ᠪᠠᠶᠠᠨᠭᠤᠣᠯ ᠪᠠᠯᠭᠠᠰᠤ ᠶᠢᠨ ᠪᠠᠶᠠᠨ ᠨᠡᠶᠢᠭᠡᠮ ᠲᠣᠭᠤᠷᠢᠭ᠄ ᠪᠣᠯᠪᠠᠰᠤᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠵᠤ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2022/2/21
   ᠤᠢᠢᠷ᠎ᠠ ᠶᠢᠨ ᠵᠢᠯ ᠠᠴᠠ ᠨᠠᠰᠢ᠂ ᠵᠠᠯᠠᠶᠢᠳ ᠬᠤᠰᠢᠭᠤᠨ ᠤ ᠪᠠᠶᠠᠨᠭᠤᠣᠯ ᠪᠠᠯᠭᠠᠰᠤ ᠶᠢᠨ ᠪᠠᠶᠠᠨ ᠨᠡᠶᠢᠭᠡᠮ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠭᠤᠷᠢ ᠲᠥᠬᠦᠭᠡᠷᠦᠮᠵᠢ ᠶᠢ ᠴᠣᠭᠴᠠᠯᠠᠬᠤ᠂ ᠰᠠᠶᠢᠨ ᠳᠤᠷ᠎ᠠ ᠶᠢᠨ ᠦᠢᠯᠡᠴᠢᠯᠡᠭᠡ᠂ ᠤᠳᠬ᠎ᠠ ᠤᠷᠠᠯᠢᠭ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠵᠡᠷᠭᠡ ᠶᠢ ᠥᠷᠨᠢᠭᠦᠯᠬᠦ ᠪᠠᠷ ᠳᠠᠮᠵᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠪᠣᠯᠪᠠᠰᠤᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠠᠬᠢᠭᠤᠯᠵᠤ᠂ ᠰᠠᠭᠤᠭᠠᠯᠢ ᠠᠷᠠᠳ ᠤᠨ ᠤᠶᠤᠨ ᠤ ᠪᠣᠯᠪᠠᠰᠤᠨ ᠪᠠ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠵᠡᠢ᠃ ᠪᠠᠬᠢᠯᠡᠯᠳᠡ ᠶᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠵᠢᠷᠤᠮᠵᠢᠭᠰᠠᠨ ᠬᠡᠯᠪᠡᠷᠢ ᠶᠢᠨ ᠨᠡᠶᠢᠭᠡᠮ ᠲᠣᠭᠤᠷᠢᠭ ᠢ ᠪᠠᠶᠢᠭᠤᠯᠵᠤ ᠪᠠᠶᠢᠨ᠎ᠠ᠃ ᠪᠠᠶᠠᠨ ᠨᠡᠶᠢᠭᠡᠮ ᠲᠣᠭᠤᠷᠢᠭ ᠤᠨ ᠬᠢᠨ ᠰᠠᠭᠤᠷᠢ ᠲᠥᠬᠦᠭᠡᠷᠦᠮᠵᠢ ᠶᠢ ᠴᠣᠭᠴᠠᠯᠠᠨ ᠪᠠᠶᠢᠭᠤᠯᠬᠤ ᠶᠢ ᠠᠷᠠᠳ ᠲᠦᠮᠡᠨ ᠳᠤ ᠦᠢᠯᠡᠴᠢᠯᠡᠬᠦ ᠶᠢᠨ ᠰᠠᠭᠤᠷᠢ ᠪᠣᠯᠭᠠᠬᠤ ᠶᠢ ᠪᠠᠷᠢᠮᠲᠠᠯᠠᠪᠠ᠃ 2021 ᠣᠨ ᠠᠴᠠ ᠨᠠᠰᠢ 20 ᠮᠧᠳ᠋ᠷ ᠤᠨ ᠨᠠᠮ ᠤᠨ ᠪᠠᠶᠢᠭᠤᠯᠤᠯᠲᠠ ᠶᠢᠨ ᠤᠷᠳᠤ ᠬᠤᠩᠭᠢᠯ᠂ ᠤᠯᠤᠰ ᠤᠨ ᠲᠤᠭ ᠤᠨ ᠲᠠᠪᠴᠠᠩ ᠢ ᠰᠢᠨ᠎ᠡ ᠪᠠᠷ ᠪᠠᠶᠢᠭᠤᠯᠤᠭᠰᠠᠨ ᠪᠥᠭᠡᠳ ᠠᠯᠪᠠᠯᠠᠬᠤ ᠭᠠᠵᠠᠷ ᠢ ᠰᠢᠨ᠎ᠡ ᠪᠠᠷ ᠲᠥᠯᠥᠪᠵᠢᠭᠦᠯᠵᠦ᠂ ᠡᠳᠦᠷ ᠲᠤᠳᠤᠮ ᠤᠨ ᠠᠯᠪᠠᠯᠠᠬᠤ ᠲᠣᠭᠤᠷᠢᠭ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ᠂ ᠨᠠᠮ ᠤᠨ ᠪᠠᠶᠢᠭᠤᠯᠤᠯᠲᠠ ᠶᠢᠨ ᠠᠵᠢᠯᠯᠠᠭᠠᠨ ᠤ ᠲᠣᠭᠤᠷᠢᠭ᠂ ᠤᠬᠠᠭᠤᠯᠭ᠎ᠠ ᠬᠥᠮᠦᠵᠢᠯ ᠤᠨ ᠲᠣᠭᠤᠷᠢᠭ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠲᠣᠭᠤᠷᠢᠭ ᠵᠡᠷᠭᠡ ᠲᠠᠪᠤᠨ ᠶᠡᠭᠡ ᠴᠢᠳᠠᠮᠵᠢᠳᠤ ᠣᠷᠣᠨ ᠢ ᠪᠠᠶᠢᠭᠤᠯᠵᠤ᠂ ᠲᠠᠯᠠᠪᠤᠷ ᠭᠠᠵᠠᠷ ᠲᠤ ᠲᠥᠬᠦᠭᠡᠷᠦᠮᠵᠢ ᠲᠠᠢ᠂ ᠪᠡᠯᠭᠡ ᠳᠡᠮᠳᠡᠭ ᠲᠠᠢ᠂ ᠲᠦᠷᠢᠮ ᠲᠠᠢ ᠪᠠᠶᠢᠬᠤ ᠪᠠᠷᠢᠮᠵᠢᠶᠠᠵᠢᠭᠤᠯᠤᠯᠲᠠ ᠶᠢᠨ ᠱᠠᠭᠠᠷᠳᠠᠯᠭ᠎ᠠ ᠳᠤ ᠬᠦᠷᠴᠡᠢ᠃ ᠨᠠᠮ ᠣᠯᠠᠨ ᠲᠦᠮᠡᠨ ᠤ ᠠᠵᠢᠯ ᠤᠨ ᠤᠶᠢᠯᠡᠴᠢᠯᠡᠭᠡᠨ ᠤ ᠲᠥᠪ ᠤᠨ ᠦᠨᠳᠦᠰᠦᠨ ᠲᠥᠬᠦᠭᠡᠷᠦᠮᠵᠢ ᠶᠢ ᠪᠦᠬᠦᠯᠢ ᠴᠣᠭᠴᠠ ᠪᠠᠷ ᠨᠢ ᠰᠠᠶᠢᠵᠢᠷᠠᠭᠤᠯᠤᠭᠰᠠᠨ ᠢᠶᠠᠷ ᠰᠠᠭᠤᠭᠠᠯᠢ ᠠᠷᠠᠳ ᠲᠤ ᠨᠠᠩ ᠰᠠᠶᠢᠨ ᠲᠥᠬᠦᠮ ᠦᠵᠡᠭᠦᠯᠵᠦ᠂ ᠨᠠᠩ ᠴᠤ ᠠᠵᠢᠯ ᠤᠨ ᠠᠭᠤᠷ ᠠᠮᠢᠰᠬᠤᠯ ᠢ ᠪᠣᠶ ᠪᠣᠯᠭᠠᠪᠠ᠃    ᠰᠡᠳᠬᠢᠯ ᠤᠨ ᠦᠭᠡ ᠪᠠᠨ ᠶᠠᠷᠢᠯᠴᠠᠵᠤ᠂ ᠰᠢᠲᠠᠷ᠎ᠠ ᠲᠠᠯᠪᠢᠵᠤ ᠬᠥᠵᠥᠷ ᠲᠣᠭᠯᠠᠵᠤ᠂ ᠨᠣᠮ ᠤᠩᠰᠢᠵᠤ ᠰᠣᠨᠢᠨ ᠦᠵᠡᠨ᠎ᠡ ᠁᠃ ᠨᠠᠰᠤᠲᠠᠶᠢᠴᠤᠳ ᠤᠨ ᠬᠥᠳᠡᠯᠭᠡᠭᠡᠨ ᠤ ᠥᠷᠥᠭᠡ ᠶᠢ ᠡᠳᠦᠷ ᠪᠦᠷᠢ ᠰᠠᠭᠤᠭᠠᠯᠢ ᠠᠷᠠᠳ ᠲᠤ ᠨᠡᠭᠡᠭᠡᠨ ᠥᠭᠴᠦ᠂ ᠥᠲᠡᠯᠪᠡᠯ ᠠᠰᠠᠷᠠᠮᠵᠢ ᠲᠠᠢ᠂ ᠥᠲᠡᠯᠪᠡᠯ ᠪᠠᠶᠠᠷ ᠴᠡᠩᠭᠡᠯ ᠲᠠᠢ ᠪᠠᠶᠢᠯᠭᠠᠬᠤ ᠶᠢ ᠦᠨᠡᠨ ᠬᠦ ᠪᠡᠶᠡᠯᠡᠭᠦᠯᠵᠡᠶ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠥᠷᠲᠡᠭᠡ ᠳᠤ ᠲᠦᠰᠢᠭᠯᠡᠨ᠂ ᠪᠣᠯᠪᠠᠰᠤᠨ ᠤ ᠤᠶᠢᠯᠡᠳᠤᠯᠭᠡ ᠶᠢᠨ ᠠᠵᠢᠯᠯᠠᠭ᠎ᠠ ᠶᠢ ᠰᠠᠶᠢᠨ ᠳᠤᠷ᠎ᠠ ᠶᠢᠨ ᠤᠶᠢᠯᠡᠴᠢᠯᠡᠭᠡ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠵᠡᠷᠭᠡ ᠲᠠᠢ ᠠᠭᠤᠰᠤᠯᠴᠠᠭᠤᠯᠤᠨ᠂ ᠬᠡᠷ ᠳᠣᠲᠣᠷᠠᠬᠢ ᠪᠠ ᠬᠡᠷ ᠤᠨ ᠭᠠᠳᠠᠨᠠᠬᠢ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠰᠠᠭᠤᠭᠠᠯᠢ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠵᠤ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠠᠢ᠃ ᠡᠶ᠎ᠡ ᠨᠠᠶᠢᠷᠠᠮᠳᠠᠭᠤ ᠠᠭᠤᠷ ᠠᠮᠢᠰᠬᠤᠯ ᠢ ᠪᠤᠢ ᠪᠣᠯᠭᠠᠵᠤ᠂ ᠪᠣᠯᠪᠠᠰᠤᠨ ᠨᠡᠶᠢᠭᠡᠮ ᠲᠣᠭᠤᠷᠢᠭ ᠢ ᠪᠠᠶᠢᠭᠤᠯᠵᠤ ᠪᠠᠶᠢᠨ᠎ᠠ᠃ ︽ᠪᠠᠶᠠᠨ ᠬᠦᠴᠦᠷᠬᠡᠭ᠂ ᠠᠷᠠᠳᠴᠢᠯᠠᠯ ᠲᠠᠢ᠂ ᠪᠣᠯᠪᠠᠰᠤᠨ᠂ ᠡᠶ᠎ᠡ ᠨᠠᠶᠢᠷᠠᠮᠳᠠᠭᠤ᠂ ᠡᠷᠬᠡ ᠴᠢᠯᠥᠭᠡ ᠲᠠᠢ᠂ ᠡᠷᠬᠡ ᠲᠡᠭᠰᠢ᠂ ᠲᠥᠪ ᠭᠤᠤᠯᠴᠢ᠂ ᠬᠠᠤᠯᠢ ᠪᠠᠷ ᠵᠠᠰᠠᠬᠤ᠂ ᠤᠯᠤᠰ ᠢᠶᠠᠨ ᠬᠠᠶᠢᠷᠠᠯᠠᠬᠤ᠂ ᠤᠶᠢᠯᠡᠰ ᠢᠶᠠᠨ ᠳᠡᠭᠡᠳᠦᠯᠡᠬᠦ᠂ ᠦᠨᠡᠨᠴᠢ ᠢᠲᠡᠭᠡᠮᠵᠢᠲᠡᠶ᠂ ᠨᠥᠬᠦᠷᠰᠡᠭ ᠨᠠᠶᠢᠷᠲᠠᠶ︾ ᠪᠠᠶᠢᠬᠤ ᠶᠢᠨ ᠤᠳᠬ᠎ᠠ ᠠᠭᠤᠯᠭ᠎ᠠ ᠶᠢ ᠪᠡᠶᠡᠨ ᠨᠡᠶᠢᠭᠡᠮ ᠲᠣᠭᠤᠷᠢᠭ ᠲᠤ ᠬᠦᠷᠤᠭᠡᠳ ᠰᠠᠶ᠋ᠢ ᠰᠡᠳᠭᠢᠯ ᠢᠶᠠᠷ ᠢᠶᠠᠨ ᠮᠡᠳᠡᠷᠡᠵᠠᠢ᠃ ᠥᠩᠭᠡᠷᠡᠭᠰᠡᠨ ᠤ ᠲᠠᠩ ᠭᠠᠭᠴᠠ ᠤᠷᠢᠶ᠎ᠠ ᠯᠣᠽᠦ᠋ᠩ ᠤᠨ ᠤᠬᠠᠭᠤᠯᠭ᠎ᠠ ᠶᠢᠨ ᠬᠡᠯᠪᠡᠷᠢ ᠲᠠᠢ ᠠᠳᠠᠯᠢ ᠥᠬᠡᠶ᠂ ᠪᠠᠶᠠᠨ ᠨᠡᠶᠢᠭᠡᠮ ᠲᠣᠭᠤᠷᠢᠭ ᠤᠨ ᠬᠢᠨ ᠪᠦᠲᠦᠭᠡᠯᠴᠢ ᠵᠠᠷ ᠮᠡᠳᠡᠭᠡᠨ ᠤ ᠬᠡᠯᠪᠡᠷᠢ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠬᠡᠷᠡᠭᠯᠡᠵᠦ᠂ ᠬᠡᠷᠡᠯ ᠰᠠᠴᠤᠷᠠᠩᠭᠤᠶ ᠥᠩᠭᠡ ᠪᠤᠳᠤᠭ ᠪᠠ ᠠᠮᠢᠳᠤᠯᠢᠭ ᠵᠢᠷᠤᠭ ᠢᠶᠠᠷ ᠨᠡᠶᠢᠭᠡᠮ ᠵᠢᠷᠤᠮ ᠤᠨ ᠭᠤᠤᠯᠯᠠᠬᠴᠢ ᠥᠷᠲᠡᠭ ᠤᠨ ᠦᠵᠡᠯᠲᠡ᠂ ᠬᠡᠷ ᠤᠨ ᠰᠤᠷᠲᠠᠯ ᠬᠡᠷ ᠤᠨ ᠰᠤᠷᠭᠠᠯ᠂ ᠨᠠᠮ ᠤᠨ ᠲᠡᠤᠬᠡ ᠶᠢ ᠰᠤᠷᠤᠯᠴᠠᠬᠤ ᠵᠡᠷᠭᠡ ᠠᠭᠤᠯᠭ᠎ᠠ ᠶᠢ ᠨᠠᠮ ᠤᠨ ᠪᠠᠶᠢᠭᠤᠯᠤᠯᠲᠠ ᠶᠢᠨ ᠣᠷᠳᠣ ᠬᠤᠩᠭᠢᠯ ᠳᠤ ᠪᠡᠶᠡᠲᠦ ᠴᠣᠭᠴᠠ ᠪᠠᠷ ᠳᠡᠯᠭᠡᠨ ᠦᠵᠡᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠩᠬᠠᠷᠤᠯ ᠢ ᠲᠠᠲᠠᠭᠰᠠᠨ ᠪᠠᠶᠢᠨ᠎ᠠ᠃ ᠪᠠᠶᠠᠨ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠤ ᠬᠡᠯᠡᠬᠦ ᠪᠠᠷ᠄ ︽ᠪᠠᠶᠠᠨ ᠨᠡᠶᠢᠭᠡᠮ ᠲᠣᠭᠤᠷᠢᠭ ᠤᠨ ᠵᠣᠯ ᠵᠢᠷᠭᠠᠯ ᠤᠨ ᠶᠡᠭᠡ ᠬᠦᠷᠢᠶᠡᠨ ᠤ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠡᠷᠦᠬᠡ ᠨᠢ ᠨᠠᠰᠤᠲᠠᠶᠢᠴᠤᠳ᠂ ᠵᠡᠮᠳᠡᠭᠴᠦᠳ ᠢᠶᠠᠷ ᠭᠤᠤᠯ ᠪᠣᠯᠭᠠᠵᠤ᠂ ᠰᠠᠭᠤᠭᠠᠯᠢ ᠠᠷᠠᠳ ᠤᠨ ᠠᠩᠬᠠᠷᠤᠯ ᠢ ᠬᠡᠷᠬᠢᠨ ᠨᠠᠩ ᠢᠯᠡᠭᠦᠤ ᠲᠠᠲᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠪᠣᠯᠪᠠᠰᠤᠨ ᠠᠭᠤᠷ ᠠᠮᠢᠰᠬᠤᠯ ᠢ ᠨᠠᠩ ᠥᠪᠡᠷᠮᠢᠴᠡ ᠣᠨᠴᠠᠯᠢᠭ ᠲᠠᠢ ᠪᠣᠶ ᠪᠣᠯᠭᠠᠬᠤ ᠨᠢ ᠨᠡᠶᠢᠭᠡᠮ ᠲᠣᠭᠤᠷᠢᠭ ᠤᠨ ᠴᠢᠬᠤᠯᠠ ᠰᠡᠳᠦᠪ ᠤᠨ ᠨᠢᠭᠡ ᠨᠢ ᠪᠣᠯᠵᠠᠶ᠂ ᠡᠶᠢᠮᠦᠷᠬᠦ ᠠᠷᠭ᠎ᠠ ᠪᠠᠷ ᠳᠠᠮᠵᠢᠭᠤᠯᠤᠨ ᠰᠠᠭᠤᠭᠠᠯᠢ ᠠᠷᠠᠳ ᠢ ᠮᠡᠳᠡᠭᠳᠡᠬᠦ ᠦᠭᠡᠢ ᠪᠠᠷ ᠨᠥᠯᠥᠭᠡᠯᠡᠵᠦ᠂ ᠣᠯᠠᠨ ᠢᠶᠠᠷ ᠢᠶᠠᠨ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠥᠪᠡᠷ ᠤᠨ ᠤᠶᠢᠯᠡ ᠠᠵᠢᠯᠯᠠᠭ᠎ᠠ ᠪᠠᠨ ᠵᠢᠷᠤᠮᠵᠢᠭᠤᠯᠵᠤ᠂ ᠪᠣᠯᠪᠠᠰᠤᠨ ᠬᠡᠪ ᠰᠤᠷᠲᠠᠯ ᠢ ᠪᠣᠶ ᠪᠣᠯᠭᠠᠬᠤ ᠶᠢ ᠬᠦᠰᠡᠵᠦ ᠪᠠᠶᠢᠨ᠎ᠠ︾ ᠭᠡᠵᠡᠶ᠃    ᠰᠠᠶᠢᠨ ᠳᠤᠷ᠎ᠠ ᠠᠴᠠ ᠪᠠᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠦᠢᠯᠡᠴᠢᠯᠡᠭᠡᠨ ᠤ ᠬᠡᠯᠪᠡᠷᠢ ᠶᠢᠨ ᠨᠡᠶᠢᠭᠡᠮ ᠲᠣᠭᠤᠷᠢᠭ ᠢ ᠪᠠᠶᠢᠭᠤᠯᠵᠤ ᠪᠠᠶᠢᠨ᠎ᠠ᠃ ᠪᠠᠶᠠᠨ ᠨᠡᠶᠢᠭᠡᠮ ᠲᠣᠭᠤᠷᠢᠭ ᠤᠨ ᠬᠢᠨ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠶᠢ ᠪᠣᠯᠪᠠᠰᠤᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢᠨ ᠭᠠᠷᠳᠠᠴᠠ ᠪᠣᠯᠭᠠᠵᠤ᠂ ᠵᠣᠯ ᠵᠢᠷᠭᠠᠯᠲᠤ ᠭᠡᠷ ᠣᠷᠣᠨ ᠤ ᠰᠠᠭᠤᠭᠠᠯᠢ ᠠᠷᠠᠳ ᠲᠤ ᠬᠠᠨᠳᠤᠭᠤᠯᠤᠭᠰᠠᠨ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠶᠡᠬᠡᠪᠡᠷ ᠥᠷᠨᠢᠭᠦᠯᠵᠦ᠂ ᠦᠢᠯᠡᠴᠢᠯᠡᠭᠡᠨ ᠤ ᠲᠠᠯ᠎ᠠ ᠪᠠᠷ ᠨᠡᠮᠡᠯᠲᠡ ᠦᠢᠯᠡᠳᠦᠯ ᠦᠵᠡᠭᠦᠯᠬᠦ ᠪᠠᠷ ᠴᠢᠷᠮᠠᠶᠢᠵᠤ ᠪᠠᠶᠢᠨ᠎ᠠ᠃ 2021 ᠣᠨ ᠤ ᠡᠬᠢᠨ ᠳᠤ᠂ ᠵᠣᠯ ᠵᠢᠷᠭᠠᠯᠲᠤ ᠭᠡᠷ ᠣᠷᠣᠨ ᠤ ᠬᠥᠮᠦᠨ ᠠᠮᠠ ᠶᠢᠨ ᠨᠠᠰᠤᠵᠢᠯᠲᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠱᠠᠭᠠᠷᠳᠠᠯᠭ᠎ᠠ ᠶᠣᠰᠣᠭᠠᠷ᠂ ᠶᠡᠭᠡ ᠬᠦᠷᠢᠶᠡᠯᠡᠩ ᠳᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠣᠷᠣᠨ ᠢ ᠪᠠᠶᠢᠭᠤᠯᠵᠤ᠂ ᠡᠮᠴᠢᠯᠡᠭᠡᠨ ᠤ ᠲᠥᠬᠦᠭᠡᠷᠦᠮᠵᠢ ᠪᠠ ᠡᠮᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠠᠶᠠᠨᠭᠤᠤᠯ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠲᠤᠰᠬᠠᠶ ᠮᠡᠷᠭᠡᠵᠢᠯ ᠤᠨ ᠡᠮᠴᠢ ᠰᠤᠪᠢᠯᠠᠭᠴᠢ ᠲᠣᠮᠢᠯᠠᠵᠤ᠂ ᠵᠢᠯ ᠲᠤᠷᠰᠢ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠳᠤ ᠰᠠᠭᠤᠯᠭᠠᠨ ᠡᠮᠨᠡᠭᠦᠯᠵᠦ᠂ ᠶᠡᠭᠡ ᠡᠮᠨᠡᠯᠭᠡ ᠶᠢᠨ ᠬᠤᠷᠢᠶᠠᠨ ᠤ ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠲᠦᠢᠯ ᠤᠨ ᠶᠡᠭᠡ ᠪᠠᠷ ᠪᠠᠲᠤᠯᠠᠵᠤ᠂ ᠪᠥᠬᠦ ᠵᠢᠯ ᠳᠤ ᠨᠡᠶᠢᠲᠡ 197 ᠡᠷᠦᠬᠡ ᠶᠢᠨ 354 ᠬᠥᠮᠦᠨ ᠳᠤ ᠠᠯᠪᠠᠨ ᠵᠢᠷᠤᠮ ᠤᠨ ᠡᠮᠴᠢᠯᠡᠭᠡᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃    ᠡᠭᠦᠨ ᠤ ᠬᠠᠮᠲᠤ᠂ ᠨᠠᠮ ᠤᠨ ᠭᠡᠰᠢᠭᠦᠨ ᠲᠦᠷᠦᠬᠦᠯᠡᠨ ᠣᠷᠣᠨ ᠨᠤᠲᠤᠭ ᠤᠨ ᠴᠢᠳᠠᠪᠤᠷᠢᠲᠠᠨ ᠢ ᠤᠷᠤᠭᠤᠯᠵᠤ ᠠᠪᠴᠢᠷᠠᠬᠤ ᠲᠥᠪ ᠤᠨ ᠰᠢᠯᠢᠳᠡᠭ ᠰᠤᠷᠤᠭᠴᠢᠳ ᠢ ᠳᠠᠭᠠᠭᠤᠯᠤᠨ ᠡᠯᠰᠡᠵᠦ᠂ 2 ᠰᠦᠯᠵᠢᠶ᠎ᠡ ᠶᠢ ᠪᠠᠶᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠥᠷᠲᠡᠭᠡ ᠳᠤ ᠲᠦᠰᠢᠭᠯᠡᠨ 5 ᠰᠠᠶᠢᠨ ᠳᠤᠷ᠎ᠠ ᠶᠢᠨ ᠤᠶᠢᠯᠡᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠰᠦᠯᠵᠢᠶ᠎ᠡ ᠪᠠᠷ ᠰᠠᠭᠤᠷᠢ ᠪᠣᠯᠭᠠᠨ ᠰᠠᠭᠤᠭᠠᠯᠢ ᠠᠷᠠᠳ ᠤᠨ ᠬᠡᠷ ᠲᠤ ᠭᠦᠨᠵᠡᠭᠡᠶᠢᠷᠡᠨ ᠰᠤᠷᠠᠭ ᠵᠠᠩᠭᠢ ᠪᠠᠷ ᠦᠨᠳᠦᠰᠦᠨ ᠵᠦᠢᠯ ᠢ ᠪᠠᠲᠤᠯᠠᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠬᠦ᠂ ᠰᠠᠶᠢᠨ ᠳᠤᠷ᠎ᠠ ᠶᠢᠨ ᠬᠠᠪᠰᠤᠷᠤᠨ ᠲᠡᠳᠬᠦᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠬᠦ ᠵᠡᠷᠭᠡ ᠠᠵᠢᠯ ᠢ ᠬᠢᠭᠰᠡᠨ ᠪᠠᠶᠢᠨ᠎ᠠ᠃ ᠡᠭᠦᠨ ᠤ ᠬᠠᠮᠲᠤ ᠰᠠᠭᠤᠭᠠᠯᠢ ᠠᠷᠠᠳ ᠤᠨ ᠠᠮᠢᠳᠤᠷᠠᠯ ᠤᠨ ᠬᠦᠴᠢᠷᠳᠡᠯ ᠢ ᠴᠠᠭ ᠲᠤᠬᠠᠶ ᠳᠤᠨᠢ ᠣᠶᠢᠯᠠᠭᠠᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ᠂ ᠪᠠᠭ᠎ᠠ ᠶᠠᠪᠤᠳᠠᠯ ᠢ ᠲᠤᠬᠠᠶ ᠶᠢᠨ ᠲᠠᠯᠠᠪᠤᠷ ᠲᠤᠨᠢ ᠰᠢᠢᠳᠪᠤᠷᠢᠯᠡᠵᠤ᠂ ᠶᠡᠭᠡ ᠶᠠᠪᠤᠳᠠᠯ ᠢ ᠳᠡᠭᠡᠭᠰᠢ ᠮᠡᠳᠡᠭᠦᠯᠵᠦ ᠵᠥᠪᠳᠡᠯᠴᠡᠨ ᠰᠢᠢᠳᠪᠤᠷᠢᠯᠡᠭᠡᠳ᠂ ᠡᠷᠤᠭᠡ ᠪᠠᠷ ᠭᠦᠨᠵᠡᠬᠡᠶᠢᠷᠡᠬᠦ ᠶᠠᠪᠤᠴᠠ ᠳᠤ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠵᠤᠵᠠᠭᠠᠳᠬᠠᠵᠤ᠂ ︽ᠶᠡᠭᠡ ᠬᠦᠷᠢᠶᠡᠯᠡᠩ ᠪᠣᠯ ᠮᠢᠨᠦ ᠭᠡᠷ ᠪᠢᠳᠡ ᠪᠤᠯ ᠨᠢᠭᠡ ᠭᠡᠷ ᠮᠥᠨ︾ ᠭᠡᠬᠦ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠣᠶᠢᠯᠠᠭᠠᠭᠳᠠᠬᠤᠨ ᠢ ᠦᠨᠡᠨ ᠬᠦ ᠪᠡᠶᠡᠯᠡᠭᠦᠯᠵᠡᠶ᠃    ᠰᠣᠶᠣᠯ ᠲᠠᠮᠢᠷ ᠤᠨ ᠠᠵᠢᠯᠯᠠᠭ᠎ᠠ ᠶᠢ ᠪᠠᠶᠠᠯᠢᠭᠵᠢᠭᠤᠯᠵᠤ᠂ ᠠᠮᠢᠵᠢᠷᠠᠯ ᠤᠨ ᠬᠦᠴᠦᠨ ᠲᠠᠢ ᠨᠡᠶᠢᠭᠡᠮ ᠲᠣᠭᠤᠷᠢᠭ ᠢ ᠪᠠᠶᠢᠭᠤᠯᠵᠤ ᠪᠠᠶᠢᠨ᠎ᠠ᠃ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠳᠤᠮᠳᠠ᠂ ᠪᠠᠶᠠᠨ ᠨᠡᠶᠢᠭᠡᠮ ᠲᠣᠭᠤᠷᠢᠭ ᠤᠨ ᠬᠢᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠪᠠᠶᠠᠯᠢᠭᠵᠢᠭᠤᠯᠬᠤ ᠪᠠ ᠤᠯᠠᠨ ᠬᠡᠯᠪᠡᠷᠢ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠲᠠᠰᠤᠷᠠᠯᠳᠡ ᠦᠭᠡᠢ ᠬᠠᠩᠭᠠᠪᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠨᠡᠶᠢᠭᠡᠮ ᠲᠣᠭᠤᠷᠢᠭ ᠠᠴᠠ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠤᠨ ᠰᠠᠭᠤᠭᠠᠯᠢ ᠠᠷᠠᠳ ᠤᠨ ᠭᠡᠷ ᠲᠤ ᠣᠴᠢᠭᠤᠯᠵᠤ ᠨᠠᠮ ᠤᠨ ᠲᠡᠦᠬᠡ ᠶᠢᠨ ᠮᠡᠳᠡᠯᠭᠡ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠢᠷᠭᠡᠨ ᠤ ᠬᠡᠷᠡᠭ ᠤᠨ ᠡᠶᠡᠳᠡᠭᠦᠯᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠬᠦᠷᠢᠶᠡᠯᠡᠩ ᠤᠨ ᠠᠷᠠᠳ ᠤᠨ ᠬᠡᠷ ᠲᠤ ᠣᠴᠢᠭᠤᠯᠤᠨ ︽ᠢᠷᠭᠡᠨ ᠤ ᠬᠠᠤᠯᠢ ᠶᠢᠨ ᠪᠢᠴᠢᠭ︾ ᠢ ᠤᠬᠠᠭᠤᠯᠵᠤ᠂ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠵᠢᠴᠢ ᠠᠯᠪᠠᠨ ᠵᠢᠷᠤᠮ ᠤᠨ ᠵᠣᠯ ᠵᠢᠷᠭᠠᠯᠲᠤ ᠭᠡᠷ ᠣᠷᠣᠨ ᠤ ᠶᠠᠩᠭᠠᠷ ᠪᠥᠵᠢᠭ ᠤᠨ ᠠᠩᠬᠢ ᠶᠢ ᠪᠠᠶᠢᠭᠤᠯᠵᠤ᠂ ᠡᠳᠦᠷ ᠪᠦᠷᠢ ᠶᠢᠨ ᠦᠳᠡᠰᠢ ᠶᠢᠨ ᠦᠶ᠎ᠡ ᠪᠠᠷ ᠰᠣᠶᠣᠯ ᠤᠨ ᠲᠠᠯᠠᠪᠠᠢ ᠳᠤ ᠶᠠᠩᠭᠠᠷ ᠪᠥᠵᠢᠭ ᠤᠨ ᠲᠣᠭᠯᠠᠯᠲᠠ ᠭᠠᠷᠭᠠᠨ᠎ᠠ᠃ ︽ᠨᠠᠮ ᠢᠶᠠᠨ ᠡᠭᠦᠷᠢᠳᠡ ᠳᠠᠭᠠᠵᠤ᠂ ᠨᠤᠲᠤᠭ ᠤᠨ ᠳᠠᠭᠤᠤ ᠳᠠᠭᠤᠯᠠᠵᠤ ᠨᠠᠮ ᠳᠠᠭᠠᠨ ᠰᠣᠨᠣᠰᠬᠠᠬᠤ᠂ ᠶᠠᠩᠭᠠᠷ ᠪᠥᠵᠢᠭ ᠤᠨ ᠬᠠᠮᠲᠤᠷᠠᠭᠰᠠᠨ ᠲᠣᠭᠯᠠᠯᠲᠠ︾ ᠵᠡᠷᠭᠡ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠥᠷᠨᠢᠭᠦᠯᠵᠦ᠂ ᠠᠮᠢᠳᠤᠯᠢᠭ᠂ ᠦᠵᠡᠵᠦ ᠰᠣᠨᠢᠷᠬᠠᠬᠤ ᠳᠤᠷᠠᠲᠠᠶ ᠤᠳᠬ᠎ᠠ ᠤᠷᠠᠯᠢᠭ ᠤᠨ ᠠᠵᠢᠯᠯᠠᠭ᠎ᠠ ᠪᠠᠷ ᠳᠠᠮᠵᠢᠭᠤᠯᠤᠨ᠂ ᠬᠦᠷᠢᠶᠡᠯᠡᠩ ᠤᠨ ᠠᠷᠠᠳ ᠤᠨ ᠣᠶᠤᠨ ᠰᠠᠨᠠᠭᠠᠨ ᠤ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠰᠠᠭᠤᠭᠠᠯᠢ ᠠᠷᠠᠳ ᠤᠨ ᠪᠣᠯᠪᠠᠰᠤᠨ ᠨᠡᠶᠢᠭᠡᠮ ᠲᠣᠭᠤᠷᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠴᠣᠭᠴᠠᠯᠠᠨ ᠪᠠᠶᠢᠭᠤᠯᠬᠤ ᠬᠠᠮᠳᠤᠷᠠᠯ ᠤᠨ ᠬᠦᠴᠦᠨ ᠢ ᠨᠢᠭᠲᠠᠷᠠᠭᠤᠯᠤᠭᠰᠠᠨ ᠪᠠᠶᠢᠨ᠎ᠠ᠃  
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号