ᠬᠢᠩᠭᠠᠨ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠠᠴᠢᠮ ᠵᠠᠷᠯᠠᠯ
ᠨᠡᠶᠢᠲᠡᠯᠡᠭᠰᠡᠨ ᠴᠠᠭ᠄
2022/2/16
                                       ︵2022 ᠣᠨ ᠤ 3 ᠳ᠋ᠤᠭᠠᠷ ᠲᠣᠭᠠᠲᠤ︶    2 ᠰᠠᠷ᠎ᠠ ᠶᠢᠨ 15 ᠤ ᠡᠳᠦᠷ᠂ ᠮᠠᠨᠵᠤᠤᠷ ᠬᠤᠲᠠ ᠶᠢᠨ ᠵᠠᠷᠯᠠᠯ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠶᠢᠨ ᠴᠢᠨᠠᠷᠲᠠᠶ 5 ᠬᠥᠮᠦᠨ ᠢ ᠢᠯᠡᠷᠡᠭᠦᠯᠪᠡ᠃ ᠮᠠᠨ ᠤ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠬᠢᠵᠠᠭᠠᠷᠯᠠᠬᠤ ᠪᠠ ᠪᠠᠭᠠᠰᠬᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠃    ᠨᠢᠭᠡ᠂ 2 ᠳ᠋ᠤᠭᠠᠷ ᠰᠠᠷ᠎ᠠ ᠶᠢᠨ 1 ᠤ ᠡᠳᠦᠷ ᠠᠴᠠ ᠨᠠᠰᠢ ᠮᠠᠨᠵᠤᠤᠷ ᠬᠤᠲᠠ᠂ ᠵᠠᠯᠠᠶᠢᠨᠠᠭᠤᠷ ᠲᠣᠭᠤᠷᠢᠭ  ᠲᠤ ᠵᠤᠭᠠᠴᠠᠭᠰᠠᠨ ᠲᠡᠤᠬᠡ ᠲᠠᠢ ︵ᠪᠤᠴᠠᠵᠤ ᠢᠷᠡᠭᠰᠡᠨ︶ ᠮᠠᠨ ᠤ ᠠᠶᠢᠮᠠᠭ ᠤᠨ ᠬᠥᠮᠦᠰ  ᠤᠳᠤᠬᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠴᠠᠭ ᠲᠤᠬᠠᠶ ᠳᠤᠨᠢ ᠮᠡᠳᠡᠭᠦᠯᠦᠨ ᠳᠠᠩᠰᠠᠯᠠᠭᠤᠯᠵᠤ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠨᠠᠶᠢᠳᠠᠪᠤᠷᠢᠵᠢᠭᠤᠯᠬᠤ  ᠬᠡᠷᠡᠭᠲᠡᠢ᠃ ᠨᠢᠭᠤᠵᠤ  ᠮᠡᠳᠡᠭᠦᠯᠬᠦ ᠦᠭᠡᠢ ᠠᠴᠠ ᠪᠤᠯᠵᠤ ᠬᠦᠨᠳᠦ ᠨᠣᠴᠢᠲᠠᠶ ᠨᠦᠯᠦᠭᠡ ᠭᠠᠷᠭᠠᠪᠠᠯ ᠨᠢᠭᠡᠴᠢ ᠪᠠ ᠬᠤᠪᠢ ᠬᠥᠮᠦᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃    ᠬᠤᠶᠠᠷ᠂ ᠥᠷᠭᠡᠨ ᠣᠯᠠᠨ ᠰᠠᠭᠤᠭᠠᠯᠢ ᠠᠷᠠᠳ ᠣᠶᠢᠷ᠎ᠠ ᠶᠢᠨ ᠬᠤᠭᠤᠴᠠᠭᠠᠨ ᠳᠤ ᠵᠠᠪᠠᠯ ᠮᠠᠨᠵᠤᠤᠷ ᠬᠤᠲᠠ᠂ ᠵᠠᠯᠠᠶᠢᠨᠠᠭᠤᠷ ᠲᠣᠭᠤᠷᠢᠭ ᠵᠡᠷᠭᠡ ᠬᠢᠵᠢᠭ ᠲᠤ ᠬᠤᠯᠪᠣᠭᠳᠠᠭᠰᠠᠨ ᠪᠤᠰᠤᠳ ᠭᠠᠵᠠᠷ ᠣᠷᠣᠨ ᠳᠤ ᠣᠴᠢᠬᠤ ᠥᠬᠡᠶ ᠪᠠᠶᠢᠬᠤ ᠬᠡᠷᠡᠭᠲᠡᠶ᠂ ᠬᠡᠷᠪᠡ ᠦᠨᠡᠨ ᠬᠦ ᠣᠴᠢᠬᠤ ᠴᠢᠬᠤᠯᠠᠲᠠᠶ ᠪᠣᠯ ᠬᠤᠪᠢ ᠬᠥᠮᠦᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠣᠶᠢᠷ᠎ᠠ ᠶᠢᠨ ᠬᠤᠭᠤᠴᠠᠭᠠᠨ ᠳᠤ ᠮᠠᠨ ᠤ ᠠᠶᠢᠮᠠᠭ ᠲᠤ ᠪᠤᠴᠠᠵᠤ ᠢᠷᠡᠭᠰᠡᠨ ᠬᠥᠮᠦᠰ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠪᠠᠨ ᠠᠪᠴᠤ᠂ ᠵᠣᠷᠢᠭᠰᠠᠨ ᠭᠠᠵᠠᠷ ᠤᠨ ᠪᠠᠶᠢᠭ᠎ᠠ ᠨᠡᠶᠢᠭᠡᠮ ᠲᠣᠭᠤᠷᠢᠭ ︵ᠲᠣᠰᠬᠤᠨ︶ ᠪᠣᠯᠤᠨ ᠨᠢᠭᠡᠴᠢ ᠳᠤ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃    ᠭᠤᠷᠪᠠ᠂ ᠪᠣᠶ ᠪᠥᠬᠦᠶ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ  ᠂ ᠬᠤᠭᠤᠯᠠᠨ ᠬᠡᠷ᠂ ᠡᠮᠨᠡᠯᠭᠡ ᠶᠢᠨ ᠬᠤᠷᠢᠶ᠎ᠠ᠂ ᠡᠮ ᠤᠨ ᠳᠡᠯᠭᠡᠭᠦᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠺᠢᠨᠣ᠋ ᠶᠢᠨ ᠣᠷᠳᠣᠨ᠂ KTV᠂ ᠪᠡᠶ᠎ᠡ ᠴᠢᠭᠢᠷᠠᠭᠵᠢᠭᠤᠯᠬᠤ ᠬᠡᠷ᠂ ᠤᠮᠪᠠᠯᠲᠠ ᠶᠢᠨ ᠣᠷᠳᠣᠨ᠂ ᠰᠦᠯᠵᠢᠶᠡᠨ ᠤ ᠪᠠᠭᠠᠷ᠂ ᠤᠬᠢᠶᠠᠯᠭ᠎ᠠ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠡᠳᠦᠷ ᠲᠤᠲᠤᠮ ᠤᠨ ᠠᠷᠢᠭᠤᠳᠬᠠᠨ ᠰᠠᠯᠬᠢ ᠨᠡᠪᠲᠡᠷᠡᠭᠦᠯᠬᠦ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃    ᠲᠦᠷᠪᠡ᠂ ᠥᠷᠭᠡᠨ ᠤᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠤᠨ ᠪᠠᠶᠢᠳᠠᠯ ᠢ ᠨᠢᠭᠲᠠ ᠠᠩᠬᠠᠷᠴᠤ᠂ ᠠᠯᠪᠠᠨ ᠤ ᠲᠠᠯ᠎ᠠ ᠶᠢᠨ ᠡᠷᠬᠡ ᠰᠦᠷᠲᠦ ᠨᠡᠶᠢᠲᠡᠯᠡᠯᠲᠡ᠂ ᠭᠤᠣᠯ ᠤᠷᠤᠰᠬᠠᠯ ᠤᠨ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠵᠢᠩᠬᠢᠨᠢ ᠠᠷᠭ᠎ᠠ ᠵᠠᠮ ᠢᠶᠠᠷ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠣᠯᠤᠨ ᠰᠡᠷᠭᠡᠶᠢᠯᠡᠨ ᠡᠵᠡᠮᠳᠡᠬᠦ ᠮᠡᠳᠡᠯᠭᠡ ᠶᠢ ᠣᠶᠢᠯᠠᠭᠠᠵᠤ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ᠂ ᠴᠤᠤᠷᠬᠠᠯ ᠲᠠᠯᠪᠢᠬᠤ ᠦᠭᠡᠢ ᠪᠠᠶᠢᠵᠤ᠂ ᠡᠷᠡᠭᠦᠯ ᠪᠥᠭᠡᠳ ᠢᠳᠡᠪᠬᠢᠲᠡᠢ ᠰᠡᠳᠬᠢᠴᠡ ᠶᠢᠨ ᠪᠠᠶᠢᠳᠠᠯ ᠲᠠᠢ ᠪᠠᠶᠢᠵᠤ᠂ ᠴᠢᠬᠤᠯᠠ ᠪᠤᠰᠤ ᠵᠣᠪᠠᠨᠢᠯ ᠪᠠ ᠭᠡᠯᠮᠡᠭᠳᠡᠯ ᠠᠴᠠ ᠵᠠᠶᠢᠯᠠᠰᠬᠢᠬᠦ  ᠬᠡᠷᠡᠭᠲᠡᠢ᠃    ᠲᠠᠪᠤ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠬᠦ᠂ ᠪᠥᠭᠡᠮᠨᠡᠷᠡᠬᠦ ᠦᠭᠡᠢ᠂ 1 ᠮᠧᠲᠷ ᠠᠴᠠ ᠳᠡᠭᠡᠭᠰᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠵᠤ᠂ ᠬᠥᠮᠦᠨ ᠤᠯᠠᠨ ᠴᠤᠭᠯᠠᠷᠠᠭᠰᠠᠨ᠂ ᠠᠭᠠᠷ ᠨᠡᠪᠲᠡᠷᠡᠬᠦ ᠦᠭᠡᠢ ᠭᠠᠵᠠᠷ ᠲᠤ ᠠᠯᠢ ᠴᠢᠳᠠᠬᠤ ᠪᠠᠷ ᠣᠴᠢᠬᠤ ᠦᠭᠡᠢ ᠪᠤᠶᠤ ᠴᠥᠭᠡᠨ ᠣᠴᠢᠵᠤ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠬᠠᠮᠰᠠᠷ ᠠᠴᠠ ᠪᠠᠨ ᠵᠢᠷᠤᠮᠯᠠᠬᠤ ᠬᠡᠷᠡᠭᠲᠡᠶ᠃    ᠵᠢᠷᠭᠤᠭ᠎ᠠ᠂ ᠬᠡᠷᠪᠡ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠲᠠᠢ ᠪᠠᠶᠢᠪᠠᠯ᠂ ᠣᠶᠢᠷᠠᠯᠴᠠᠭ᠎ᠠ ᠡᠮᠨᠡᠯᠭᠡ ᠶᠢᠨ ᠬᠤᠷᠢᠶᠠᠨ ᠤ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠳᠤ ᠡᠮᠨᠡᠨ ᠵᠠᠰᠠᠬᠤ ᠬᠡᠷᠡᠭᠲᠡᠶ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠠ ᠡᠮᠨᠡᠯᠭᠡ ᠶᠢᠨ ᠭᠠᠵᠠᠷ ᠲᠤ ᠣᠴᠢᠵᠤ ᠡᠮᠨᠡᠭᠦᠯᠵᠦ ᠪᠣᠯᠬᠤ ᠦᠭᠡᠢ᠂ ᠪᠠᠰᠠ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠴᠤ ᠥᠪᠡᠷ ᠢᠶᠠᠨ ᠡᠮᠨᠡᠭᠦᠯᠵᠦ ᠪᠣᠯᠬᠤ ᠦᠭᠡᠢ᠃ ᠡᠪᠡᠳᠴᠢᠨ ᠦᠵᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃    ᠳᠣᠯᠤᠭ᠎ᠠ᠂ ᠨᠥᠬᠦᠴᠡᠯ ᠳᠤ ᠨᠡᠶᠢᠴᠡᠬᠦ ᠪᠣᠯᠪᠠᠴᠤ ᠸᠠᠺᠼᠢᠨ ᠤ ᠲᠠᠷᠢᠯᠭ᠎ᠠ ᠬᠢᠵᠦ ᠳᠠᠭᠤᠰᠤᠭᠠᠳᠤᠶ ᠰᠠᠭᠤᠭᠠᠯᠢ ᠠᠷᠠᠳ ᠸᠠᠺᠼᠢᠨ ᠤ ᠲᠠᠷᠢᠯᠭ᠎ᠠ ᠶᠢᠨ ᠪᠥᠬᠦ ᠶᠠᠪᠤᠴᠠ ᠶᠢ ᠲᠦᠷᠭᠡᠬᠡᠨ ᠪᠡᠶᠡᠯᠡᠭᠦᠯᠵᠦ᠂ ᠪᠥᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠬᠠᠮᠲᠤ ᠪᠠᠷ ᠴᠣᠭᠴᠠᠯᠠᠨ ᠪᠠᠶᠢᠭᠤᠯᠬᠤ ᠬᠡᠷᠡᠭᠲᠡᠶ᠃                                                          2022 ᠣᠨ ᠤ 2 ᠰᠠᠷ᠎ᠠ ᠶᠢᠨ 15
 
ᠢᠷᠡᠯᠲᠡ᠄ ᠮᠠᠨᠵᠤᠤᠷ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号