ᠲᠦᠯ ᠤᠨ ᠮᠠᠶᠢᠯᠠᠭᠠᠨ ᠲᠠᠢ ᠴᠠᠭᠠᠨ ᠰᠠᠷ᠎ᠠ ᠲᠡᠷᠭᠡᠯ ᠠᠮᠢᠳᠤᠷᠠᠯ ᠲᠠᠢ ᠰᠢᠨ᠎ᠡ ᠵᠢᠯ
ᠨᠡᠶᠢᠲᠡᠯᠡᠭᠰᠡᠨ ᠴᠠᠭ᠄
2022/2/18
    ᠬᠦᠳᠡᠭᠡ ᠨᠤᠳᠤᠭ ᠴᠠᠭᠠᠨ ᠰᠠᠷ᠎ᠠ ᠶᠢᠨ ᠪᠠᠶᠠᠷ ᠪᠠᠶᠠᠰᠬᠤᠯᠠᠩᠳᠤ ᠠᠭᠤᠷ ᠠᠮᠢᠰᠬᠤᠯ ᠢᠶᠠᠷ ᠪᠢᠯᠬᠠᠵᠦ᠂ ᠬᠦᠮᠦᠰ  ᠤᠨ ᠨᠢᠭᠤᠷ ᠴᠢᠷᠠᠢ ᠳᠤ ᠵᠤᠯ ᠵᠢᠷᠭᠠᠯ ᠤᠨ ᠮᠦᠰᠢᠶᠡᠳᠦ ᠲᠤᠳᠤᠷᠠᠨ᠎ᠠ᠃  2 ᠰᠠᠷ᠎ᠠ ᠶᠢᠨ3 ᠤ ᠡᠳᠦᠷ᠂ ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ ᠶᠢᠨ ᠪᠠᠶᠠᠨᠬᠤᠰᠢᠭᠤ ᠪᠠᠯᠭᠠᠰᠤᠨ ᠤ ᠬᠠᠨ ᠠᠭᠤᠯᠠ ᠭᠠᠴᠠᠭᠠᠨ ᠤ ᠠᠮᠤᠭᠤᠯᠠᠩ ᠤᠨ ᠬᠢᠨ ᠳᠤ ᠬᠦᠷᠬᠦ ᠳᠤ ᠬᠤᠷᠤᠭ᠎ᠠ ᠲᠦᠭᠦᠷᠡᠩ ᠢᠰᠢᠭᠡ ᠮᠠᠶᠢᠯᠠᠯᠳᠤᠨ᠂ ᠠᠮᠤᠭᠤᠯᠠᠩ ᠭᠡᠷᠭᠡᠢ ᠲᠠᠢ ᠪᠠᠨ ᠢᠮᠠᠭᠠᠨ ᠳᠤ ᠪᠠᠨ ᠡᠪᠡᠳᠦ ᠪᠤᠷᠳᠤᠭ᠎ᠠ ᠬᠠᠶᠠᠵᠦ ᠶᠠᠭᠠᠷᠵᠦ ᠪᠠᠶᠢᠯ᠎ᠠ᠃       ︽ᠤᠳᠤ ᠮᠠᠨ ᠤ ᠬᠢᠨ150 ᠢᠮᠠᠭ᠎ᠠ ᠲᠡᠵᠢᠭᠡᠵᠦ ᠪᠠᠶᠢᠨ᠎ᠠ᠂ ᠡᠨᠡ ᠵᠢᠯ ᠪᠠᠷᠤᠭ ᠲᠠᠪᠢᠭᠠᠳ ᠢᠯᠡᠭᠦᠦ ᠳᠦᠯ ᠲᠤᠰᠬᠤ ᠪᠤᠯᠤᠨ᠎ᠠ  ᠂ ᠯᠠ ᠰᠠᠷ᠎ᠠ ᠶᠢᠨ ᠰᠡᠭᠦᠯᠴᠢ ᠪᠠᠷ ᠡᠬᠢᠯᠡᠵᠦ  ᠲᠦᠯᠯᠡᠵᠦ ᠨᠢᠭᠡᠨᠳᠡ30 ᠭᠠᠷᠤᠢ ᠢᠰᠢᠭᠡ ᠲᠤᠰᠴᠢᠬᠠᠵᠠᠢ᠃ ᠡᠨᠡ ᠵᠢᠯ ᠤᠨ ᠴᠠᠭᠠᠨ ᠰᠠᠷ᠎ᠠ ᠶᠢ ᠶᠡᠭᠡ ᠯᠡ ᠶᠠᠭᠠᠷᠠᠤ ᠦᠩᠭᠡᠷᠡᠭᠦᠯᠤᠨ᠎ᠡ ᠳ᠋ᠠ︾ ᠭᠡᠵᠦ ᠠᠮᠤᠭᠤᠯᠠᠩ ᠪᠠᠶᠠᠷᠯᠠᠨ ᠬᠡᠯᠡᠵᠦ ᠪᠠᠶᠢᠯ᠎ᠠ᠃   ᠲᠤᠮᠳᠠᠳᠤ ᠬᠤᠰᠢᠭᠤᠨ ᠤ ᠬᠢᠨ ᠬᠤᠨᠢ ᠢᠮᠠᠭ᠎ᠠ ᠶᠢ ᠲᠤᠷ᠎ᠠ ᠪᠠᠷ ᠪᠡᠯᠴᠢᠭᠡᠷᠯᠡᠬᠦ ᠶᠢ ᠵᠢᠯ ᠪᠦᠷᠢ ᠬᠡᠳᠦᠨ ᠰᠠᠷ᠎ᠠ ᠪᠠᠷ ᠴᠠᠭᠠᠵᠠᠯᠠᠵᠦ ᠪᠠᠶᠢᠬᠤ ᠪᠤᠯᠬᠤᠷ ᠠᠮᠤᠭᠤᠯᠠᠩ ᠤᠨ ᠬᠢᠨ ᠢᠮᠠᠭ᠎ᠠ ᠶᠢ ᠲᠤᠭ᠎ᠠ ᠬᠡᠮᠵᠢᠶ᠎ᠡ ᠲᠠᠢ ᠲᠡᠵᠢᠭᠡᠵᠦ ᠠᠮᠢ ᠠᠬᠤᠢ  ᠶᠢᠨ ᠵᠤᠬᠢᠴᠠᠯ ᠢ ᠪᠠᠳᠤᠯᠠᠵᠦ ᠪᠤᠢ᠃ ᠲᠡᠷᠡ ᠪᠠᠰᠠ ᠲᠠᠷᠢᠶ᠎ᠠ ᠲᠦᠷᠢᠶᠡᠰᠦᠯᠡᠵᠦ ᠬᠤᠪᠢᠨ ᠤ ᠲᠠᠢ ᠪᠠᠨ ᠨᠡᠶᠢᠳᠡ100 ᠭᠠᠷᠤᠢ ᠮᠤ᠋ ᠡᠷᠳᠡᠨᠢ ᠰᠢᠰᠢ ᠲᠠᠷᠢᠵᠦ᠂ ᠲᠠᠷᠢᠶᠠᠨ ᠤ ᠡᠰᠢ ᠰᠦᠷᠡᠯ ᠢᠶᠠᠷ ᠢᠶᠠᠨ ᠢᠮᠠᠭ᠎ᠠ ᠪᠠᠨ ᠲᠡᠵᠢᠭᠡᠵᠦ ᠪᠠᠶᠢᠨ᠎ᠠ᠃ ᠲᠡᠷᠡ ᠢᠮᠡᠭᠠᠨ ᠤ ᠲᠤᠭ᠎ᠠ ᠲᠤᠯᠤᠭᠠᠢ ᠶᠢ ᠭᠤᠴᠢ ᠲᠦᠴᠢᠨ ᠢᠮᠠᠭ᠎ᠠ ᠬᠤᠳᠠᠯᠳᠤᠵᠦ᠂ ᠢᠮᠠᠭᠠᠨ ᠨᠤᠤᠯᠤᠭᠤᠷ᠂ ᠲᠠᠷᠢᠶ᠎ᠠ ᠲᠦᠮᠦᠰᠦ ᠶᠢᠨ ᠤᠷᠤᠯᠭ᠎ᠠ ᠶᠢ ᠪᠠᠭ᠎ᠠ ᠪᠤᠰᠤ ᠬᠤᠷᠢᠶᠠᠵᠦ᠂ ᠴᠢᠨᠠᠭᠡᠯᠢᠭ ᠠᠮᠢᠳᠤᠷᠠᠯ ᠲᠠᠢ ᠪᠤᠯᠤᠭᠰᠠᠨ ᠪᠠᠶᠢᠨ᠎ᠠ  ᠡᠭᠡᠯ ᠵᠢᠷ ᠤᠨ ᠲᠠᠷᠢᠶᠠᠴᠢᠨ ᠠᠶᠢᠯ ᠤᠨ ᠬᠢᠨ ᠮᠠᠯ ᠲᠠᠷᠢᠶᠠᠯᠠᠩ ᠢ ᠤᠶᠠᠯᠳᠤᠭᠠᠯᠵᠦ᠂ ᠤᠶᠤᠨ ᠤᠬᠠᠭᠠᠨ ᠠᠵᠢᠯᠴᠢ ᠭᠠᠷ ᠲᠤ ᠪᠠᠨ ᠲᠦᠰᠢᠭᠯᠡᠨ ᠰᠢᠨᠵᠡᠯᠡᠬᠦ ᠤᠬᠠᠭᠠᠨᠴᠢ ᠪᠠᠷ ᠮᠠᠯᠵᠢᠵᠦ ᠲᠠᠷᠢᠶᠠᠯᠠᠭᠠᠳ ᠰᠢᠨ᠎ᠡ ᠴᠠᠭ ᠤᠨ ᠰᠠᠶᠢᠬᠠᠨ ᠠᠮᠢᠳᠤᠷᠠᠯ ᠢ  ᠡᠳ᠋ᠯᠡᠵᠦ ᠪᠠᠶᠢᠨᠠᠮ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号