠬᠦ ᠮᠠᠰᠢᠨ ᠤ ᠬᠡᠷ᠂ ᠭᠤᠤᠯ ᠵᠠᠩᠭᠢᠯᠠᠭ᠎ᠠ ᠶᠢᠨ ᠮᠠᠰᠢᠨ ᠤ ᠬᠡᠷ ᠵᠡᠷᠭᠡ ᠪᠡᠯᠡᠳᠬᠡᠮᠵᠢ ᠳᠤ ᠲᠣᠮᠣ ᠠᠵᠤ | ᠦᠢᠯᠡᠳᠪᠦᠷᠢ ᠳᠤ ᠬᠡᠷᠡᠭᠯᠡᠬᠦ ᠴᠠᠬᠢᠯᠭᠠᠨ ᠤ ᠦᠨ᠎ᠡ ᠶᠢ ᠬᠡᠷᠡᠭᠵᠢᠭᠦᠯᠵᠦ᠂ ᠨᠥᠬᠦᠴᠡᠯ ᠳᠤ ᠨᠡᠶᠢᠴᠡᠪᠡᠯ ᠴᠠᠬᠢᠯᠭᠠᠨ | ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠣᠷᠣᠯᠴᠠᠵᠤ ᠪᠣᠯᠤᠨ᠎ᠠ᠃ ︵ᠬᠠᠷᠢᠭᠤᠴᠠᠯᠭᠠᠲᠤ ᠨᠢᠭᠡᠴᠢ᠄ | ᠤᠯᠤᠰ ᠤᠨ ᠴᠠᠬᠢᠯᠭᠠᠨ ᠲᠣᠤᠷ ᠤᠨ ᠬᠢᠩᠭᠠᠨ ᠴᠠᠬᠢᠯᠭᠠᠨ ᠬᠠᠩᠭᠠᠬᠤ ᠺᠣᠮᠫᠠᠨᠢ᠂ ᠲᠡᠮᠦᠷ ᠰᠤᠪᠤᠷᠭ᠎ᠠ ᠺᠣᠮᠫᠠᠨᠢ ᠶᠢᠨ | ᠬᠢᠩᠭᠠᠨ ᠠᠶᠢᠮᠠᠭ ᠤᠨ ᠬᠤᠪᠢᠶᠠᠷᠢ ᠺᠣᠮᠫᠠᠨᠢ᠂ ᠡᠯ᠎ᠡ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ︶ | ᠳᠥᠷᠪᠡ᠂ ᠬᠢᠨᠠᠨ ᠵᠥᠪᠰᠢᠶᠡᠷᠡᠬᠦ ᠴᠤᠪᠤᠷᠠᠯ ᠢ ᠵᠢᠷᠤᠮᠵᠢᠭᠤᠯᠬᠤ ᠬᠡᠷᠡᠭᠲᠡᠶ | ︵ᠳᠣᠯᠤᠭ᠎ᠠ︶ 5G ᠴᠢᠮᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢᠨ ᠬᠢᠨᠠᠨ ᠵᠥᠪᠰᠢᠶᠡᠷᠡᠬᠦ ᠴᠤᠪᠤᠷᠠᠯ ᠢ | ᠵᠢᠷᠤᠮᠵᠢᠭᠤᠯᠤᠨ᠎ᠠ᠃5G ᠶᠢᠨ ᠰᠠᠭᠤᠷᠢ ᠥᠷᠲᠡᠭᠡ ᠪᠠᠶᠢᠭᠤᠯᠬᠤ ᠭᠤᠶᠤᠴᠢᠯᠠᠯ ᠭᠠᠷᠭᠠᠪᠠᠯ᠂ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠰᠠᠯᠠᠭ᠎ᠠ ᠮᠥᠴᠢᠷ 5 ᠠᠵᠢᠯᠯᠠᠬᠤ ᠡᠳᠦᠷ ᠤᠨ ᠳᠣᠲᠣᠷ᠎ᠠ ᠭᠦᠢᠴᠡᠳᠭᠡᠵᠦ ᠳᠠᠭᠤᠰᠬᠠᠬᠤ | ᠬᠡᠷᠡᠭᠲᠡᠶ᠂ ᠭᠦᠢᠴᠡᠳᠭᠡᠵᠦ ᠳᠡᠶᠢᠯᠬᠦ ᠥᠬᠡᠶ ᠪᠣᠯ ᠰᠢᠯᠲᠠᠭᠠᠨ ᠢ ᠨᠢ ᠲᠣᠳᠣᠷᠬᠠᠶᠢᠯᠠᠬᠤ ᠶᠢᠨ ᠬᠠᠮᠲᠤ ᠭᠦᠢᠴᠡᠳᠭᠡᠬᠦ | ᠵᠢᠷᠤᠮ ᠪᠠ ᠬᠡᠷᠡᠭᠰᠡᠬᠦ ᠮᠠᠲ᠋ᠧᠷᠢᠶᠠᠯ ᠢ ᠨᠢᠭᠡ ᠯᠡ ᠤᠳᠠᠭ᠎ᠠ ᠳᠤ ᠮᠡᠳᠡᠭᠳᠡᠨ᠎ᠡ︔ ᠴᠢᠮᠡᠭᠡ ᠬᠤᠯᠪᠣᠭ᠎ᠠ ᠶᠢᠨ ᠰᠠᠭᠤᠷᠢ | ᠪᠡᠯᠡᠳᠬᠡᠮᠵᠢ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠶᠢ ᠬᠢᠩᠭᠠᠨ ᠠᠶᠢᠮᠠᠭ ᠤᠨ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠵᠤ᠂ | ᠪᠠᠷᠢᠯᠭ᠎ᠠ ᠶᠢᠨ ᠭᠤᠤᠯ ᠴᠣᠭᠴᠠ ᠯᠤᠭ᠎ᠠ ᠵᠡᠷᠭᠡ ᠳᠤᠨᠢ ᠲᠥᠯᠥᠪᠵᠢᠭᠦᠯᠵᠦ᠂ ᠵᠡᠷᠭᠡ ᠳᠤᠨᠢ ᠵᠢᠷᠤᠭᠯᠠᠨ ᠲᠥᠯᠥᠪᠯᠡᠵᠦ᠂ | ᠵᠡᠷᠭᠡ ᠳᠤᠨᠢ ᠪᠠᠷᠢᠯᠭ᠎ᠠ ᠪᠠᠷᠢᠵᠤ᠂ ᠵᠡᠷᠭᠡ ᠳᠤᠨᠢ ᠰᠢᠯᠭᠠᠨ ᠠᠪᠤᠨ᠎ᠠ︔ 5G ᠴᠢᠮᠡᠭᠡ ᠬᠤᠯᠪᠣᠭᠠᠨ ᠤ ᠰᠠᠭᠤᠷᠢ | ᠪᠡᠯᠡᠳᠬᠡᠮᠵᠢ ᠶᠢᠨ ᠲᠥᠷᠥᠯ ᠵᠦᠢᠯ ᠳᠤ ᠭᠠᠵᠠᠷ ᠬᠡᠷᠡᠭᠯᠡᠬᠦ ᠶᠢ ᠲᠥᠯᠥᠪᠵᠢᠭᠦᠯᠬᠦ᠂ ᠴᠠᠬᠢᠯᠭᠠᠨ ᠬᠦᠴᠦᠨ ᠢ | ᠣᠷᠣᠭᠤᠯᠤᠨ ᠠᠪᠴᠢᠷᠠᠬᠤ᠂ ᠳᠠᠮᠵᠢᠭᠤᠯᠬᠤ ᠬᠤᠭᠤᠯᠠᠶ ᠶᠢᠨ ᠪᠥᠲᠥᠭᠡᠨ ᠪᠠᠶᠢᠭᠤᠯᠤᠯᠲᠠ ᠬᠢᠭᠡᠳ ᠬᠠᠮᠠᠭᠠᠯᠠᠯᠲᠠ ᠳᠤ | ᠰᠠᠭᠠᠳ ᠥᠬᠡᠶ ᠨᠡᠪᠲᠡᠷᠡᠬᠦ ᠵᠠᠮ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ | ᠲᠣᠭᠤᠷᠢᠨ ᠤ ᠲᠣᠪᠴᠢᠶ᠎ᠠ᠂ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ | ᠲᠣᠪᠴᠢᠶ᠎ᠠ᠂ ᠤᠯᠤᠰ ᠤᠨ ᠴᠠᠬᠢᠯᠭᠠᠨ ᠲᠣᠤᠷ ᠤᠨ ᠬᠢᠩᠭᠠᠨ ᠴᠠᠬᠢᠯᠭᠠᠨ ᠬᠠᠩᠭᠠᠬᠤ ᠺᠣᠮᠫᠠᠨᠢ᠂ ᠲᠡᠮᠦᠷ ᠰᠤᠪᠤᠷᠭ᠎ᠠ | ᠺᠣᠮᠫᠠᠨᠢ ᠶᠢᠨ ᠬᠢᠩᠭᠠᠨ ᠠᠶᠢᠮᠠᠭ ᠤᠨ ᠬᠤᠪᠢᠶᠠᠷᠢ ᠺᠣᠮᠫᠠᠨᠢ᠂ ᠡᠯ᠎ᠡ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ | ᠠᠬᠤᠶᠢᠯᠠᠯ︶ | ᠲᠠᠪᠤ᠂ ᠠᠷᠭ᠎ᠠ ᠬᠡᠮᠵᠢᠶ᠎ᠡ ᠶᠢᠨ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠶ | ︵ ᠨᠠᠢᠮᠠ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠢᠩᠭᠠᠨ ᠠᠶᠢᠮᠠᠭ ᠤᠨ | 5G ᠰᠦᠯᠵᠢᠶ᠎ᠡ ᠶᠢᠨ ᠪᠠᠶᠢᠭᠤᠯᠤᠯᠲᠠ ᠪᠠ ᠬᠡᠷᠡᠭᠯᠡᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠠᠯᠪᠠᠨ ᠬᠡᠷ ︵ᠳᠣᠷᠣᠭᠰᠢ ᠠᠶᠢᠮᠠᠭ ᠤᠨ 5G ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠭᠡᠵᠦ | ᠲᠣᠪᠴᠢᠯᠠᠨ᠎ᠠ︶ ᠤᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠠᠰᠠᠭᠤᠳᠠᠯ ᠤᠨ ᠨᠠᠷᠢᠨ ᠲᠠᠩᠰᠠ ᠶᠢᠨ ᠲᠦᠷᠢᠮ ᠢ | ᠪᠠᠷᠢᠮᠲᠠᠯᠠᠨ᠂ ᠠᠵᠢᠯ ᠤᠨ ᠵᠣᠬᠢᠴᠠᠭᠤᠯᠭ᠎ᠠ ᠵᠢᠴᠢ ᠰᠢᠮᠳᠠᠭᠤᠯᠤᠨ ᠭᠦᠢᠴᠡᠳᠭᠡᠬᠦ ᠶᠢ ᠴᠢᠩᠭᠠᠳᠬᠠᠵᠤ᠂ ᠲᠡᠮᠦᠷ | ᠰᠤᠪᠤᠷᠭ᠎ᠠ ᠺᠣᠮᠫᠠᠨᠢ ᠶᠢᠨ ᠬᠢᠩᠭᠠᠨ ᠠᠶᠢᠮᠠᠭ ᠤᠨ ᠬᠤᠪᠢᠶᠠᠷᠢ ᠺᠣᠮᠫᠠᠨᠢ ᠵᠢᠴᠢ ᠡᠯ᠎ᠡ ᠴᠠᠬᠢᠯᠭᠠᠨ ᠬᠤᠯᠪᠣᠭᠠᠨ ᠤ | ᠡᠵᠡᠩᠨᠡᠯᠲᠡ ᠶᠢᠨ ᠠᠵᠤ ᠠᠬᠤᠶᠢᠯᠠᠯ ᠨᠢ ᠲᠣᠭᠲᠠᠮᠠᠯ ᠬᠤᠭᠤᠴᠠᠭ᠎ᠠ ᠲᠠᠢ ᠪᠠᠷ ᠠᠶᠢᠮᠠᠭ ᠤᠨ 5G ᠶᠢᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠲᠤ 5G ᠶᠢᠨ ᠰᠠᠭᠤᠷᠢ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ | ᠪᠠᠶᠢᠳᠠᠯ ᠢᠶᠠᠨ ᠮᠡᠳᠡᠭᠦᠯᠦᠨ ᠬᠦᠷᠭᠡᠵᠦ᠂ ᠪᠥᠲᠥᠭᠡᠨ ᠪᠠᠶᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠴᠢᠬᠤᠯᠠ ᠶᠡᠭᠡ | ᠠᠰᠠᠭᠤᠳᠠᠯ ᠢ ᠠᠶᠢᠮᠠᠭ ᠤᠨ 5G ᠶᠢᠨ ᠤᠳᠤᠷᠢᠳᠬᠤ ᠳᠤᠭᠤᠶᠢᠯᠠᠩ ᠠᠴᠠ 5G ᠶᠢᠨ ᠪᠥᠲᠥᠭᠡᠨ | ᠪᠠᠶᠢᠭᠤᠯᠤᠯᠲᠠ ᠶᠢᠨ ᠵᠣᠬᠢᠴᠠᠭᠤᠯᠬᠤ ᠬᠤᠷᠠᠯ ᠬᠤᠷᠠᠯᠳᠤᠭᠤᠯᠵᠤ ᠰᠢᠢᠳᠪᠦᠷᠢᠯᠡᠨ᠂ ᠮᠠᠨ ᠤ ᠠᠶᠢᠮᠠᠭ ᠤᠨ 5G ᠶᠢᠨ | ᠲᠣᠤᠷ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ | ︵ᠶᠢᠰᠦ︶ ᠰᠢᠮᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠶᠢ ᠴᠢᠩᠭᠠᠳᠬᠠᠨ᠎ᠠ᠃ ᠠᠶᠢᠮᠠᠭ ᠤᠨ 5G ᠶᠢᠨ | ᠤᠳᠤᠷᠢᠳᠬᠤ ᠳᠤᠭᠤᠶᠢᠯᠠᠩ ᠨᠢ 5G ᠶᠢᠨ ᠮᠡᠳᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢ ᠨᠢᠭᠡᠳᠦᠯᠲᠡᠶ | ᠲᠥᠯᠥᠪᠯᠡᠨ ᠪᠥᠲᠥᠭᠡᠨ ᠪᠠᠶᠢᠭᠤᠯᠤᠭᠰᠠᠨ ᠵᠢᠴᠢ ᠬᠠᠮᠲᠤ ᠪᠠᠷ ᠡᠳ᠋ᠯᠡᠵᠦ ᠪᠠᠶᠢᠭ᠎ᠠ ᠪᠠᠶᠢᠳᠠᠯ᠂ ᠣᠯᠠᠨ ᠨᠡᠶᠢᠲᠡ ᠶᠢᠨ ᠡᠬᠢ | ᠪᠠᠶᠠᠯᠢᠭ᠂ ᠨᠡᠶᠢᠭᠡᠮ ᠤᠨ ᠡᠬᠢ ᠪᠠᠶᠠᠯᠢᠭ ᠤᠨ ᠨᠡᠭᠡᠭᠡᠯᠲᠡ ᠶᠢᠨ ᠪᠠᠶᠢᠳᠠᠯ᠂ ᠡᠬᠢ ᠪᠠᠶᠠᠯᠢᠭ ᠤᠨ ᠡᠯᠧᠮᠧᠨ᠋ᠲ ᠤᠨ | ᠪᠠᠲᠤᠯᠠᠭ᠎ᠠ ᠶᠢᠨ ᠪᠠᠶᠢᠳᠠᠯ ᠢ ᠣᠨ ᠤ ᠰᠢᠯᠭᠠᠨ ᠬᠢᠨᠠᠬᠤ ᠳᠤ ᠣᠷᠣᠭᠤᠯᠤᠨ᠎ᠠ᠃ | ︵ᠠᠷᠪᠠ︶ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠰᠣᠨᠢᠨ᠂ ᠲᠧᠯᠸᠢᠰ᠂ ᠢᠨᠲ᠋ᠧᠷ ᠰᠦᠯᠵᠢᠶ᠎ᠡ ᠪᠠ | ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ᠂ 5G ᠶᠢᠨ ᠰᠦᠯᠵᠢᠶᠡᠨ ᠤ ᠪᠠᠶᠢᠭᠤᠯᠤᠯᠲᠠ ᠶᠢᠨ ᠴᠢᠬᠤᠯᠠ ᠶᠡᠭᠡ ᠠᠴᠢ | ᠬᠤᠯᠪᠣᠭᠳᠠᠯ ᠢ ᠥᠷᠭᠡᠨ ᠢᠶᠠᠷ ᠤᠬᠠᠭᠤᠯᠵᠤ᠂ 5G ᠶᠢᠨ ᠰᠠᠭᠤᠷᠢ ᠥᠷᠲᠡᠭᠡ ᠶᠢᠨ ᠴᠠᠬᠢᠯᠭᠠᠨ ᠰᠣᠷᠢᠨᠵᠢᠨ | ᠰᠠᠴᠤᠷᠠᠯᠲᠠ ᠵᠡᠷᠭᠡ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ | ᠴᠢᠩᠭᠠᠷᠠᠭᠤᠯᠵᠤ᠂ 5G ᠶᠢᠨ ᠰᠦᠯᠵᠢᠶᠡᠨ ᠤ ᠪᠠᠶᠢᠭᠤᠯᠤᠯᠲᠠ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ | ᠨᠥᠬᠦᠴᠡᠯ ᠢ ᠪᠣᠶ ᠪᠣᠯᠭᠠᠵᠤ ᠥᠭᠭᠦᠨ᠎ᠡ᠃ | | ᠬᠢᠩᠭᠠᠨ ᠠᠶᠢᠮᠠᠭ ᠤᠨ 5G ᠰᠦᠯᠵᠢᠶ᠎ᠡ ᠶᠢᠨ ᠪᠠᠶᠢᠭᠤᠯᠤᠯᠲᠠ ᠪᠠ ᠬᠡᠷᠡᠭᠯᠡᠯᠲᠡ ᠶᠢ ᠠᠬᠢᠭᠤᠯᠬᠤ ᠠᠵᠢᠯ ᠤᠨ | ᠤᠳᠤᠷᠢᠳᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠯᠢᠶᠠᠩ ᠶᠠᠨ ᠵᠢᠶᠦ᠋ᠨ ᠠᠶᠢᠮᠠᠭ ᠶᠢᠨ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠸᠠᠩ ᠵᠧᠨ ᠭᠦᠸᠧ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠳᠡᠳ᠋ | ᠡᠷᠬᠢᠯᠡᠭᠴᠢ | ᠸᠧᠶ ᠳ᠋ᠡ ᠶᠦᠩ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ | ᠳᠠᠷᠤᠭ᠎ᠠ᠂ ᠡᠨᠧᠷᠭᠢ ᠶᠢᠨ ᠲᠣᠪᠴᠢᠶ᠎ᠠ ᠶᠢᠨ ᠳᠠᠷᠤᠭ᠎ᠠ | ᠪᠦᠷᠢᠯᠳᠦᠬᠦᠨ᠄ ᠹᠸᠢ ᠱᠧᠩ ᠯᠢᠨ ᠠᠶᠢᠮᠠᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠲᠣᠪᠴᠢᠶ᠎ᠠ ᠶᠢᠨ ᠳᠡᠳ᠋ ᠳᠠᠷᠤᠭ᠎ᠠ | ᠢᠦᠶ ᠴᠦᠨ ᠯᠢ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ | ᠡᠦ ᠶᠢᠨ ᠳ᠋ᠧ ᠠᠶᠢᠮᠠᠭ ᠤᠨ ᠵᠠᠮ ᠲᠡᠭᠡᠭᠡᠪᠦᠷᠢ ᠶᠢᠨ ᠲᠣᠪᠴᠢᠶᠠᠨ ᠤ ᠳᠡᠳ᠋ ᠳᠠᠷᠤᠭ᠎ᠠ | ᠵᠧᠩ ᠶᠦᠩ ᠹᠧᠩ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠡᠳ᠋ ᠳᠠᠷᠤᠭ᠎ᠠ | ᠴᠧᠨ ᠵᠢᠶᠦ᠋ᠨ ᠠᠶᠢᠮᠠᠭ ᠤᠨ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠡᠳ᠋ | ᠳᠠᠷᠤᠭ᠎ᠠ | ᠬᠠᠰᠡᠷᠳᠡᠨᠢ ᠠᠶᠢᠮᠠᠭ ᠤᠨ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ | ᠰᠥᠩ ᠶᠤᠸᠠᠢ ᠫᠢᠩ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ | ᠸᠠᠩ ᠬᠠᠶ ᠵᠢᠶᠠᠩ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠸᠧᠶ ᠵᠢᠦ ᠴᠢᠶᠠᠩ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠮᠠᠨ ᠱᠦᠶ ᠯᠦᠩ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠸᠠᠩ ᡁᠢ ᠪᠢᠶᠣᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ | ᠸᠠᠩ ᠵᠢᠶᠠ ᠵᠢᠶᠦ᠋ᠨ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ | ᠳᠡᠳ᠋ ᠳᠠᠷᠤᠭ᠎ᠠ | ᠪᠠᠶ ᠶᠠᠩ ᠺᠧ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠳᠡᠳ᠋ ᠳᠠᠷᠤᠭ᠎ᠠ | ᠵᠠᠩ ᠰᠢᠶᠤᠤ ᠢ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ | ᠵᠥᠪᠯᠡᠯ ᠤᠨ ᠳᠡᠳ᠋ ᠡᠷᠬᠢᠯᠡᠭᠴᠢ | ᠰᠢᠶᠧ ᠬᠤᠩ ᠸᠧᠶ ᠤᠯᠤᠰ ᠤᠨ ᠴᠠᠬᠢᠯᠭᠠᠨ ᠲᠣᠣᠷ ᠤᠨ ᠬᠢᠩᠭᠠᠨ ᠴᠠᠬᠢᠯᠭᠠᠨ ᠬᠠᠩᠭᠠᠬᠤ ᠺᠣᠮᠫᠠᠨᠢ ᠶᠢᠨ | ᠶᠡᠷᠦᠩᠬᠡᠶ ᠳᠠᠭᠠᠭᠠᠮᠠᠯ | ᠶᠠᠩ ᠱᠦ ᠴᠢᠩ ᠴᠠᠬᠢᠯᠭᠠᠨ ᠬᠤᠯᠪᠣᠭᠠᠨ ᠤ ᠬᠢᠩᠭᠠᠨ ᠠᠶᠢᠮᠠᠭ ᠤᠨ ᠬᠤᠪᠢᠶᠠᠷᠢ ᠺᠣᠮᠫᠠᠨᠢ ᠶᠢᠨ ᠶᠡᠷᠦᠩᠬᠡᠶ | ᠳᠠᠭᠠᠭᠠᠮᠠᠯ | ᠰᠦᠨ ᠵᠢᠶᠠᠨ ᠹᠧᠩ ᠰᠢᠯᠵᠢᠮᠡᠯ ᠬᠤᠯᠪᠣᠭᠠᠨ ᠤ ᠬᠢᠩᠭᠠᠨ ᠠᠶᠢᠮᠠᠭ ᠤᠨ ᠬᠤᠪᠢᠶᠠᠷᠢ ᠺᠣᠮᠫᠠᠨᠢ ᠶᠢᠨ ᠶᠡᠷᠦᠩᠬᠡᠶ | ᠳᠠᠭᠠᠭᠠᠮᠠᠯ | ᠯᠢ ᠶᠠᠨ ᠬᠤᠸᠠ ᠨᠢᠭᠡᠳᠦᠮᠡᠯ ᠬᠤᠯᠪᠣᠭ᠎ᠠ ᠶᠢᠨ ᠬᠢᠩᠭᠠᠨ ᠠᠶᠢᠮᠠᠭ ᠤᠨ ᠬᠤᠪᠢᠶᠠᠷᠢ ᠺᠣᠮᠫᠠᠨᠢ ᠶᠢᠨ ᠶᠡᠷᠦᠩᠬᠡᠶ | ᠳᠠᠭᠠᠭᠠᠮᠠᠯ | ᠯᠢ ᠹᠧᠩ ᠲᠡᠮᠦᠷ ᠰᠤᠪᠤᠷᠭ᠎ᠠ ᠬᠢᠩᠭᠠᠨ ᠠᠶᠢᠮᠠᠭ ᠤᠨ ᠬᠤᠪᠢᠶᠠᠷᠢ ᠺᠣᠮᠫᠠᠨᠢ ᠶᠢᠨ ᠶᠡᠷᠦᠩᠬᠡᠶ ᠳᠠᠭᠠᠭᠠᠮᠠᠯ | ᠵᠧᠤ ᠯᠢᠶᠠᠨ ᠵᠢᠶᠦ᠋ᠨ ᠷᠠᠳᠢᠣ᠋ ᠲᠧᠯᠸᠢᠰ ᠤᠨ ᠰᠦᠯᠵᠢᠶ᠎ᠡ ᠶᠢᠨ ᠬᠢᠩᠭᠠᠨ ᠠᠶᠢᠮᠠᠭ ᠤᠨ ᠬᠤᠪᠢᠶᠠᠷᠢ ᠺᠣᠮᠫᠠᠨᠢ ᠶᠢᠨ | ᠶᠡᠷᠦᠩᠬᠡᠶ ᠳᠠᠭᠠᠭᠠᠮᠠᠯ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ 5G ᠰᠦᠯᠵᠢᠶ᠎ᠡ ᠶᠢᠨ ᠪᠠᠶᠢᠭᠤᠯᠤᠯᠲᠠ ᠶᠢ ᠵᠣᠬᠢᠴᠠᠭᠤᠯᠬᠤ ᠪᠠ | ᠲᠥᠷᠥᠯ ᠵᠦᠢᠯ ᠢ ᠠᠬᠢᠭᠤᠯᠬᠤ ᠠᠵᠢᠯ ᠢ ᠬᠠᠷᠢᠭᠤᠴᠠᠨ᠎ᠠ᠃ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠸᠧᠶ | ᠳ᠋ᠡ ᠶᠦᠩ ᠨᠥᠬᠦᠷ ᠬᠠᠪᠰᠤᠷᠭᠠᠨ ᠬᠠᠷᠢᠭᠤᠴᠠᠵᠤ᠂ ᠠᠯᠪᠠᠨ ᠬᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠯᠢ ᠹᠧᠩ | ᠨᠥᠬᠦᠷ ᠬᠠᠪᠰᠤᠷᠭᠠᠨ ᠬᠠᠷᠢᠭᠤᠴᠠᠨ᠎ᠠ᠃ | |