| ᠬᠢᠩᠭᠠᠨ ᠵᠠᠬᠢᠷᠭ᠎ᠠ ᠲᠠᠷᠬᠠᠭᠠᠭᠰᠠᠨ ﹇2022﹈ 6 ᠳ᠋ᠤᠭᠠᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ᠂ ᠰᠢᠨ᠎ᠡ ᠴᠠᠭ ᠦᠶ᠎ᠡ ᠶᠢᠨ ᠲᠤᠭ᠎ᠠ | ᠪᠦᠷᠢᠳᠬᠡᠯ ᠤᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠷᠢ ᠲᠣᠭᠲᠠᠭᠠᠯᠲᠠ ᠰᠢᠨ᠎ᠡ ᠱᠠᠭᠠᠷᠳᠠᠯᠭ᠎ᠠ ᠳᠤ ᠨᠡᠩ | ᠰᠠᠶᠢᠲᠤᠷ ᠵᠣᠬᠢᠴᠠᠭᠤᠯᠤᠨ᠂ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ | ︽ᠶᠡᠭᠡ ᠲᠤᠭ᠎ᠠ ᠪᠦᠷᠢᠳᠬᠡᠯ︾ ᠤᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠲᠤᠭ᠎ᠠ ᠪᠦᠷᠢᠳᠬᠡᠯ ᠤᠨ ᠠᠵᠢᠯ | ᠤ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠮᠠᠨ ᠤ ᠠᠶᠢᠮᠠᠭ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ | ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠳᠤ ᠦᠢᠯᠡᠴᠢᠯᠡᠬᠦ ᠶᠢᠨ ᠲᠣᠭᠤᠷᠢᠨ ᠳᠤ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ᠲᠤᠭ᠎ᠠ ᠪᠦᠷᠢᠳᠬᠡᠯ ᠤᠨ ᠠᠵᠢᠯ ᠢ ᠬᠠᠤᠯᠢᠵᠢᠭᠤᠯᠬᠤ | ᠂ ᠲᠤᠭ᠎ᠠ ᠪᠦᠷᠢᠳᠬᠡᠯ ᠤᠨ ᠰᠢᠰᠲ᠋ᠧᠮ ᠢ ᠬᠠᠮᠵᠢᠯᠴᠠᠭᠤᠯᠬᠤ᠂ ᠲᠤᠭ᠎ᠠ ᠪᠦᠷᠢᠳᠬᠡᠯ ᠤᠨ ᠠᠵᠢᠯ ᠤᠨ ᠬᠤᠪᠢᠶᠠᠷᠢᠯᠠᠯ ᠢ | ᠨᠠᠷᠢᠯᠢᠬᠵᠢᠭᠤᠯᠬᠤ᠂ ᠲᠤᠭ᠎ᠠ ᠪᠦᠷᠢᠳᠬᠡᠯ ᠤᠨ ᠠᠷᠭ᠎ᠠ ᠶᠢ ᠨᠠᠷᠢᠯᠢᠬᠵᠢᠭᠤᠯᠬᠤ᠂ ᠲᠤᠭ᠎ᠠ ᠪᠦᠷᠢᠳᠬᠡᠯ ᠤᠨ | ᠵᠠᠳᠠᠯᠤᠯᠲᠠ ᠶᠢ ᠤᠷᠢᠳᠴᠢᠯᠠᠭᠤᠯᠬᠤ᠂ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠢᠷᠤᠮᠵᠢᠭᠤᠯᠬᠤ᠂ ᠲᠤᠭ᠎ᠠ | ᠪᠦᠷᠢᠳᠬᠡᠯ ᠤᠨ ᠠᠷᠭ᠎ᠠ ᠪᠠᠷᠢᠯ ᠢ ᠣᠳᠣᠬᠢᠴᠢᠯᠠᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ︽ᠳᠡᠭᠡᠷ᠎ᠡ ᠳᠣᠤᠷ᠎ᠠ ᠨᠢᠭᠡ | ᠱᠤᠭᠤᠮ᠂ ᠳᠡᠭᠡᠷ᠎ᠡ ᠳᠣᠤᠷ᠎ᠠ ᠨᠢᠭᠡ ᠰᠦᠯᠵᠢᠶ᠎ᠡ᠂ ᠵᠠᠰᠠᠭ ᠠᠵᠤ ᠠᠬᠤᠶᠢᠯᠠᠯ ᠨᠢᠭᠡ ᠬᠥᠯᠭᠡ ᠰᠢᠲᠠᠷ᠎ᠠ︾ ᠶᠢᠨ ︽ᠶᠡᠭᠡ | ᠲᠤᠭ᠎ᠠ ᠪᠦᠷᠢᠳᠬᠡᠯ︾ ᠤᠨ ᠪᠠᠶᠢᠷᠢᠰᠢᠯ ᠢ ᠪᠣᠶ ᠪᠣᠯᠭᠠᠬᠤ ᠶᠢ ᠲᠦᠷᠭᠡᠳᠬᠡᠨ ᠠᠬᠢᠭᠤᠯᠵᠤ᠂ ᠪᠥᠬᠦ ᠠᠶᠢᠮᠠᠭ ᠤᠨ ᠴᠢᠨᠠᠷ | ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠲᠤᠭ᠎ᠠ ᠪᠦᠷᠢᠳᠬᠡᠯ ᠤᠨ | ᠦᠢᠯᠡᠴᠢᠯᠡᠭᠡ ᠬᠠᠩᠭᠠᠨ᠎ᠠ᠃ | ᠬᠤᠶᠠᠷ᠂ ᠦᠨᠳᠦᠰᠦᠨ ᠵᠠᠷᠴᠢᠮ | ᠨᠢᠭᠡ ᠳᠤ ᠂ ᠬᠠᠤᠯᠢ ᠶᠣᠰᠣᠭᠠᠷ ᠲᠤᠭ᠎ᠠ ᠪᠦᠷᠢᠳᠭᠡᠯ ᠢ ᠵᠠᠰᠠᠬᠤ ᠶᠢ ᠪᠠᠷᠢᠮᠲᠠᠯᠠᠨ᠎ᠠ᠃ ᠬᠠᠤᠯᠢ ᠪᠠᠷ ᠵᠠᠰᠠᠬᠤ ᠶᠢ | ᠲᠤᠭ᠎ᠠ ᠪᠦᠷᠢᠳᠬᠡᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢᠨ ᠠᠮᠢᠨ ᠰᠤᠳᠠᠰᠤ ᠪᠣᠯᠭᠠᠬᠤ ᠶᠢ ᠪᠠᠷᠢᠮᠲᠠᠯᠠᠵᠤ᠂ | ᠡᠯ᠎ᠡ ᠲᠥᠷᠥᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠠᠤᠯᠢ | ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠨᠢᠭᠡᠳᠦᠯᠲᠡᠶ ᠬᠠᠮᠢᠶᠠᠷᠬᠤ ᠶᠢ ᠪᠥᠬᠦ ᠲᠠᠯ᠎ᠠ ᠪᠠᠷ ᠠᠬᠢᠭᠤᠯᠵᠤ᠂ | ᠬᠠᠤᠯᠢ ᠪᠠᠷ ᠵᠠᠰᠠᠬᠤ ᠶᠢ ᠲᠤᠭ᠎ᠠ ᠪᠦᠷᠢᠳᠬᠡᠯ ᠤᠨ ᠠᠵᠢᠯ ᠤᠨ ᠭᠤᠤᠯ ᠬᠥᠭ ᠠᠶᠠᠰ ᠪᠣᠯᠭᠠᠵᠤ᠂ ᠰᠤᠷᠲᠠᠯ ᠴᠢᠬᠡᠴᠢ | ᠣᠪᠣᠷ ᠲᠥᠪ ᠲᠤᠭ᠎ᠠ ᠪᠦᠷᠢᠳᠬᠡᠯ ᠤᠨ ᠠᠵᠢᠯ ᠤᠨ ᠠᠭᠤᠷ ᠠᠮᠢᠰᠬᠤᠯ ᠢ ᠪᠣᠶ ᠪᠣᠯᠭᠠᠨ᠎ᠠ᠃ | ᠬᠤᠶᠠᠷ ᠲᠤ᠂ ᠪᠦᠷᠢᠳᠭᠡᠪᠡᠰᠦ ᠵᠣᠬᠢᠬᠤ ᠶᠢ ᠨᠢ ᠪᠦᠬᠦᠨ ᠢ ᠪᠦᠷᠢᠳᠭᠡᠬᠦ ᠶᠢ ᠪᠠᠷᠢᠮᠲᠠᠯᠠᠨ᠎ᠠ᠃ ᠲᠤᠭ᠎ᠠ | ᠪᠦᠷᠢᠳᠬᠡᠯ ᠤᠨ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠨ᠂ ᠲᠤᠭ᠎ᠠ ᠪᠦᠷᠢᠳᠬᠡᠯ ᠤᠨ ᠪᠠᠭᠠᠵᠢ ᠶᠢ ᠰᠠᠶᠢᠲᠤᠷ | ᠬᠡᠷᠡᠭᠯᠡᠵᠦ᠂ ᠠᠷᠭ᠎ᠠ ᠪᠦᠬᠦᠨ ᠢ ᠰᠦᠪᠡᠭᠴᠢᠯᠡᠨ ᠲᠤᠭ᠎ᠠ ᠪᠦᠷᠢᠳᠬᠡᠯ ᠤᠨ ᠬᠠᠮᠤᠷᠬᠤ ᠲᠣᠤᠷ ᠰᠦᠯᠵᠢᠶ᠎ᠡ ᠶᠢ | ᠲᠡᠭᠦᠯᠳᠡᠷᠵᠢᠭᠦᠯᠵᠦ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢ ᠢᠳᠡᠪᠬᠢᠲᠡᠶ ᠪᠠᠷ ᠪᠤᠶᠢᠵᠢᠭᠤᠯᠤᠨ᠂ | ᠭᠠᠵᠠᠷ ᠣᠷᠣᠨ ᠤ ᠬᠥᠭᠵᠢᠯᠲᠡ ᠶᠢᠨ ᠳᠠᠯᠳᠠ ᠬᠦᠴᠦᠨ ᠢ ᠦᠷᠭᠦᠯᠵᠢᠯᠡᠨ ᠭᠦᠨᠵᠡᠭᠡᠶ ᠠᠭᠤᠳᠠᠯᠵᠤ᠂ ᠪᠦᠷᠢᠳᠭᠡᠪᠡᠰᠦ | ᠵᠣᠬᠢᠬᠤ ᠶᠢ ᠨᠢ ᠪᠦᠬᠦᠨ ᠢ ᠪᠦᠷᠢᠳᠭᠡᠵᠦ᠂ ᠴᠢᠬᠤᠯᠠᠴᠢᠯᠠᠬᠤ ᠥᠬᠡᠶ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ | ᠪᠠᠲᠤᠯᠠᠨ᠎ᠠ᠃ | ᠭᠤᠷᠪᠠ ᠳᠤ᠂ ᠦᠢᠯᠡᠴᠢᠯᠡᠭᠡᠨ ᠤ ᠰᠢᠢᠳᠪᠦᠷᠢᠳᠦ ᠪᠤᠳᠤᠯᠭ᠎ᠠ ᠲᠣᠭᠲᠠᠭᠠᠬᠤ ᠶᠢ ᠪᠠᠷᠢᠮᠲᠠᠯᠠᠨ᠎ᠠ᠃ ᠠᠵᠤ ᠠᠬᠤᠶ | ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠲᠤᠭ᠎ᠠ ᠪᠦᠷᠢᠳᠬᠡᠯ ᠤᠨ ᠠᠵᠢᠯ ᠤᠨ ᠠᠬᠢᠭᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭ᠎ᠠ ᠶᠢᠨ ᠲᠥᠪ ᠤᠨ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠡᠪ ᠤᠨ ᠪᠤᠰᠤ | ᠬᠤᠪᠢᠷᠠᠯᠲᠠ ᠪᠠ ᠳᠤᠲᠠᠭᠤᠳᠠᠯ ᠪᠠᠭᠤᠷᠠᠶ ᠲᠠᠯ᠎ᠠ ᠶᠢ ᠠᠩᠬᠠᠷᠴᠤ᠂ ᠲᠤᠭ᠎ᠠ ᠪᠦᠷᠢᠳᠬᠡᠯ ᠤᠨ ᠵᠠᠳᠠᠯᠤᠯᠲᠠ᠂ | ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶ | ᠨᠡᠶᠢᠭᠡᠮ ᠤᠨ ᠬᠥᠭᠵᠢᠯᠲᠡ ᠳᠤ ᠣᠶᠤᠨ ᠤᠬᠠᠭᠠᠨ᠂ ᠲᠤᠭ᠎ᠠ ᠪᠠᠷᠢᠮᠲᠠ ᠶᠢᠨ ᠳᠠᠪᠬᠤᠷ ᠳᠡᠮᠵᠢᠯᠭᠡ ᠬᠠᠩᠭᠠᠨ᠎ᠠ᠃ | ᠲᠦᠷᠪᠡ ᠳᠤ᠂ ᠲᠤᠭ᠎ᠠ ᠪᠦᠷᠢᠳᠬᠡᠯ ᠢ ᠢᠯᠡ ᠪᠣᠯᠭᠠᠬᠤ ᠶᠢ ᠪᠠᠷᠢᠮᠲᠠᠯᠠᠨ᠎ᠠ᠃ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢᠨ | ᠭᠤᠤᠯᠳᠠᠯᠭ᠎ᠠ ᠲᠠᠢ ᠬᠤᠪᠢᠷᠠᠯᠲᠠ ᠶᠢ ᠴᠢᠩᠭ᠎ᠠ ᠳᠠᠭᠠᠵᠤ᠂ ᠭᠤᠤᠯ ᠵᠠᠭᠤᠴᠢᠯᠠᠭᠤᠷ ᠲᠤ ᠲᠦᠰᠢᠭᠯᠡᠨ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ ᠶᠢ ᠨᠡᠶᠢᠲᠡᠯᠡᠵᠦ ᠲᠠᠶᠢᠯᠤᠮᠵᠢ ᠬᠢᠬᠦ ᠶᠢ ᠰᠠᠶᠢᠲᠤᠷ ᠬᠢᠵᠦ᠂ ᠡᠯ᠎ᠡ ᠲᠥᠷᠥᠯ ᠤᠨ | ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠭᠦᠢᠴᠡᠳᠭᠡᠯ ᠲᠤᠭ᠎ᠠ ᠶᠢ ᠨᠡᠮᠡᠵᠦ ᠭᠠᠷᠭᠠᠬᠤ ᠶᠢ ᠴᠠᠭ ᠲᠤᠬᠠᠶ ᠳᠤᠨᠢ ᠬᠠᠯᠠᠨ | ᠰᠠᠶᠢᠵᠢᠷᠠᠭᠤᠯᠵᠤ᠂ ᠨᠠᠮ ᠵᠠᠰᠠᠭ ᠤᠨ ᠪᠠᠶᠢᠭᠤᠯᠤᠯᠭ᠎ᠠ ᠵᠢᠴᠢ ᠨᠡᠶᠢᠭᠡᠮ ᠨᠡᠶᠢᠲᠡ ᠶᠢᠨ ᠲᠤᠭ᠎ᠠ ᠪᠦᠷᠢᠳᠬᠡᠯ ᠤᠨ | ᠮᠠᠲ᠋ᠧᠷᠢᠶᠠᠯ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢ ᠣᠯᠠᠨ ᠠᠷᠭ᠎ᠠ ᠵᠠᠮ ᠢᠶᠠᠷ | ᠬᠠᠩᠭᠠᠬᠤ ᠬᠡᠷᠡᠭᠲᠡᠶ᠃ | ᠭᠤᠷᠪᠠ᠂ ᠭᠤᠣᠯ ᠬᠠᠷᠠᠯᠲᠠ | 2022 ᠣᠨ ᠳᠤ᠂ ︽ᠶᠡᠭᠡ ᠲᠤᠭ᠎ᠠ ᠪᠦᠷᠢᠳᠬᠡᠯ︾ ᠤᠨ ᠪᠠᠶᠢᠷᠢᠰᠢᠯ ᠤᠨ ᠪᠣᠷᠣ ᠲᠥᠯᠥᠪ ᠢ ᠠᠩᠬ᠎ᠠ ᠠᠯᠬᠤᠮ | ᠪᠠᠶᠢᠭᠤᠯᠵᠤ᠂ ᠲᠤᠰᠬᠠᠶ ᠵᠦᠢᠯ ᠢᠶᠠᠷ ᠳᠥᠯᠭᠢᠨ ᠠᠬᠢᠭᠤᠯᠬᠤ᠂ ᠬᠠᠮᠵᠢᠯᠴᠠᠨ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠪᠥᠬᠦ ᠲᠠᠯ᠎ᠠ ᠪᠠᠷ ᠡᠬᠢᠯᠡᠭᠦᠯᠵᠦ᠂ ᠬᠥᠨᠳᠡᠯᠡᠨ ᠴᠢᠭᠯᠡᠯ ᠢᠶᠠᠷ ᠬᠢᠵᠠᠭᠠᠷ ᠣᠷᠣᠨ ᠳᠤ ᠬᠦᠷᠭᠡᠬᠦ᠂ ᠭᠤᠯᠳᠤ | ᠴᠢᠭᠯᠡᠯ ᠢᠶᠠᠷ ᠡᠴᠦᠰ ᠲᠤᠨᠢ ᠲᠤᠯᠲᠠᠯ᠎ᠠ ᠬᠢᠬᠦ ᠲᠤᠭ᠎ᠠ ᠪᠦᠷᠢᠳᠬᠡᠯ ᠤᠨ ᠲᠣᠤᠷ ᠰᠦᠯᠵᠢᠶ᠎ᠡ ᠶᠢᠨ ᠪᠠᠶᠢᠭᠤᠯᠤᠯᠲᠠ ᠶᠢ | ᠨᠠᠩ ᠪᠦᠷᠢᠨᠰᠢᠬᠦᠯᠵᠦ᠂ ᠲᠤᠭ᠎ᠠ ᠪᠦᠷᠢᠳᠬᠡᠯ ᠤᠨ ᠵᠠᠳᠠᠯᠤᠯᠲᠠ ᠪᠠ ᠤᠷᠢᠳᠴᠢᠯᠠᠨ ᠰᠡᠷᠡᠮᠵᠢᠯᠡᠭᠦᠯᠬᠦ ᠡᠭᠦᠷᠭᠡ | ᠴᠢᠳᠠᠪᠤᠷᠢ ᠶᠢᠨ ᠦᠢᠯᠡᠳᠦᠯ ᠢ ᠨᠠᠩ ᠲᠣᠪᠤᠶᠢᠮ᠎ᠠ ᠪᠣᠯᠭᠠᠵᠤ᠂ ᠲᠤᠭ᠎ᠠ ᠪᠦᠷᠢᠳᠬᠡᠯ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠦᠢᠯᠡᠳᠦᠯ ᠢ ᠨᠠᠩ ᠢᠯᠡᠷᠬᠡᠶ ᠪᠣᠯᠭᠠᠨ᠎ᠠ᠃ ᠪᠥᠬᠦ ᠵᠢᠯ ᠳᠤ 44 ᠠᠵᠤ ᠠᠬᠤᠶᠢᠯᠠᠯ ᠤᠨ | ᠲᠠᠰ ᠳᠡᠪᠰᠢᠵᠦ᠂ ᠳᠥᠷᠪᠡ ᠶᠢ ᠳᠡᠭᠡᠭᠰᠢᠯᠡᠭᠦᠯᠬᠦ ᠶᠢ ᠵᠥᠪᠰᠢᠶᠡᠷᠡᠵᠦ᠂ 45 ᠠᠵᠤ ᠠᠬᠤᠶᠢᠯᠠᠯ ᠢ ᠪᠤᠶᠢᠵᠢᠭᠤᠯᠬᠤ ᠪᠠᠷ | ᠴᠢᠷᠮᠠᠶᠢᠨ᠎ᠠ᠃ | 2025 ᠣᠨ ᠪᠣᠯᠬᠤ ᠳᠤ ︽ᠶᠡᠭᠡ ᠲᠤᠭ᠎ᠠ ᠪᠦᠷᠢᠳᠬᠡᠯ︾ ᠤᠨ ᠪᠠᠶᠢᠷᠢᠰᠢᠯ ᠢ ᠪᠦᠬᠦ ᠲᠠᠯ᠎ᠠ ᠪᠠᠷ ᠪᠤᠶ ᠪᠣᠯᠭᠠᠵᠤ᠂ | ᠬᠠᠤᠯᠢ ᠶᠣᠰᠣᠭᠠᠷ ᠨᠢᠭᠡᠳᠦᠯ ᠢ ᠵᠠᠰᠠᠬᠤ ᠦᠵᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠦᠬᠦ | ᠨᠡᠶᠢᠭᠡᠮ ᠢᠶᠠᠷ ᠢᠶᠠᠨ ᠤᠬᠠᠮᠰᠠᠷ ᠠᠴᠠ ᠪᠠᠨ ᠨᠢᠭᠡᠳᠦᠯ ᠳᠤ ᠣᠷᠣᠯᠴᠠᠬᠤ ᠶᠠᠪᠤᠳᠠᠯ ᠢ ᠬᠡᠪ ᠤᠨ ᠪᠠᠶᠢᠳᠠᠯ ᠪᠣᠯᠭᠠᠵᠤ᠂ | ᠲᠤᠭ᠎ᠠ ᠪᠦᠷᠢᠳᠬᠡᠯ ᠤᠨ ᠠᠵᠢᠯ ᠢ ᠦᠨᠡᠨᠬᠦ ᠠᠵᠤ ᠠᠬᠤᠶ ᠶᠢᠨ ᠠᠵᠢᠯᠯᠠᠭᠠᠨ ᠤ ︽ᠴᠠᠭ ᠠᠭᠤᠷ ᠤᠨ ᠬᠡᠮᠵᠢᠭᠦᠷ︾᠂ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ︽ᠤᠷᠢᠳᠴᠢᠯᠠᠨ ᠰᠡᠷᠡᠮᠵᠢᠯᠡᠭᠦᠯᠬᠦ ᠨᠢᠰᠬᠡᠯ︾᠂ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ︽ᠵᠠᠮᠴᠢᠯᠠᠬᠤ ᠪᠠᠭᠠᠵᠢ︾ ᠪᠠ ︽ᠬᠤᠷᠳᠤᠳᠬᠠᠭᠤᠷ︾ ᠪᠣᠯᠭᠠᠨ᠎ᠠ᠃ | ︵ᠨᠢᠭᠡ︶ ᠬᠠᠤᠯᠢ ᠶᠠᠰᠤᠠᠭᠷ ᠲᠤᠭ᠎ᠠ ᠪᠦᠷᠢᠳᠭᠡᠯ ᠢ ᠬᠠᠮᠢᠶᠠᠷᠬᠤ ᠵᠢᠱᠢᠶᠡᠴᠢ ᠣᠷᠣᠨ ᠢ ᠪᠥᠲᠥᠭᠡᠨ | ᠪᠠᠶᠢᠭᠤᠯᠤᠨ᠎ᠠ᠃ ᠬᠠᠤᠯᠢ ᠪᠠᠷ ᠵᠠᠰᠠᠬᠤ ᠰᠡᠳᠬᠢᠬᠦᠶ ᠪᠠ ᠠᠷᠭ᠎ᠠ ᠮᠠᠶ᠋ᠢᠭ ᠢᠶᠠᠷ ᠲᠤᠭ᠎ᠠ ᠪᠦᠷᠢᠳᠬᠡᠯ ᠤᠨ ᠦᠢᠯᠡᠰ ᠤᠨ | ᠬᠥᠭᠵᠢᠯᠲᠡ ᠶᠢ ᠳᠥᠯᠭᠢᠨ ᠠᠬᠢᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠦᠷᠢᠮ ᠤᠨ | ᠰᠢᠩᠭᠡᠯᠢᠭ ᠢ ᠪᠥᠬᠦ ᠲᠠᠯ᠎ᠠ ᠪᠠᠷ ᠪᠠᠬᠢᠵᠢᠭᠦᠯᠵᠦ᠂ ᠲᠤᠭ᠎ᠠ ᠪᠦᠷᠢᠳᠬᠡᠯ ᠤᠨ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠭᠡᠵᠦ᠂ ᠲᠤᠭ᠎ᠠ ᠪᠦᠷᠢᠳᠬᠡᠯ ᠤᠨ ᠠᠵᠢᠯ ᠤᠨ ᠡᠯ᠎ᠡ ᠲᠠᠯ᠎ᠠ ᠪᠠ ᠡᠯ᠎ᠡ | ᠭᠤᠭᠴᠤᠭ᠎ᠠ ᠶᠢ ᠴᠥᠮ ᠬᠠᠤᠯᠢ ᠪᠠᠷ ᠵᠠᠰᠠᠬᠤ ᠵᠠᠮ ᠳᠤ ᠣᠷᠣᠭᠤᠯᠬᠤ ᠶᠢ ᠳᠥᠯᠭᠢᠨ ᠠᠬᠢᠭᠤᠯᠵᠤ᠂ ᠬᠠᠤᠯᠢ ᠶᠣᠰᠣᠭᠠᠷ | ᠨᠢᠭᠡᠳᠦᠯᠲᠡᠶ ᠬᠠᠮᠢᠶᠠᠷᠬᠤ ᠶᠢ ᠵᠠᠰᠠᠬᠤ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠶᠢ ᠪᠥᠬᠦ ᠬᠦᠴᠦᠨ ᠢᠶᠠᠷ ᠢᠶᠠᠨ | ᠪᠣᠶ ᠪᠣᠯᠭᠠᠨ᠎ᠠ᠃ | ︵ᠬᠤᠶᠠᠷ︶ ᠦᠭᠡᠷᠡᠴᠢᠯᠡᠯᠳᠡ ᠪᠠᠷ ᠲᠤᠭ᠎ᠠ ᠪᠦᠷᠢᠳᠭᠡᠯ ᠢ ᠬᠦᠭᠵᠢᠭᠦᠯᠬᠦ ᠶᠢ ᠲᠤᠷᠰᠢᠯᠲᠠ ᠶᠢᠨ ᠣᠷᠣᠨ ᠢ | ᠪᠦ᠋ᠳᠦᠭᠡᠨ ᠪᠠᠶᠢᠭᠤᠯᠤᠨ᠎ᠠ᠃ ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠦᠭᠡᠶ᠂ ᠨᠡᠭᠡᠭᠡᠯᠲᠡᠲᠡᠶ᠂ | ᠬᠠᠮᠲᠤ ᠪᠠᠷ ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ ᠤ ᠲᠣᠭᠤᠷᠢᠨ ᠳᠤ᠂ ᠲᠤᠭ᠎ᠠ ᠪᠦᠷᠢᠳᠬᠡᠯ ᠤᠨ | ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠬᠡᠯᠪᠡᠷᠢ ᠶᠢᠨ | ᠠᠵᠤ ᠦᠢᠯᠡᠰ ᠤᠨ ᠲᠤᠭ᠎ᠠ ᠪᠦᠷᠢᠳᠬᠡᠯ ᠤᠨ ᠠᠶ ᠶᠢ ᠲᠠᠰᠤᠷᠠᠯᠲᠠ ᠥᠬᠡᠶ ᠬᠠᠤᠯᠢ ᠶᠣᠰᠣᠭᠠᠷ ᠥᠷᠭᠡᠳᠬᠡᠨ᠂ ᠶᠠᠰᠤ | ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢ | ᠬᠠᠷᠠᠭᠤᠯᠤᠭᠰᠠᠨ ᠭᠦᠢᠴᠡᠳᠭᠡᠯ ᠲᠤᠭ᠎ᠠ ᠶᠢᠨ ᠰᠢᠰᠲ᠋ᠧᠮᠵᠢ ᠪᠠ ᠲᠤᠭ᠎ᠠ ᠪᠦᠷᠢᠳᠬᠡᠯ ᠤᠨ ᠰᠢᠰᠲ᠋ᠧᠮᠵᠢ ᠶᠢ ᠪᠠᠶᠢᠭᠤᠯᠵᠤ᠂ | ᠴᠢᠨᠠᠷ ᠰᠠᠶᠢᠲᠠᠶ ᠬᠥᠭᠵᠢᠯᠲᠡ ᠶᠢᠨ ᠡᠭᠦᠷᠭᠡ ᠶᠢ ᠪᠣᠳᠠᠲᠠᠶᠢᠵᠢᠭᠤᠯᠵᠤ᠂ ᠭᠦᠢᠴᠡᠳᠭᠡᠯ ᠲᠤᠭ᠎ᠠ ᠪᠣᠯᠭᠠᠨ᠂ ᠲᠤᠭ᠎ᠠ | ᠪᠦᠷᠢᠳᠬᠡᠯ ᠢᠶᠠᠷ ᠬᠥᠭᠵᠢᠯᠲᠡ ᠶᠢ ᠠᠬᠢᠭᠤᠯᠬᠤ ᠶᠢ ᠪᠡᠶᠡᠯᠡᠭᠦᠯᠦᠨ᠂ ᠪᠥᠬᠦ ᠣᠷᠣᠨ ᠤ ᠲᠤᠭ᠎ᠠ ᠪᠦᠷᠢᠳᠬᠡᠯ ᠤᠨ | ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ | ︵ᠭᠤᠷᠪᠠ︶ ᠪᠦᠷᠢᠳᠭᠡᠪᠡᠰᠣ ᠵᠣᠬᠢᠬᠤ ᠪᠦᠬᠦᠨ ᠢ ᠪᠦᠷᠢᠳᠭᠡᠬᠦ ᠦᠯᠢᠭᠡᠷ ᠳᠠᠭᠤᠷᠢᠶᠠᠯ ᠪᠣᠯᠬᠤ ᠣᠷᠣᠨ ᠢ | ᠪᠠᠶᠢᠭᠤᠯᠤᠨ᠎ᠠ᠃ ︽ᠶᠡᠭᠡ ᠲᠤᠭ᠎ᠠ ᠪᠦᠷᠢᠳᠬᠡᠯ︾ ᠤᠨ ᠪᠠᠶᠢᠷᠢᠰᠢᠯ ᠢ ᠪᠠᠶᠢᠭᠤᠯᠬᠤ ᠪᠠᠷ ᠭᠠᠷᠳᠠᠴᠠ ᠪᠣᠯᠭᠠᠬᠤ ᠶᠢ | ᠪᠠᠷᠢᠮᠲᠠᠯᠠᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ ᠨᠡᠶᠢᠭᠡᠮ ᠤᠨ ᠡᠯ᠎ᠡ ᠡᠲᠡᠭᠡᠳ ᠤᠨ | ᠨᠢᠭᠡᠳᠦᠯᠲᠡᠶ ᠬᠠᠮᠢᠶᠠᠷᠬᠤ ᠳᠤ ᠣᠷᠣᠯᠴᠠᠬᠤ ᠨᠢᠭᠡᠳᠦᠯᠲᠡᠶ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠦᠷᠭᠦᠯᠵᠢᠯᠡᠨ | ᠪᠣᠳᠠᠲᠠᠶᠢᠵᠢᠭᠤᠯᠵᠤ᠂ ︽ᠶᠡᠭᠡ ᠶᠢ ᠠᠳᠬᠤᠬᠤ ᠳᠤ ᠪᠠᠭ᠎ᠠ ᠶᠢ ᠥᠯᠥ ᠲᠠᠯᠪᠢᠬᠤ᠂ ᠰᠢᠨ᠎ᠡ ᠶᠢ ᠬᠠᠮᠢᠶᠠᠷᠬᠤ ᠳᠤ | ᠬᠠᠭᠤᠴᠢᠨ ᠢ ᠥᠯᠥ ᠮᠠᠷᠲᠠᠬᠤ︾ ᠣᠪᠣᠷ ᠢᠶᠠᠷ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢᠨ ︽ | ᠲᠦᠷᠢᠮ ᠲᠣᠭᠲᠠᠭᠠᠯ ᠢ ᠳᠡᠭᠡᠭᠰᠢᠯᠡᠭᠦᠯᠦᠨ ᠨᠢᠭᠡᠳᠦᠯᠲᠡᠶ ᠪᠣᠯᠭᠠᠬᠤ᠂ ᠣᠷᠣᠭᠤᠯᠬᠤ ᠶᠣᠰᠣᠲᠠᠶ ᠶᠢ ᠨᠢ ᠴᠥᠮ | ᠣᠷᠣᠭᠤᠯᠬᠤ᠂ ᠪᠦᠷᠢᠳᠭᠡᠪᠡᠰᠣ ᠵᠣᠬᠢᠬᠤ ᠪᠦᠬᠦᠨ ᠢ ᠪᠦᠷᠢᠳᠭᠡᠬᠦ ︾ ᠶᠢ ᠢᠳᠡᠪᠬᠢᠲᠡᠶ ᠪᠠᠷ ᠲᠡᠳᠬᠦᠨ ᠳᠡᠮᠵᠢᠵᠦ᠂ | ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠶᠢᠨ ᠬᠢᠷᠢ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠡᠮᠵᠢᠬᠦ ᠪᠠ | ᠪᠤᠰᠤᠳᠴᠢ ᠪᠠᠷ ᠲᠤᠰᠬᠠᠵᠤ᠂ ᠪᠥᠬᠦ ᠣᠷᠣᠨ ᠤ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ | ᠥᠯᠢᠭᠡᠷ ᠳᠠᠭᠤᠷᠢᠶᠠᠯ ᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ | ᠳᠥᠷᠪᠡ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠲᠤᠭ᠎ᠠ ᠪᠦᠷᠢᠳᠬᠡᠯ ᠤᠨ ᠠᠵᠢᠯ ᠤᠨ ᠬᠠᠤᠯᠢ ᠪᠠᠷ ᠵᠠᠰᠠᠬᠤ ᠶᠢ ᠠᠬᠢᠭᠤᠯᠤᠨ᠎ᠠ᠃ | ᠨᠢᠭᠡ ᠳᠤ᠂ ᠲᠤᠭ᠎ᠠ ᠪᠦᠷᠢᠳᠬᠡᠯ ᠤᠨ ᠡᠷᠬᠡ ᠰᠦᠷ ᠢ ᠬᠠᠮᠠᠭᠠᠯᠠᠨ᠎ᠠ᠃ ᠤᠯᠤᠰ ᠤᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠠᠵᠢᠯᠯᠠᠭ᠎ᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠪᠠᠶᠢᠭᠤᠯᠤᠮᠵᠢ | ᠪᠣᠯᠤᠨ ᠲᠤᠭ᠎ᠠ ᠪᠦᠷᠢᠳᠬᠡᠯ ᠤᠨ ᠠᠵᠢᠯᠲᠠᠨ ᠤ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠲᠤᠭ᠎ᠠ ᠪᠦᠷᠢᠳᠬᠡᠯ ᠤᠨ | ᠪᠠᠶᠢᠴᠠᠭᠠᠯᠲᠠ ᠬᠢᠬᠦ ᠡᠷᠬᠡ ᠲᠤᠰᠢᠶᠠᠯ ᠢ ᠡᠷᠡᠰ ᠬᠠᠮᠠᠭᠠᠯᠠᠨ᠎ᠠ᠃ ᠬᠠᠤᠯᠢ ᠶᠣᠰᠣᠭᠠᠷ ᠪᠦᠷᠢᠳᠭᠡᠯ ᠢ ᠵᠠᠰᠠᠬᠤ ᠶᠢ ᠪᠦᠬᠦ | ᠲᠠᠯ᠎ᠠ ᠪᠠᠷ ᠲᠦᠯᠬᠢᠨ ᠠᠬᠢᠭᠤᠯᠵᠤ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠬᠤ ᠪᠠ ᠪᠦᠷᠢᠳᠭᠡᠯ ᠢ | ᠣᠷᠬᠢᠭᠳᠠᠭᠤᠯᠤᠨ ᠬᠠᠮᠢᠶᠠᠷᠤᠯᠲᠠ ᠶᠢ ᠠᠯᠳᠠᠭᠰᠠᠨ ᠬᠤᠣᠰ ᠴᠢᠭᠯᠡᠯᠲᠦ ᠬᠠᠷᠢᠭᠤᠴᠠᠯᠭ᠎ᠠ ᠶᠢ ᠵᠠᠯᠬᠠᠭᠠᠨ ᠰᠢᠳᠬᠡᠬᠦ | ᠶᠠᠪᠤᠳᠠᠯ ᠢ ᠵᠡᠷᠭᠡ ᠪᠠᠷ ᠪᠣᠳᠠᠲᠠᠶᠢᠵᠢᠭᠤᠯᠵᠤ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ᠂ ︽ᠲᠣᠭᠠᠨ ᠤ | ᠢᠯᠵᠠᠷᠠᠯ︾ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠲᠤᠭ᠎ᠠ ᠪᠦᠷᠢᠳᠬᠡᠯ ᠤᠨ | ᠠᠵᠢᠯ ᠳᠤ ᠬᠤᠯᠪᠣᠭᠳᠠᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ ᠥᠷᠨᠢᠭᠦᠯᠵᠦ᠂ | ᠲᠤᠭ᠎ᠠ ᠪᠦᠷᠢᠳᠬᠡᠯ ᠤᠨ ᠲᠥᠪ ᠭᠤᠤᠯᠴᠢ ᠶᠢ ᠨᠥᠯᠥᠭᠡᠯᠡᠬᠦ ᠶᠠᠮᠠᠷᠪᠠ ᠬᠡᠯᠪᠡᠷᠢ ᠶᠢᠨ ᠦᠢᠯᠡ ᠠᠵᠢᠯᠯᠠᠭ᠎ᠠ ᠶᠢ ᠪᠥᠬᠦ | ᠲᠠᠯ᠎ᠠ ᠪᠠᠷ ᠵᠠᠯᠠᠷᠠᠭᠤᠯᠵᠤ᠂ ᠲᠤᠭ᠎ᠠ ᠪᠦᠷᠢᠳᠬᠡᠯ ᠤᠨ ᠡᠷᠬᠡ ᠰᠦᠷᠲᠦ ᠴᠢᠨᠠᠷ᠂ ᠣᠯᠠᠨ ᠨᠡᠶᠢᠲᠡ ᠶᠢ ᠢᠲᠡᠭᠡᠭᠦᠯᠬᠦ | ᠬᠦᠴᠦᠨ ᠢ ᠦᠨᠡᠨᠬᠦ ᠬᠠᠮᠠᠭᠠᠯᠠᠨ᠎ᠠ᠃ | ᠬᠤᠶᠠᠷ ᠲᠤ ᠬᠠᠤᠯᠢ ᠶᠣᠰᠣᠭᠠᠷ ᠪᠦᠷᠢᠳᠭᠡᠯ ᠢ ᠵᠠᠰᠠᠬᠤ ᠶᠢ ᠲᠦᠯᠬᠢᠨ ᠠᠬᠢᠭᠤᠯᠤᠨ᠎ᠠ᠃ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ︽ᠲᠤᠭ᠎ᠠ ᠪᠦᠷᠢᠳᠬᠡᠯ ᠤᠨ | ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢ ᠨᠠᠩ ᠪᠦᠲᠦᠮᠵᠢᠲᠡᠶ ᠪᠠᠳᠠᠷᠠᠭᠤᠯᠬᠤ ᠲᠤᠬᠠᠶ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠰᠠᠨᠠᠯ︾ ᠢ ᠡᠯ᠎ᠡ ᠱᠠᠲᠤᠨ ᠤ ᠤᠬᠠᠭᠤᠯᠭ᠎ᠠ ᠶᠢᠨ ᠪᠠᠶᠢᠭᠤᠯᠤᠮᠵᠢ᠂ ᠰᠦᠯᠵᠢᠶᠡᠨ ᠤ | ᠵᠠᠭᠤᠴᠢᠯᠠᠭᠤᠷ ᠢ ᠭᠦᠢᠴᠡᠳ ᠲᠠᠶᠢᠴᠢᠯᠠᠨ᠂ ᠥᠷᠭᠡᠨ ᠳᠡᠯᠭᠡᠷ ᠤᠬᠠᠭᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ | ᠂ ᠬᠥᠮᠦᠨ ᠪᠥᠬᠦᠨ ᠬᠠᠤᠯᠢ ᠴᠠᠭᠠᠵᠠ ᠶᠢ ᠵᠢᠷᠤᠮᠯᠠᠬᠤ᠂ ᠲᠤᠭ᠎ᠠ ᠪᠦᠷᠢᠳᠬᠡᠯ ᠳᠤ ᠤᠬᠠᠮᠰᠠᠷ ᠠᠴᠠ ᠪᠠᠨ ᠣᠷᠣᠯᠴᠠᠬᠤ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ᠨᠠᠮ ᠤᠨ ᠰᠤᠷᠭᠠᠭᠤᠯᠢ᠂ ᠵᠠᠰᠠᠭ ᠵᠠᠬᠢᠷᠭᠠᠨ ᠤ | ᠳᠡᠭᠡᠳᠦ ᠰᠤᠷᠭᠠᠭᠤᠯᠢ᠂ ᠴᠢᠨᠠᠷ ᠰᠠᠶᠢᠲᠠᠶ ᠬᠥᠭᠵᠢᠯᠲᠡ ᠶᠢᠨ ᠬᠢᠴᠢᠶᠡᠯ ᠤᠨ ᠲᠠᠩᠬᠢᠮ ᠵᠡᠷᠭᠡ ᠣᠯᠠᠨ ᠵᠦᠢᠯ ᠤᠨ | ᠬᠡᠯᠪᠡᠷᠢ ᠳᠤ ᠲᠦᠰᠢᠭᠯᠡᠨ᠂ ᠤᠳᠤᠷᠢᠳᠬᠤ ᠺᠠᠳ᠋ᠷᠴᠤᠳ ᠤᠨ ᠲᠤᠭ᠎ᠠ ᠪᠦᠷᠢᠳᠬᠡᠯ ᠤᠨ ᠠᠵᠢᠯ ᠤᠨ ᠪᠣᠯᠪᠠᠰᠤᠷᠠᠭᠤᠯᠤᠯ ᠢ | ᠭᠦᠨᠵᠡᠭᠡᠶ ᠥᠷᠨᠢᠭᠦᠯᠵᠦ᠂ ᠲᠤᠭ᠎ᠠ ᠪᠦᠷᠢᠳᠬᠡᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ | ᠠᠬᠢᠭᠤᠯᠤᠨ᠎ᠠ᠃ | ᠭᠤᠷᠪᠠ ᠳᠤ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ ᠲᠤᠰᠬᠠᠶ ᠮᠡᠷᠭᠡᠵᠢᠯ ᠤᠨ | ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠬᠤ ᠲᠦᠷᠢᠮ ᠢ | ᠪᠦᠷᠢᠨᠰᠢᠬᠦᠯᠵᠦ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠡᠬᠢ ᠡᠭᠦᠰᠦᠯ ᠤᠨ ᠲᠤᠭ᠎ᠠ | ᠪᠠᠷᠢᠮᠲᠠ ᠶᠢ ᠬᠢᠨᠠᠨ ᠬᠠᠷᠭᠤᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠪᠦᠲᠦᠮᠵᠢᠲᠡᠶ ᠠᠷᠭ᠎ᠠ ᠮᠠᠶ᠋ᠢᠭ ᠢ ᠰᠦᠪᠡᠭᠴᠢᠯᠡᠨ᠂ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ | ᠬᠠᠤᠯᠢ ᠴᠠᠭᠠᠵᠠ ᠠᠴᠠ ᠵᠥᠷᠢᠴᠡᠭᠰᠡᠨ ᠰᠦᠪᠡᠭᠴᠢ ᠶᠢ ᠤᠯᠬᠤ ᠠᠷᠭ᠎ᠠ ᠵᠠᠮ ᠢ ᠥᠷᠭᠡᠳᠬᠡᠵᠦ᠂ ᠢᠯᠡᠴᠢᠯᠡᠨ ᠮᠡᠳᠡᠭᠦᠯᠬᠦ | ᠲᠦᠷᠢᠮ ᠢ ᠲᠡᠭᠦᠯᠳᠡᠷᠵᠢᠭᠦᠯᠦᠨ᠂ ︽ᠬᠤᠤᠰ ᠲᠠᠰᠢᠷᠠᠮ︾ ᠢᠶᠠᠷ ᠰᠤᠭᠤᠴᠢᠨ ᠪᠠᠶᠢᠴᠠᠭᠠᠬᠤ᠂ ᠲᠤᠭ᠎ᠠ ᠪᠠᠷᠢᠮᠲᠠ ᠶᠢ | ᠬᠠᠷᠭᠤᠭᠤᠯᠤᠨ ᠪᠠᠶᠢᠴᠠᠭᠠᠬᠤ ᠵᠡᠷᠭᠡ ᠠᠵᠢᠯ ᠤᠨ ᠦᠷ᠎ᠡ ᠪᠦᠲᠦᠭᠡᠯ ᠢ ᠨᠢᠭᠡᠳᠦᠯᠲᠡᠶ ᠲᠥᠯᠥᠪᠯᠡᠨ ᠬᠡᠷᠡᠭᠯᠡᠵᠦ᠂ | ᠠᠰᠠᠭᠤᠳᠠᠯ ᠤᠨ ᠰᠦᠪᠡᠭᠴᠢ ᠶᠢ ᠢᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠤᠭ᠎ᠠ ᠪᠦᠷᠢᠳᠬᠡᠯ ᠤᠨ ᠬᠢᠨᠠᠯᠲᠠ | ᠲᠠᠯᠪᠢᠯᠲᠠ ᠬᠢᠭᠡᠳ ᠰᠠᠬᠢᠯᠭ᠎ᠠ ᠪᠠᠲᠤ ᠶᠢᠨ ᠬᠢᠨᠠᠯᠲᠠ ᠲᠠᠯᠪᠢᠯᠲᠠ᠂ ᠬᠢᠨᠠᠨ ᠪᠠᠶᠢᠴᠠᠭᠠᠯᠲᠠ ᠶᠢᠨ ᠬᠢᠨᠠᠯᠲᠠ ᠲᠠᠯᠪᠢᠯᠲᠠ᠂ | ᠲᠣᠮᠢᠯᠠᠨ ᠰᠠᠭᠤᠯᠭᠠᠬᠤ ᠬᠢᠨᠠᠯᠲᠠ ᠲᠠᠯᠪᠢᠯᠲᠠ᠂ ᠬᠢᠨᠠᠨ ᠪᠤᠳᠤᠬᠤ ᠬᠢᠨᠠᠯᠲᠠ ᠲᠠᠯᠪᠢᠯᠲᠠ ᠵᠡᠷᠭᠡ ᠡᠯ᠎ᠡ ᠲᠥᠷᠥᠯ ᠤᠨ | ᠬᠢᠨᠠᠯᠲᠠ ᠲᠠᠯᠪᠢᠯᠲᠠ ᠶᠢᠨ ᠠᠷᠭ᠎ᠠ ᠮᠠᠶ᠋ᠢᠭ ᠢ ᠨᠢᠭᠡᠳᠦᠯᠲᠡᠶ ᠲᠥᠯᠥᠪᠵᠢᠭᠦᠯᠦᠨ ᠵᠣᠯᠭᠠᠭᠤᠯᠵᠤ᠂ ᠣᠷᠭᠠᠨᠢᠭ ᠢᠶᠠᠷ | ᠨᠡᠪᠲᠡᠷᠡᠯᠴᠡᠭᠦᠯᠦᠨ᠂ ᠬᠠᠷᠢᠯᠴᠠᠨ ᠵᠣᠬᠢᠴᠠᠭᠤᠯᠬᠤ ᠶᠢ ᠠᠬᠢᠭᠤᠯᠵᠤ᠂ ᠤᠳᠤᠷᠢᠳᠬᠤ ᠺᠠᠳ᠋ᠷ ᠢ ᠬᠢᠨᠠᠨ ᠰᠢᠯᠭᠠᠬᠤ᠂ | ᠦᠨᠡᠯᠡᠬᠦ᠂ ᠲᠣᠮᠢᠯᠠᠵᠤ ᠪᠠᠭᠤᠯᠭᠠᠬᠤ᠂ ᠱᠠᠩᠨᠠᠵᠤ ᠰᠢᠳᠬᠡᠬᠦ ᠶᠢᠨ ᠴᠢᠬᠤᠯᠠ ᠯᠠᠪᠯᠠᠯᠲᠠ ᠪᠣᠯᠭᠠᠨ᠎ᠠ᠃ ᠲᠦᠷᠪᠡ ᠳᠤ | ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ | ᠦᠨᠡᠨᠴᠢ ᠢᠲᠡᠭᠡᠮᠵᠢ ᠶᠢᠨ ᠦᠨᠡᠯᠡᠯᠲᠡ ᠶᠢᠨ ᠲᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ ᠦᠨᠡᠨᠴᠢ | ᠢᠲᠡᠭᠡᠮᠵᠢ ᠶᠢᠨ ᠲᠤᠭ᠎ᠠ ᠪᠦᠷᠢᠳᠬᠡᠯ ᠤᠨ ᠠᠮᠠᠯᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠲᠤᠭ᠎ᠠ ᠪᠦᠷᠢᠳᠬᠡᠯ ᠤᠨ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ︽ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠲᠤᠭ᠎ᠠ | ᠪᠦᠷᠢᠳᠬᠡᠯ ᠤᠨ ᠢᠲᠡᠭᠡᠮᠵᠢ ᠬᠡᠪ ᠤᠨ ᠪᠤᠰᠤ ᠠᠵᠤ ᠠᠬᠤᠶᠢᠯᠠᠯ᠂ ᠲᠤᠭ᠎ᠠ ᠪᠦᠷᠢᠳᠬᠡᠯ ᠤᠨ ᠡᠩ ᠤᠨ ᠢᠲᠡᠭᠡᠯ | ᠠᠯᠳᠠᠭᠰᠠᠨ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠤᠭ᠎ᠠ ᠪᠦᠷᠢᠳᠬᠡᠯ ᠨᠢ | ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠮᠥᠩᠭᠦᠨ ᠭᠦᠢᠯᠭᠡᠭᠡ᠂ | ᠦᠢᠯᠡᠳᠪᠦᠷᠢ ᠬᠤᠳᠠᠯᠳᠤᠭ᠎ᠠ ᠵᠡᠷᠭᠡ ᠠᠵᠢᠯ ᠲᠥᠷᠥᠯ ᠪᠠ ᠰᠠᠯᠠᠭ᠎ᠠ ᠮᠥᠴᠢᠷ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠰᠢᠰᠲ᠋ᠧᠮ ᠳᠤ ᠣᠷᠣᠭᠤᠯᠵᠤ᠂ ᠲᠡᠷᠡᠴᠢᠯᠡᠨ ︽ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ | ᠢᠲᠡᠭᠡᠮᠵᠢ ᠳᠤ ᠬᠢᠨᠠᠯᠲᠠ ᠲᠠᠯᠪᠢᠬᠤ᠂ ᠰᠡᠷᠡᠮᠵᠢᠯᠡᠭᠦᠯᠬᠦ ᠪᠠ ᠵᠠᠯᠬᠠᠭᠠᠨ ᠴᠡᠭᠡᠷᠯᠡᠭᠦᠯᠬᠦ ᠲᠣᠭᠲᠠᠴᠠ ᠶᠢᠨ | ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠪ | ᠠᠯᠪᠠᠨ ᠲᠠᠷᠬᠠᠭᠠᠭᠰᠠᠨ ﹇2016﹈ 64 ᠳ᠋ᠤᠭᠡᠷ ᠲᠣᠭᠠᠲᠤ︶ ᠶᠣᠰᠣᠭᠠᠷ᠂ ᠵᠢᠴᠢ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠬᠤᠷᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ ᠶᠢᠨ 44 ᠳ᠋ᠤᠭᠡᠷ ᠶᠠᠮᠤᠨ ᠬᠤᠷᠢᠶ᠎ᠠ | ᠬᠠᠮᠲᠤᠷᠠᠨ ︽ᠲᠤᠭ᠎ᠠ ᠪᠦᠷᠢᠳᠬᠡᠯ ᠤᠨ ᠬᠦᠷᠢᠶᠡᠨ ᠳᠠᠬᠢ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶᠢᠯᠠᠯ | ᠵᠢᠴᠢ ᠲᠡᠭᠦᠨ ᠤ ᠬᠤᠯᠪᠣᠭᠳᠠᠯ ᠪᠥᠬᠦᠶ ᠬᠥᠮᠦᠰ ᠲᠤ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠵᠢᠯᠯᠠᠭ᠎ᠠ ᠥᠷᠨᠢᠭᠦᠯᠬᠦ | ᠲᠤᠬᠠᠶ ᠬᠠᠮᠲᠤᠷᠠᠯᠴᠠᠭᠠᠨ ᠤ ᠰᠠᠨᠠᠭᠤᠯᠤᠮᠵᠢ ︵ᠵᠠᠰᠠᠪᠤᠷᠢ ᠣᠷᠣᠭᠤᠯᠤᠭᠰᠠᠨ ᠬᠡᠪᠯᠡᠯ︶︾ ︵ᠬᠥᠭᠵᠢᠭᠦᠯᠦᠯᠲᠡ | ᠥᠭᠡᠷᠡᠴᠢᠯᠡᠯᠲᠡ ᠡᠳ᠋ ᠤᠨ ᠵᠠᠰᠠᠭ ᠪᠡᠯᠡ︹ 2018 ︺ 1862 ᠳ᠋ᠤᠭᠠᠷ ᠲᠣᠭᠠᠲᠤ︶ ᠶᠢ ᠳᠠᠷᠤᠮᠠᠯᠯᠠᠨ | ᠲᠠᠷᠬᠠᠭᠠᠵᠤ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠤᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ | ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠠᠶᠢᠮᠠᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠴᠠᠭᠳᠠᠨ ᠪᠠᠶᠢᠴᠠᠭᠠᠬᠤ ᠠᠯᠪᠠᠨ ᠬᠡᠷ᠂ ᠣᠷᠣᠨ ᠲᠤᠭ᠎ᠠ ᠶᠢᠨ ᠠᠯᠪᠠᠨ | ᠬᠡᠷ᠂ ᠨᠠᠮ ᠤᠨ ᠰᠤᠷᠭᠠᠭᠤᠯᠢ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠬᠡᠷ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠢᠩᠭᠠᠨ ᠪᠠᠶᠢᠴᠠᠭᠠᠬᠤ | ᠠᠩᠭᠢ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ ︶ | ︵ᠬᠤᠶᠠᠷ︶ ᠲᠤᠭ᠎ᠠ ᠪᠦᠷᠢᠳᠬᠡᠯ ᠤᠨ ᠰᠢᠰᠲ᠋ᠧᠮᠵᠢ ᠶᠢᠨ ᠬᠠᠮᠵᠢᠯᠴᠠᠬᠤ ᠶᠢ ᠠᠬᠢᠭᠤᠯᠤᠨ᠎ᠠ᠃ ᠨᠢᠭᠡ ᠳᠤ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠎ᠠ᠃ ︽ᠴᠢᠯᠥᠭᠡᠲᠡᠶ ᠪᠦᠷᠢᠳᠬᠡᠬᠦ︾ ᠵᠠᠮ ᠢᠶᠠᠷ | ᠵᠠᠮᠨᠠᠬᠤ ᠶᠢ ᠪᠠᠷᠢᠮᠲᠠᠯᠠᠵᠤ᠂ ᠶᠡᠷᠦᠩᠬᠡᠶᠢᠯᠡᠭᠰᠡᠨ ᠲᠤᠭ᠎ᠠ ᠪᠦᠷᠢᠳᠬᠡᠯ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠪᠠ | ᠨᠡᠶᠢᠭᠡᠮ ᠤᠨ ᠲᠤᠭ᠎ᠠ ᠪᠦᠷᠢᠳᠬᠡᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢᠨ ᠬᠠᠮᠢᠶᠠᠷᠤᠯᠲᠠ ᠪᠠ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠠᠯᠠᠭ᠎ᠠ | ᠮᠥᠴᠢᠷ ᠤᠨ ᠮᠡᠳᠡᠭᠡ ᠵᠠᠩᠭᠢ ᠶᠢᠨ ᠪᠠᠬᠢᠯᠡᠯᠲᠡ ᠪᠠ ᠠᠵᠢᠯ ᠲᠥᠷᠥᠯ ᠤᠨ ᠥᠨᠥᠴᠢᠨ ᠠᠷᠠᠯ ᠢ ᠡᠪᠳᠡᠵᠦ᠂ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ | ᠲᠥᠪᠯᠡᠷᠡᠭᠦᠯᠦᠨ ᠬᠡᠷᠡᠭᠯᠡᠬᠦ ᠶᠢ ᠠᠬᠢᠭᠤᠯᠤᠨ᠂ ᠲᠤᠭ᠎ᠠ ᠪᠦᠷᠢᠳᠬᠡᠯ ᠢᠶᠠᠷ ᠭᠤᠤᠯᠯᠠᠭᠤᠯᠬᠤ᠂ ᠠᠵᠢᠯ ᠤᠨ ᠬᠤᠪᠢᠶᠠᠷᠢᠯᠠᠯ | ᠰᠢᠨᠵᠢᠯᠡᠬᠦ ᠤᠬᠠᠭᠠᠨᠴᠢ᠂ ᠨᠢᠭᠲᠠ ᠬᠠᠮᠵᠢᠯᠴᠠᠬᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠠᠵᠢᠯ ᠤᠨ | ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ᠬᠤᠶᠠᠷ ᠲᠤ ᠬᠠᠮᠲᠤᠷᠠᠭᠰᠠᠨ ᠬᠤᠷᠠᠯᠳᠤᠭᠠᠨ ᠤ | ᠲᠣᠭᠲᠠᠴᠠ ᠶᠢ ᠪᠠᠶᠢᠭᠤᠯᠤᠨ᠎ᠠ᠃ ᠲᠤᠭ᠎ᠠ ᠪᠦᠷᠢᠳᠬᠡᠯ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠵᠢᠴᠢ ᠬᠤᠰᠢᠭᠤ ᠰᠢᠶᠠᠨ ᠬᠤᠲᠠ ᠵᠡᠷᠭᠡ | ᠭᠠᠵᠠᠷ ᠣᠷᠣᠨ ᠤ ᠰᠠᠯᠠᠭ᠎ᠠ ᠮᠥᠴᠢᠷ ᠢ ᠬᠠᠮᠤᠷᠤᠭᠰᠠᠨ ᠪᠦᠬᠦ ᠠᠶᠢᠮᠠᠭ ᠤᠨ ᠠᠵᠤ ᠠᠬᠤᠶ ᠶᠢᠨ ᠪᠠᠶᠢᠳᠠᠯ ᠢ ᠵᠠᠳᠠᠯᠬᠤ | ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠰᠠᠷ᠎ᠠ ᠶᠢᠨ ᠠᠵᠤ ᠠᠬᠤᠶ ᠶᠢᠨ ᠭᠦᠢᠴᠡᠳᠭᠡᠯ ᠲᠤᠭ᠎ᠠ ᠶᠢᠨ | ᠬᠠᠨᠳᠤᠰᠢ ᠳᠤ ᠴᠢᠭᠯᠡᠭᠦᠯᠦᠨ ᠵᠥᠪᠳᠡᠯᠴᠡᠵᠦ ᠰᠤᠳᠤᠯᠤᠨ ᠮᠠᠭᠠᠳᠯᠠᠬᠤ ᠪᠠ ᠨᠠᠷᠢᠯᠢᠭ ᠣᠨᠣᠴᠠᠲᠠᠶ ᠪᠠᠷ ᠵᠠᠳᠠᠯᠤᠯᠲᠠ | ᠬᠢᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠯᠡᠨ ᠵᠢᠱᠢᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ | ᠵᠠᠳᠠᠯᠤᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠲᠤᠭ᠎ᠠ ᠪᠦᠷᠢᠳᠬᠡᠯ ᠤᠨ ᠠᠵᠢᠯ ᠤᠨ | ᠵᠥᠪᠳᠡᠯᠴᠡᠬᠦ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠵᠥᠪᠳᠡᠯᠴᠡᠬᠦ ᠬᠦᠷᠢᠶ᠎ᠡ ᠬᠡᠪᠴᠢᠶ᠎ᠡ ᠶᠢ | ᠥᠷᠭᠡᠳᠬᠡᠵᠦ᠂ ᠵᠥᠪᠳᠡᠯᠴᠡᠬᠦ ᠠᠭᠤᠯᠭ᠎ᠠ ᠶᠢ ᠪᠠᠶᠠᠯᠢᠭᠵᠢᠭᠤᠯᠤᠨ᠂ ᠵᠥᠪᠳᠡᠯᠴᠡᠬᠦ ᠦᠷ᠎ᠡ ᠪᠦᠲᠦᠮᠵᠢ ᠶᠢ | ᠨᠡᠮᠡᠭᠳᠡᠭᠦᠯᠬᠦ ᠶᠢᠨ ᠬᠠᠮᠲᠤ ᠴᠠᠭ ᠲᠤᠬᠠᠶ ᠳᠤᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠤ ᠠᠵᠢᠯ ᠤᠨ | ᠰᠠᠨᠠᠭᠤᠯᠭ᠎ᠠ ᠪᠠᠨ ᠳᠤᠷᠠᠳᠬᠤ ᠬᠡᠷᠡᠭᠲᠡᠶ᠃ ᠭᠤᠷᠪᠠ ᠳᠤ ᠬᠠᠮᠲᠤᠷᠠᠨ ᠬᠢᠨᠠᠵᠤ ᠬᠠᠮᠲᠤᠷᠠᠨ ᠮᠡᠳᠡᠭᠦᠯᠬᠦ ᠲᠣᠭᠲᠠᠴᠠ ᠶᠢ | ᠪᠠᠶᠢᠭᠤᠯᠤᠨ᠎ᠠ᠃ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠠᠮᠲᠤᠷᠠᠨ ᠬᠢᠨᠠᠬᠤ ᠲᠦᠷᠢᠮ ᠪᠠ ᠲᠤᠭ᠎ᠠ | ᠪᠠᠷᠢᠮᠲᠠ ᠶᠢ ᠦᠨᠡᠯᠡᠨ ᠵᠢᠱᠢᠬᠦ ᠠᠷᠭ᠎ᠠ ᠶᠢ ᠪᠠᠶᠢᠭᠤᠯᠤᠨ ᠪᠦᠷᠢᠨᠰᠢᠬᠦᠯᠵᠦ᠂ ᠬᠢᠨᠠᠨ ᠬᠠᠷᠭᠤᠭᠤᠯᠵᠤ ᠦᠨᠡᠯᠡᠨ | ᠵᠢᠱᠢᠬᠦ ᠶᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠨᠡᠶᠢᠲᠡᠯᠡᠬᠦ ᠠᠴᠠ ᠡᠮᠦᠨᠡᠬᠢ ᠵᠠᠪᠠᠯ ᠥᠩᠭᠡᠷᠡᠭᠡᠬᠦ ᠲᠠᠰ | ᠳᠠᠷᠠᠭᠠᠯᠠᠯ ᠪᠣᠯᠭᠠᠵᠤ᠂ ᠲᠤᠭ᠎ᠠ ᠪᠠᠷᠢᠮᠲᠠ ᠶᠢᠨ ᠬᠤᠭᠤᠷᠣᠨᠳᠣᠬᠢ ᠵᠣᠬᠢᠴᠠᠯᠳᠤ ᠴᠢᠨᠠᠷ᠂ ᠬᠠᠨᠳᠤᠰᠢ ᠶᠢᠨ ᠴᠢᠨᠠᠷ᠂ | ᠯᠣᠭᠢᠭᠴᠢ ᠴᠢᠨᠠᠷ᠂ ᠵᠦᠶ ᠵᠣᠬᠢᠰᠲᠠᠶ ᠴᠢᠨᠠᠷ ᠢ ᠬᠢᠨᠠᠨ ᠬᠠᠷᠭᠤᠭᠤᠯᠵᠤ ᠦᠨᠡᠯᠡᠨ ᠵᠢᠱᠢᠬᠦ ᠶᠢ ᠴᠢᠩᠭᠠᠳᠬᠠᠨ᠂ ᠲᠤᠭ᠎ᠠ | ᠪᠠᠷᠢᠮᠲᠠ ᠶᠢᠨ ᠡᠬᠢ ᠡᠭᠦᠰᠦᠯ ᠤᠨ ᠪᠣᠭᠤᠮᠲᠠ ᠪᠠ ᠨᠡᠶᠢᠲᠡᠯᠡᠬᠦ ᠪᠣᠭᠤᠮᠲᠠ ᠶᠢ ᠰᠠᠶᠢᠲᠤᠷ ᠠᠳᠬᠤᠵᠤ᠂ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ︵ᠲᠦᠷᠦᠭᠦᠯᠡᠬᠦ ᠰᠠᠯᠠᠭ᠎ᠠ | ᠮᠥᠴᠢᠷ᠄ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠠᠶᠢᠮᠠᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠠᠲᠠᠷ ᠬᠠᠭᠠᠯᠪᠤᠷᠢᠯᠠᠯᠲᠠ ᠶᠢᠨ ᠦᠢᠯᠡᠰ ᠤᠨ | ᠬᠥᠭᠵᠢᠯᠲᠡ ᠶᠢᠨ ᠲᠥᠪ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠭᠤᠷᠪᠠ︶ ᠲᠤᠭ᠎ᠠ ᠪᠦᠷᠢᠳᠬᠡᠯ ᠤᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠬᠤ ᠶᠢ ᠠᠬᠢᠭᠤᠯᠤᠨ᠎ᠠ᠃ ︽ | ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠲᠤᠭ᠎ᠠ ᠪᠦᠷᠢᠳᠬᠡᠯ ᠢ ᠬᠠᠮᠢᠶᠠᠷᠬᠤ᠂ ᠲᠤᠭ᠎ᠠ ᠪᠦᠷᠢᠳᠬᠡᠯ ᠢ | ᠬᠠᠮᠢᠶᠠᠷᠬᠤ ᠳᠤ ᠡᠷᠬᠡᠪᠰᠢ ᠶᠠᠰᠤ ᠴᠢᠨᠠᠷ ᠢ ᠬᠠᠮᠢᠶᠠᠷᠬᠤ︾ ᠶᠢ ᠪᠠᠷᠢᠮᠲᠠᠯᠠᠵᠤ᠂ GDP᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ᠂ 500 ᠲᠦᠮᠡᠨ ᠲᠥᠭᠦᠷᠢᠭ ᠠᠴᠠ ᠳᠡᠭᠡᠭᠰᠢᠬᠢ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠶᠡᠷᠦᠩᠬᠡᠶ ᠲᠤᠭ᠎ᠠ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾᠂ R& D | ᠵᠠᠷᠤᠳᠠᠯ ᠤᠨ ᠵᠠᠷᠤᠯᠭ᠎ᠠ ᠵᠡᠷᠭᠡ 6 ᠵᠦᠢᠯ ᠤᠨ ᠭᠤᠤᠯᠳᠠᠯᠭ᠎ᠠ ᠲᠠᠢ ᠭᠦᠢᠴᠡᠳᠭᠡᠯ ᠲᠤᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠤᠨ ᠡᠭᠦᠷᠭᠡ | ᠬᠠᠷᠢᠭᠤᠴᠠᠯᠭ᠎ᠠ ᠶᠢ ᠬᠡᠷᠡᠭᠵᠢᠭᠦᠯᠦᠨ᠂ ᠲᠤᠭ᠎ᠠ ᠪᠦᠷᠢᠳᠬᠡᠯ ᠤᠨ ᠠᠵᠢᠯ ᠢ ᠨᠠᠷᠢᠨ ᠬᠤᠪᠢᠶᠠᠷᠢᠯᠠᠬᠤ ᠬᠦᠷᠢᠶ᠎ᠡ ᠴᠠᠷᠠᠭ᠎ᠠ | ᠳᠠᠰᠢ ᠤᠷᠲᠤᠳᠬᠠᠬᠤ᠂ ᠬᠥᠭᠵᠢᠯᠲᠡ ᠶᠢ ᠠᠬᠢᠭᠤᠯᠬᠤ ᠳᠤ ᠬᠦᠴᠦ ᠲᠠᠯᠪᠢᠬᠤ ᠶᠢ ᠠᠬᠢᠭᠤᠯᠤᠨ᠎ᠠ᠃ ᠨᠢᠭᠡ ᠳᠤ | GDP ᠶᠢᠨ ᠲᠣᠭᠠᠴᠠᠭ᠎ᠠ ᠬᠢᠬᠦ ᠲᠤᠰᠬᠠᠶ ᠠᠵᠢᠯ ᠤᠨ ᠳᠤᠭᠤᠶᠢᠯᠠᠩ ᠢ ᠪᠠᠶᠢᠭᠤᠯᠤᠨ᠎ᠠ᠃ ᠠᠶᠢᠮᠠᠭ ᠤᠨ ᠲᠤᠭ᠎ᠠ | ᠪᠦᠷᠢᠳᠬᠡᠯ ᠤᠨ ᠲᠣᠪᠴᠢᠶ᠎ᠠ ᠪᠠᠷ ᠲᠦᠷᠦᠭᠦᠯᠡᠭᠦᠯᠦᠨ᠂ ᠬᠠᠮᠢᠶ᠎ᠠ ᠪᠥᠬᠦᠶ ᠭᠦᠢᠴᠡᠳᠭᠡᠯ ᠲᠤᠭ᠎ᠠ ᠶᠢᠨ ᠠᠵᠢᠯᠯᠠᠭᠠᠨ ᠤ | ᠪᠠᠶᠢᠳᠠᠯ ᠢ ᠨᠢᠭᠲᠠ ᠮᠥᠷᠳᠡᠨ ᠬᠢᠨᠠᠨ ᠬᠡᠮᠵᠢᠵᠦ ᠲᠣᠭᠠᠴᠠᠭ᠎ᠠ ᠬᠢᠵᠦ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ | ᠴᠠᠭ ᠲᠤᠬᠠᠶ ᠳᠤᠨᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠭᠡᠶᠢᠯᠡᠨ᠎ᠡ᠃ ᠬᠤᠶᠠᠷ ᠲᠤ ᠲᠣᠭᠲᠠᠮᠠᠯ | ᠬᠦᠷᠦᠩᠭᠡ ᠶᠢᠨ ᠪᠡᠯᠡ ᠣᠷᠣᠭᠤᠯᠤᠯᠲᠠ ᠶᠢᠨ ᠲᠤᠰᠬᠠᠶ ᠠᠵᠢᠯ ᠤᠨ ᠳᠤᠭᠤᠶᠢᠯᠠᠩ ᠢ ᠪᠠᠶᠢᠭᠤᠯᠤᠨ᠎ᠠ᠃ ᠠᠶᠢᠮᠠᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢᠶᠠᠷ ᠲᠦᠷᠦᠭᠦᠯᠡᠭᠦᠯᠦᠨ᠂ ᠪᠠᠯᠠ ᠣᠷᠣᠭᠤᠯᠤᠯᠲᠠ ᠶᠢᠨ ᠲᠥᠷᠥᠯ | ᠵᠦᠢᠯ ᠢ ᠮᠥᠷᠳᠡᠨ ᠪᠤᠶᠢᠵᠢᠭᠤᠯᠵᠤ ᠳᠣᠭᠢᠷᠠᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠠ᠃ | ᠭᠤᠷᠪᠠ ᠳᠤ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ ᠲᠤᠰᠬᠠᠶ ᠠᠵᠢᠯ ᠤᠨ | ᠳᠤᠭᠤᠶᠢᠯᠠᠩ ᠢ ᠪᠠᠶᠢᠭᠤᠯᠤᠨ᠎ᠠ᠃ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢᠶᠠᠷ | ᠲᠦᠷᠦᠭᠦᠯᠡᠭᠦᠯᠦᠨ᠂ ᠡᠨᠧᠷᠭᠢ ᠶᠢᠨ ᠬᠤᠷᠣᠭᠳᠠᠯ ᠤᠨ ᠭᠦᠢᠴᠡᠳᠭᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠬᠤ ᠶᠢᠨ ᠬᠠᠮᠲᠤ ᠬᠥᠳᠡᠯᠦᠩᠭᠦᠶ ᠬᠠᠮᠢᠶᠠᠷᠤᠯᠲᠠ ᠶᠢ ᠰᠠᠶᠢᠳᠤᠷ ᠬᠢᠨ᠎ᠡ᠃ ᠲᠦᠷᠪᠡ ᠳᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠲᠤᠰᠬᠠᠶ ᠠᠵᠢᠯ ᠤᠨ ᠳᠤᠭᠤᠶᠢᠯᠠᠩ ᠢ ᠪᠠᠶᠢᠭᠤᠯᠤᠨ᠎ᠠ᠃ ᠠᠶᠢᠮᠠᠭ ᠤᠨ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠭᠤᠤᠯᠳᠠᠯᠭ᠎ᠠ ᠲᠠᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠦᠢᠯᠡᠳᠪᠦᠷᠢᠯᠡᠯ ᠪᠣᠷᠣᠯᠠᠭᠤᠯᠭ᠎ᠠ ᠶᠢ | ᠵᠣᠯᠭᠠᠭᠤᠯᠬᠤ ᠵᠡᠷᠭᠡ ᠪᠠᠶᠢᠳᠠᠯ ᠢ ᠠᠩᠬᠠᠷᠴᠤ᠂ ᠮᠥᠷᠳᠡᠵᠦ ᠬᠢᠨᠠᠨ ᠬᠡᠮᠵᠢᠵᠦ ᠪᠤᠶᠢᠵᠢᠭᠤᠯᠬᠤ ᠶᠢ ᠰᠠᠶᠢᠲᠤᠷ ᠬᠢᠨ᠎ᠠ᠃ | ᠲᠠᠪᠤ ᠳᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠣᠭᠠᠨ ᠤ ᠲᠤᠰᠬᠠᠶ | ᠠᠵᠢᠯ ᠤᠨ ᠳᠤᠭᠤᠶᠢᠯᠠᠩ ᠢ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ ᠪᠠᠷ | ᠲᠦᠷᠦᠭᠦᠯᠡᠭᠦᠯᠦᠨ᠂ ᠳᠡᠭᠡᠳᠦ ᠱᠠᠲᠤ ᠪᠠ ᠳᠣᠤᠷᠠᠳᠤ ᠱᠠᠲᠤᠨ ᠤ ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ ᠬᠤᠨᠤᠭ ᠢᠳᠡᠭᠡᠨ ᠤᠮᠳᠠᠭᠠᠨ ᠤ ᠦᠢᠯᠡᠰ ᠤᠨ ᠠᠵᠢᠯᠯᠠᠭᠠᠨ ᠤ ᠬᠠᠮᠢᠶᠠᠷᠤᠯᠲᠠ ᠶᠢ ᠨᠢᠭᠡᠳᠦᠯᠲᠡᠶ | ᠲᠥᠯᠥᠪᠯᠡᠨ ᠵᠣᠬᠢᠴᠠᠭᠤᠯᠤᠨ᠎ᠠ ᠃ ᠵᠢᠷᠭᠤᠭ᠎ᠠ ᠳᠤ R&D ᠵᠠᠷᠤᠳᠠᠯ ᠤᠨ ᠵᠠᠷᠤᠯᠭ᠎ᠠ ᠶᠢᠨ ᠲᠤᠰᠬᠠᠶ ᠠᠵᠢᠯ ᠤᠨ | ᠳᠤᠭᠤᠶᠢᠯᠠᠩ ᠢ ᠪᠠᠶᠢᠭᠤᠯᠤᠨ᠎ᠠ᠃ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠷ | ᠲᠦᠷᠦᠭᠦᠯᠡᠭᠦᠯᠦᠨ᠂ R&D ᠵᠠᠷᠤᠳᠠᠯ ᠤᠨ ᠵᠠᠷᠤᠯᠭ᠎ᠠ ᠶᠢᠨ ᠲᠤᠰᠬᠠᠶ ᠵᠦᠢᠯ ᠤᠨ ᠠᠵᠢᠯ ᠢ ᠬᠠᠷᠢᠭᠤᠴᠠᠵᠤ᠂ | ᠰᠢᠨᠵᠢᠯᠡᠬᠦ ᠤᠬᠠᠭᠠᠨ ᠤ ᠰᠤᠳᠤᠯᠭᠠᠨ ᠪᠠ ᠬᠠᠮᠢᠶ᠎ᠠ ᠪᠥᠬᠦᠶ ᠠᠵᠤ ᠠᠬᠤᠶᠢᠯᠠᠯ ᠢ ᠮᠥᠷᠳᠡᠨ ᠪᠤᠶᠢᠵᠢᠭᠤᠯᠬᠤ ᠶᠢ | ᠰᠠᠶᠢᠲᠤᠷ ᠬᠢᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠡᠯ᠎ᠡ ᠲᠤᠰᠬᠠᠶ ᠵᠦᠢᠯ ᠤᠨ ᠳᠤᠭᠤᠶᠢᠯᠠᠩ ᠤᠨ | ᠲᠦᠷᠦᠭᠦᠯᠡᠬᠦ ᠨᠢᠭᠡᠴᠢ᠂ ᠬᠠᠮᠵᠢᠯᠴᠠᠬᠤ ᠰᠠᠯᠠᠭ᠎ᠠ ᠮᠥᠴᠢᠷ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠤᠰᠤᠨ | ᠠᠰᠢᠭᠯᠠᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠢᠩᠭᠠᠨ ᠪᠠᠶᠢᠴᠠᠭᠠᠬᠤ ᠠᠩᠭᠢ᠂ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠳᠥᠷᠪᠡ︶ ᠲᠤᠭ᠎ᠠ ᠪᠦᠷᠢᠳᠬᠡᠯ ᠤᠨ ᠠᠷᠭ᠎ᠠ ᠶᠢ ᠨᠠᠷᠢᠯᠢᠭ ᠣᠨᠣᠴᠠᠲᠠᠶ ᠪᠣᠯᠭᠠᠬᠤ ᠶᠢ ᠠᠬᠢᠭᠤᠯᠤᠨ᠎ᠠ᠃ | ᠨᠢᠭᠡ ᠳᠤ ᠡᠩ ᠤᠨ ᠲᠤᠬᠠᠶᠢᠯᠠᠭᠰᠠᠨ ᠠᠵᠢᠯ ᠤᠨ ᠲᠤᠭ᠎ᠠ ᠪᠦᠷᠢᠳᠬᠡᠯ ᠢ ᠡᠯ᠎ᠡ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠤᠯᠤᠰ ᠤᠨ ᠨᠢᠭᠡᠳᠦᠯᠲᠡᠶ ᠲᠤᠭ᠎ᠠ ᠪᠦᠷᠢᠳᠬᠡᠯ ᠤᠨ ᠪᠠᠷᠢᠮᠵᠢᠶ᠎ᠠ ᠪᠠ ᠲᠥᠷᠥᠯ | ᠬᠤᠪᠢᠶᠠᠨ ᠲᠤᠭ᠎ᠠ ᠪᠦᠷᠢᠳᠬᠡᠯ ᠤᠨ ᠡᠭᠦᠷᠭᠡ ᠪᠠᠨ ᠭᠦᠢᠴᠡᠳᠭᠡᠬᠦ ᠶᠢ ᠬᠠᠤᠯᠢ ᠶᠣᠰᠣᠭᠠᠷ ᠠᠬᠢᠭᠤᠯᠵᠤ᠂ ᠬᠠᠷᠢᠶ᠎ᠠ | ᠠᠵᠢᠯ ᠲᠥᠷᠥᠯ ᠤᠨ ᠢᠶᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠬᠢᠵᠦ ᠳᠡᠩᠰᠡᠯᠡᠨ ᠲᠡᠮᠳᠡᠭᠯᠡᠬᠦ᠂ ᠲᠤᠭ᠎ᠠ ᠪᠠᠷᠢᠮᠲᠠ | ᠣᠷᠣᠭᠤᠯᠬᠤ᠂ ᠶᠠᠰᠤ ᠴᠢᠨᠠᠷ ᠢ ᠡᠵᠡᠮᠳᠡᠬᠦ ᠪᠠ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ ᠵᠡᠷᠭᠡ ᠪᠠᠶᠢᠴᠠᠭᠠᠯᠲᠠ ᠶᠢᠨ | ᠰᠠᠭᠤᠷᠢ ᠠᠵᠢᠯ ᠢ ᠰᠠᠶᠢᠲᠤᠷ ᠬᠢᠬᠦ ᠬᠡᠷᠡᠭᠲᠡᠶ᠃ ᠤᠯᠤᠰ ᠤᠨ ᠪᠠᠷᠢᠮᠵᠢᠶ᠎ᠠ ᠶᠢᠨ ᠲᠤᠭ᠎ᠠ ᠪᠦᠷᠢᠳᠬᠡᠯ ᠤᠨ ᠲᠣᠭᠠᠴᠠᠭ᠎ᠠ | ᠬᠢᠬᠦ ᠠᠷᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ | ᠠᠵᠢᠯ ᠤᠨ ᠪᠣᠯᠪᠠᠰᠤᠷᠠᠭᠤᠯᠤᠯ ᠢ ᠴᠢᠩᠭᠠᠷᠠᠭᠤᠯᠤᠨ᠂ ᠪᠥᠬᠦ ᠠᠶᠢᠮᠠᠭ ᠤᠨ ᠲᠤᠭ᠎ᠠ ᠪᠦᠷᠢᠳᠬᠡᠯ ᠤᠨ ᠠᠵᠤ ᠠᠬᠤᠶ ᠶᠢᠨ | ᠨᠡᠶᠢᠳᠡᠮ ᠪᠠᠶᠢᠴᠠᠭᠠᠯᠲᠠ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯᠤᠨ ᠲᠠᠷᠢᠶᠠᠯᠠᠩ ᠤᠨ ᠨᠡᠶᠢᠳᠡᠮ | ᠪᠠᠶᠢᠴᠠᠭᠠᠯᠲᠠ ᠵᠡᠷᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠡᠶᠢᠳᠡᠮ ᠪᠠᠶᠢᠴᠠᠭᠠᠯᠲᠠ ᠶᠢᠨ ᠴᠢᠬᠤᠯᠠ | ᠶᠡᠭᠡ ᠡᠭᠦᠷᠭᠡ ᠳᠤ ᠴᠢᠭᠯᠡᠭᠦᠯᠦᠨ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠠᠴᠠ ᠨᠢᠭᠡᠳᠦᠯᠲᠡᠶ ᠲᠥᠯᠥᠪᠯᠡᠨ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠬᠠᠮᠲᠤᠪᠠᠷ | ᠪᠡᠶᠡᠯᠡᠭᠦᠯᠬᠦ ᠬᠡᠷᠡᠭᠲᠡᠶ᠃ ᠬᠤᠶᠠᠷ ᠲᠤ ᠰᠢᠨ᠎ᠡ ᠪᠠᠷ ᠬᠥᠭᠵᠢᠭᠰᠡᠨ ᠠᠵᠤ ᠠᠬᠤᠶ ᠶᠢᠨ ᠲᠤᠭ᠎ᠠ ᠪᠦᠷᠢᠳᠬᠡᠯ ᠢ ᠴᠠᠭ | ᠦᠶ᠎ᠡ ᠲᠠᠢ ᠵᠡᠷᠭᠡᠪᠡᠷ ᠤᠷᠤᠭᠰᠢᠯᠠᠬᠤ ᠶᠢ ᠪᠠᠷᠢᠮᠲᠠᠯᠠᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠳᠤᠮᠳᠠ ᠴᠣᠯᠭᠤᠷᠠᠨ ᠭᠠᠷᠤᠭᠰᠠᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ᠂ ᠰᠢᠨ᠎ᠡ ᠬᠤᠳᠠᠯᠳᠤᠭᠠᠨ ᠤ ᠵᠠᠭᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠠᠵᠤ ᠠᠬᠤᠶ ᠳᠤ | ᠬᠠᠷᠢᠶᠠᠯᠠᠭᠳᠠᠬᠤ ᠠᠵᠢᠯ ᠲᠥᠷᠥᠯ ᠤᠨ ᠠᠩᠭᠢᠯᠠᠯ ᠢ ᠣᠨᠣᠪᠴᠢᠲᠠᠶ ᠵᠠᠭᠠᠭᠯᠠᠨ ᠲᠣᠭᠲᠠᠭᠠᠵᠤ᠂ ᠪᠦᠷᠢᠳᠬᠡᠬᠦ ᠬᠦᠷᠢᠶ᠎ᠡ | ᠬᠡᠪᠴᠢᠶ᠎ᠡ ᠶᠢ ᠥᠷᠭᠡᠳᠬᠡᠨ᠂ ᠲᠣᠭᠠᠴᠠᠭ᠎ᠠ ᠬᠢᠬᠦ ᠠᠭᠤᠯᠭ᠎ᠠ ᠪᠠ ᠠᠷᠭ᠎ᠠ ᠶᠢ ᠲᠡᠭᠦᠯᠳᠡᠷᠵᠢᠭᠦᠯᠦᠨ᠎ᠡ᠃ ᠣᠲᠣ ᠶᠢᠨ | ᠬᠡᠷᠡᠭᠵᠢᠭᠦᠯᠵᠦ ᠪᠠᠶᠢᠭ᠎ᠠ ᠠᠵᠢᠯ ᠲᠥᠷᠥᠯ ᠤᠨ ᠵᠠᠭᠠᠭ ᠬᠢᠵᠠᠭᠠᠷ ᠨᠢ ᠲᠣᠳᠣᠷᠬᠠᠶ ᠥᠬᠡᠶ ᠪᠤᠶᠤ ᠠᠵᠢᠯ ᠲᠥᠷᠥᠯ ᠤᠨ | ᠣᠷᠣᠯᠠᠬᠤ ᠨᠣᠮᠧᠷ ᠢᠶᠠᠷ ᠲᠣᠭᠲᠠᠭᠠᠬᠤ ᠶᠢᠨ ᠠᠷᠭ᠎ᠠ ᠥᠬᠡᠶ ᠠᠵᠤ ᠠᠬᠤᠶᠢᠯᠠᠯ ᠳᠤ᠂ ᠲᠤᠬᠠᠶ ᠶᠢᠨ ᠭᠠᠵᠠᠷ ᠲᠤᠨᠢ | ᠤᠶᠢᠯᠠᠭᠠᠨ ᠵᠢᠭᠰᠠᠭᠠᠬᠤ ᠪᠠ ᠪᠠᠶᠢᠴᠠᠭᠠᠨ ᠰᠤᠳᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠠᠵᠤ ᠠᠬᠤᠶᠢᠯᠠᠯ ᠤᠨ | ᠠᠵᠤ ᠠᠬᠤᠶ ᠶᠢᠨ ᠠᠵᠢᠯᠯᠠᠭ᠎ᠠ ᠶᠢᠨ ᠰᠢᠨᠵᠢ ᠴᠢᠨᠠᠷ᠂ ᠠᠴᠢᠶᠠᠯᠠᠪᠤᠷᠢ ᠶᠢᠨ ᠬᠡᠯᠪᠡᠷᠢ ᠪᠠᠶᠢᠳᠠᠯ᠂ ᠬᠦᠴᠦᠨ ᠵᠦᠢᠯ ᠤᠨ | ᠨᠡᠶᠢᠯᠡᠮᠡᠯ ᠵᠠᠭᠪᠤᠷ ᠢ ᠡᠵᠡᠮᠰᠢᠨ᠂ ᠠᠵᠢᠯ ᠲᠥᠷᠥᠯ ᠤᠨ ᠲᠥᠷᠥᠯ ᠠᠩᠭᠢᠯᠠᠯ ᠢ ᠬᠥᠳᠡᠯᠦᠩᠭᠦᠶ ᠪᠠᠷ ᠵᠠᠭᠠᠭᠯᠠᠨ | ᠲᠣᠭᠲᠠᠭᠠᠵᠤ᠂ ᠰᠢᠨ᠎ᠡ ᠪᠠᠷ ᠪᠣᠶ ᠪᠣᠯᠤᠭᠰᠠᠨ ᠠᠵᠤ ᠠᠬᠤᠶ ᠶᠢᠨ ᠨᠢᠭᠡᠳᠬᠡᠪᠡᠰᠦ ᠵᠣᠬᠢᠬᠤ ᠶᠢ ᠨᠢ ᠪᠦᠬᠦᠨ ᠢ | ᠨᠢᠭᠡᠳᠬᠡᠬᠦ ᠶᠢ ᠦᠨᠡᠨᠬᠦ ᠪᠠᠲᠤᠯᠠᠨ᠎ᠠ᠃ ᠭᠤᠷᠪᠠ ᠳᠤ ︽ᠲᠦᠷᠪᠡ ᠶᠢ ᠳᠡᠭᠡᠭᠰᠢᠯᠡᠭᠦᠯᠬᠦ︾ ᠠᠵᠤ ᠠᠬᠤᠶᠢᠯᠠᠯ ᠢ | ᠪᠤᠶᠢᠵᠢᠭᠤᠯᠬᠤ ᠶᠢ ᠴᠢᠩᠭᠠᠳᠬᠠᠨ᠎ᠠ᠃ ︽ᠳᠥᠷᠪᠡ ᠶᠢ ᠳᠡᠭᠡᠭᠰᠢᠯᠡᠭᠦᠯᠬᠦ︾ ᠠᠵᠤ ᠠᠬᠤᠶᠢᠯᠠᠯ ᠢ ᠪᠤᠶᠢᠵᠢᠭᠤᠯᠬᠤ | ᠲᠥᠰᠦᠯ ᠢ ᠲᠣᠭᠲᠠᠭᠠᠵᠤ᠂ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠤᠨ ᠲᠤᠬᠠᠶ ᠶᠢᠨ ᠲᠠᠯᠠᠪᠤᠷ ᠲᠤ ᠬᠢᠨᠠᠨ | ᠬᠠᠷᠭᠤᠭᠤᠯᠬᠤ ᠪᠠ ᠬᠥᠮᠥᠷᠭᠡ ᠠᠴᠠ ᠭᠠᠷᠭᠠᠬᠤ ᠪᠠᠷ ᠪᠠᠶᠢᠭ᠎ᠠ ᠠᠵᠤ ᠠᠬᠤᠶᠢᠯᠠᠯ ᠤᠨ ᠲᠤᠬᠠᠶ ᠶᠢᠨ ᠲᠠᠯᠠᠪᠤᠷ ᠲᠤ | ᠬᠦᠷᠴᠦ ᠰᠤᠷᠪᠤᠯᠵᠢᠯᠠᠬᠤ ᠶᠢ ᠴᠢᠩᠭᠠᠳᠬᠠᠨ᠂ ᠤᠷᠮᠠᠰᠢᠭᠤᠯᠬᠤ ᠠᠷᠭ᠎ᠠ ᠶᠢ ᠰᠦᠪᠡᠭᠴᠢᠯᠡᠵᠦ᠂ ᠠᠵᠤ ᠠᠬᠤᠶᠢᠯᠠᠯ ᠤᠨ | ᠬᠥᠮᠥᠷᠭᠡ ᠳᠤ ᠣᠷᠣᠭᠤᠯᠬᠤ ᠢᠳᠡᠪᠬᠢᠵᠢᠯ ᠢ ᠬᠠᠮᠠᠭᠠᠯᠠᠨ᠂ ᠠᠵᠤ ᠠᠬᠤᠶᠢᠯᠠᠯ ᠤᠨ ᠲᠦᠷᠢᠮ ᠳᠤ ᠣᠷᠣᠬᠤ | ᠰᠠᠨᠠᠭᠠᠴᠢᠯᠠᠭᠠᠲᠤ ᠴᠢᠨᠠᠷ ᠢ ᠬᠥᠭᠵᠢᠭᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠴᠢᠳᠠᠮᠠᠭᠠᠶ ᠴᠢᠨᠠᠷ ᠢ | ᠴᠢᠩᠭᠠᠷᠠᠭᠤᠯᠤᠨ᠂ ︽ᠳᠥᠷᠪᠡ ᠶᠢ ᠳᠡᠭᠡᠭᠰᠢᠯᠡᠭᠦᠯᠬᠦ︾ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ | ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ︵ᠲᠦᠷᠦᠭᠦᠯᠡᠬᠦ | ᠰᠠᠯᠠᠭ᠎ᠠ ᠮᠥᠴᠢᠷ᠄ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠠᠲᠠᠷ | ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ︶ | ︵ᠲᠠᠪᠤ︶ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠢᠷᠡᠭᠡᠳᠦ᠋ᠢᠴᠢᠯᠡᠯᠲᠡ ᠶᠢ ᠠᠬᠢᠭᠤᠯᠤᠨ᠎ᠠ᠃ ᠨᠢᠭᠡ ᠳᠤ | ᠦᠢᠯᠡᠴᠢᠯᠡᠭᠡᠨ ᠤ ᠵᠠᠳᠠᠯᠤᠯᠲᠠ ᠶᠢ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ | ᠵᠡᠷᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠭᠠᠵᠠᠷ ᠯᠤᠭ᠎ᠠ ᠬᠠᠮᠲᠤᠷᠠᠨ | ᠠᠵᠢᠯᠯᠠᠬᠤ ᠪᠠᠨ ᠴᠢᠩᠭᠠᠳᠬᠠᠵᠤ᠂ ᠪᠥᠬᠦ ᠠᠶᠢᠮᠠᠭ ᠤᠨ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯᠲᠡᠨ ᠤ | ᠬᠥᠮᠥᠷᠭᠡ ᠶᠢ ᠪᠠᠶᠢᠭᠤᠯᠵᠤ᠂ ᠤᠯᠠᠨ ᠤᠯᠤᠰ ᠤᠨ ᠪᠠᠶᠢᠳᠠᠯ ᠪᠠ ᠪᠥᠬᠦ ᠤᠯᠤᠰ᠂ ᠪᠥᠬᠦ ᠣᠷᠣᠨ ᠤ ᠠᠵᠤ ᠠᠬᠤᠶ ᠶᠢᠨ | ᠬᠠᠨᠳᠤᠰᠢ ᠳᠤ ᠠᠩᠬᠠᠷᠤᠯ ᠢᠶᠠᠨ ᠲᠥᠪᠯᠡᠷᠡᠭᠦᠯᠦᠨ᠂ ᠪᠥᠬᠦ ᠠᠶᠢᠮᠠᠭ ᠤᠨ ᠠᠵᠤ ᠠᠬᠤᠶ ᠶᠢᠨ ᠭᠦᠢᠴᠡᠳᠭᠡᠯ ᠲᠤᠭ᠎ᠠ ᠶᠢᠨ | ᠬᠤᠪᠢᠷᠠᠯᠲᠠ ᠶᠢᠨ ᠪᠠᠶᠢᠳᠠᠯ ᠢ ᠴᠢᠩᠭ᠎ᠠ ᠠᠩᠬᠠᠷᠴᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠯᠠᠮᠰᠢᠯ | ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠣᠯᠠᠨ ᠰᠠᠯᠠᠭ᠎ᠠ ᠮᠥᠴᠢᠷ ᠬᠠᠮᠲᠤᠷᠠᠨ ᠵᠥᠪᠳᠡᠯᠴᠡᠬᠦ ᠲᠣᠭᠲᠠᠴᠠ ᠶᠢ | ᠪᠠᠶᠢᠭᠤᠯᠤᠨ᠂ ᠭᠦᠢᠴᠡᠳᠭᠡᠯ ᠲᠤᠭ᠎ᠠ ᠶᠢᠨ ᠲᠤᠭ᠎ᠠ ᠪᠠᠷᠢᠮᠲᠠ ᠶᠢᠨ ᠬᠠᠨᠳᠤᠰᠢ ᠶᠢ ᠭᠦᠨᠵᠡᠭᠡᠶ ᠰᠤᠳᠤᠯᠵᠤ᠂ ᠲᠤᠰᠬᠠᠶ | ᠰᠡᠳᠦᠪᠲᠦ ᠪᠠᠶᠢᠴᠠᠭᠠᠨ ᠪᠦᠷᠢᠳᠬᠡᠬᠦ ᠠᠵᠢᠯ ᠢ ᠥᠷᠨᠢᠭᠦᠯᠵᠦ᠂ ᠨᠠᠮ ᠵᠠᠰᠠᠭ ᠤᠨ ᠪᠠᠶᠢᠭᠤᠯᠭ᠎ᠠ ᠪᠠ ᠣᠯᠠᠨ ᠲᠦᠮᠡᠨ ᠳᠤ | ᠲᠤᠰᠬᠠᠶᠢᠵᠢᠭᠰᠠᠨ ᠪᠦᠷᠢᠳᠬᠡᠨ ᠵᠠᠳᠠᠯᠬᠤ ᠦᠢᠯᠡᠴᠢᠯᠡᠭᠡ ᠬᠠᠩᠭᠠᠨ᠎ᠠ᠃ ᠬᠤᠶᠠᠷ ᠲᠤ ᠲᠤᠰᠬᠠᠶ ᠰᠡᠳᠦᠪᠲᠦ | ᠦᠢᠯᠡᠴᠢᠯᠡᠭᠡ ᠶᠢ ᠴᠢᠩᠭᠠᠳᠬᠠᠨ᠎ᠠ᠃ ᠠᠶᠢᠮᠠᠭ ᠤᠨ ᠨᠠᠮ ᠤᠨ ᠬᠤᠷᠢᠶ᠎ᠠ ᠶᠢᠨ ᠵᠠᠬᠢᠷᠭ᠎ᠠ ᠶᠢᠨ ᠭᠤᠤᠯ ᠠᠵᠢᠯ᠂ | ᠭᠤᠤᠯᠳᠠᠯᠭ᠎ᠠ ᠲᠠᠢ ᠠᠵᠢᠯ ᠳᠤ ᠦᠢᠯᠡᠴᠢᠯᠡᠬᠦ ᠶᠢᠨ ᠲᠣᠭᠤᠷᠢᠨ ᠳᠤ᠂ ᠬᠡᠯᠬᠢᠶᠡᠨ ᠤ ᠳᠠᠷᠤᠭ᠎ᠠ ᠶᠢᠨ ᠲᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠲᠠᠲᠠᠵᠤ | ᠪᠠᠶᠢᠭᠠᠳ ᠬᠡᠯᠬᠢᠶᠡᠨ ᠤ ᠳᠠᠷᠤᠭ᠎ᠠ ᠶᠢᠨ ᠲᠦᠷᠢᠮ ᠤᠨ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠲᠤᠰᠬᠠᠶ | ᠠᠩᠭᠢ ᠶᠢ ᠵᠣᠬᠢᠶᠠᠨ ᠪᠠᠶᠢᠭᠤᠯᠵᠤ᠂ ᠲᠤᠭ᠎ᠠ ᠪᠠᠷᠢᠮᠲᠠ ᠶᠢ ᠪᠠᠶᠢᠴᠠᠭᠠᠨ ᠯᠠᠪᠯᠠᠬᠤ᠂ ᠬᠥᠳᠡᠯᠦᠩᠭᠦᠶ ᠵᠠᠳᠠᠯᠤᠯᠲᠠ ᠬᠢᠬᠦ᠂ | ᠪᠠᠶᠢᠳᠠᠯ ᠢ ᠲᠥᠰᠦᠭᠡᠯᠡᠬᠦ ᠵᠡᠷᠭᠡ ᠦᠢᠯᠡᠴᠢᠯᠡᠭᠡ ᠶᠢ ᠮᠥᠷᠳᠡᠨ ᠬᠠᠩᠭᠠᠵᠤ᠂ ᠠᠬᠢᠴᠠ ᠶᠢᠨ ᠵᠠᠳᠠᠯᠤᠯᠲᠠ᠂ | ᠶᠡᠷᠦᠩᠬᠡᠶᠢᠯᠡᠭᠰᠡᠨ ᠵᠠᠳᠠᠯᠤᠯᠲᠠ᠂ ᠠᠵᠤ ᠦᠢᠯᠡᠰ ᠤᠨ ᠵᠠᠳᠠᠯᠤᠯᠲᠠ ᠪᠠ ᠲᠤᠰᠬᠠᠶ ᠰᠡᠳᠦᠪᠲᠦ ᠵᠠᠳᠠᠯᠤᠯᠲᠠ ᠶᠢ | ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠪᠥᠬᠦ ᠠᠵᠤ ᠦᠢᠯᠡᠰ ᠤᠨ ᠬᠡᠯᠬᠢᠶᠡᠨ ᠤ ᠴᠢᠨᠠᠷ ᠰᠠᠶᠢᠲᠠᠶ | ᠬᠥᠭᠵᠢᠯᠲᠡ ᠳᠤ ᠬᠦᠴᠦᠨ ᠨᠡᠮᠡᠷᠢᠯᠡᠨ᠎ᠡ᠃ ᠭᠤᠷᠪᠠ ᠳᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ | ᠮᠠᠭᠠᠳᠯᠠᠬᠤ ᠶᠢ ᠴᠢᠩᠭᠠᠳᠬᠠᠨ᠎ᠠ᠃ ᠠᠵᠤ ᠠᠬᠤᠶ ᠶᠢᠨ ᠬᠥᠭᠵᠢᠯᠲᠡ ᠶᠢᠨ ᠠᠵᠢᠯᠯᠠᠭᠠᠨ ᠤ ᠬᠢᠨᠠᠨ ᠬᠡᠮᠵᠢᠬᠦ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ | ᠬᠤᠪᠢᠷᠠᠯᠲᠠ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠭᠦᠨᠵᠡᠭᠡᠢ ᠰᠤᠳᠤᠯᠤᠨ ᠮᠠᠭᠠᠳᠯᠠᠵᠤ ᠵᠠᠳᠠᠯᠤᠯᠲᠠ | ᠬᠢᠵᠦ᠂ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠪᠠ ᠬᠠᠨᠳᠤᠰᠢ ᠶᠢᠨ ᠴᠢᠨᠠᠷᠲᠠᠢ ᠠᠰᠠᠭᠤᠳᠠᠯ ᠢ ᠴᠠᠭ | ᠲᠤᠬᠠᠢ ᠳᠤᠨᠢ ᠢᠯᠡᠷᠡᠭᠦᠯᠵᠦ᠂ ᠬᠡᠪ ᠤᠨ ᠪᠤᠰᠤ ᠬᠤᠪᠢᠷᠠᠯᠲᠠ ᠶᠢᠨ ᠭᠦᠢᠴᠡᠳᠬᠡᠯ ᠲᠤᠭ᠎ᠠ᠂ ᠡᠵᠡᠩᠨᠡᠯᠲᠡ ᠨᠢ | ᠬᠦᠴᠢᠷᠳᠡᠯᠲᠡᠢ ᠠᠵᠤ ᠠᠬᠤᠶᠢᠯᠠᠯ᠂ ᠲᠦᠷᠦᠯ ᠵᠦᠢᠯ ᠳᠤ ᠴᠢᠭᠯᠡᠭᠦᠯᠦᠨ ᠭᠤᠣᠯᠳᠠᠯᠭ᠎ᠠ ᠲᠠᠢ ᠠᠩᠬᠠᠷᠤᠯ ᠲᠠᠯᠪᠢᠬᠤ ᠶᠢᠨ | ᠬᠠᠮᠲᠤ ᠴᠠᠭ ᠲᠤᠬᠠᠢ ᠳᠤᠨᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠵᠦ᠂ ᠠᠰᠠᠭᠤᠳᠠᠯ ᠢ | ᠪᠦᠲᠦᠮᠵᠢᠲᠡᠢ ᠰᠢᠢᠳᠪᠦᠷᠢᠯᠡᠬᠦ ᠰᠠᠨᠠᠯ ᠪᠠ ᠠᠷᠭ᠎ᠠ ᠬᠡᠮᠵᠢᠶ᠎ᠡ ᠶᠢ ᠳᠤᠷᠠᠳᠴᠤ᠂ ︽ᠲᠣᠭᠠᠨ ᠤ ᠬᠥᠮᠥᠷᠭᠡ︾ ︽ | ᠤᠶᠤᠨ ᠤ ᠬᠥᠮᠥᠷᠭᠡ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ︵ᠲᠦᠷᠦᠭᠦᠯᠡᠬᠦ ᠰᠠᠯᠠᠭ᠎ᠠ | ᠮᠥᠴᠢᠷ᠄ ᠡᠯ᠎ᠡ ᠲᠤᠰᠬᠠᠶ ᠵᠦᠢᠯ ᠤᠨ ᠳᠤᠭᠤᠶᠢᠯᠠᠩ ᠤᠨ ᠲᠦᠷᠦᠭᠦᠯᠡᠬᠦ ᠨᠢᠭᠡᠴᠢ᠂ ᠬᠠᠮᠵᠢᠯᠴᠠᠬᠤ ᠰᠠᠯᠠᠭ᠎ᠠ ᠮᠥᠴᠢᠷ᠄ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭᠠᠨ ᠤ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ | ᠬᠢᠩᠭᠠᠨ ᠳᠠᠬᠢ ᠪᠠᠶᠢᠴᠠᠭᠠᠬᠤ ᠠᠩᠭᠢ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠵᠢᠷᠭᠤᠭ᠎ᠠ︶ ᠲᠤᠭ᠎ᠠ ᠪᠦᠷᠢᠳᠬᠡᠯ ᠤᠨ ᠰᠠᠭᠤᠷᠢ ᠠᠵᠢᠯ ᠤᠨ ᠵᠢᠷᠤᠮᠵᠢᠯᠲᠠ ᠶᠢ ᠠᠬᠢᠭᠤᠯᠤᠨ᠎ᠠ᠃ ᠨᠢᠭᠡ ᠳᠤ | ᠦᠨᠳᠦᠰᠦᠨ ᠱᠠᠲᠤᠨ ᠤ ᠨᠥᠬᠦᠴᠡᠯ ᠤᠨ ᠰᠠᠶᠢᠵᠢᠷᠠᠯᠲᠠ ᠶᠢ ᠲᠦᠯᠬᠢᠨ ᠠᠬᠢᠭᠤᠯᠤᠨ᠎ᠠ᠃ ᠦᠨᠳᠦᠰᠦᠨ ᠱᠠᠲᠤᠨ ᠤ | ᠲᠤᠭ᠎ᠠ ᠪᠦᠷᠢᠳᠬᠡᠯ ᠤᠨ ︽ᠨᠠᠢᠮᠠ ᠲᠠᠢ ᠪᠣᠯᠭᠠᠬᠤ︾ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ | ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠢ ᠵᠢᠷᠤᠮᠵᠢᠭᠤᠯᠬᠤ ᠪᠠᠶᠢᠭᠤᠯᠤᠯᠲᠠ ᠶᠢ ᠶᠡᠬᠡᠪᠡᠷ ᠲᠥᠯᠬᠢᠨ | ᠠᠬᠢᠭᠤᠯᠬᠤ ᠶᠢᠨ ᠬᠠᠮᠲᠤ ᠣᠨ ᠤ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠤ ᠣᠷᠣᠭᠤᠯᠬᠤ ᠬᠡᠷᠡᠭᠲᠡᠶ᠃ | ᠠᠵᠢᠯ ᠤᠨ ᠪᠠᠶᠢᠭᠤᠯᠤᠮᠵᠢ ᠶᠢ ᠳᠣᠭᠢᠷᠠᠭᠤᠯᠬᠤ᠂ ᠠᠵᠢᠯᠲᠠᠨ ᠤ ᠬᠦᠴᠦᠨ ᠢ ᠳᠣᠭᠢᠷᠠᠭᠤᠯᠬᠤ᠂ ᠠᠵᠢᠯ ᠤᠨ | ᠨᠥᠬᠦᠴᠡᠯ ᠢ ᠰᠠᠶᠢᠵᠢᠷᠠᠭᠤᠯᠬᠤ᠂ ᠵᠠᠷᠤᠳᠠᠯ ᠢ ᠲᠥᠰᠦᠪ ᠲᠤ ᠣᠷᠣᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ | ᠭᠤᠤᠯᠳᠠᠯᠭ᠎ᠠ ᠲᠠᠢ ᠰᠢᠢᠳᠪᠦᠷᠢᠯᠡᠵᠦ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠣᠷᠴᠢᠨ | ᠲᠣᠭᠤᠷᠢᠨ ᠪᠠ ᠣᠯᠭᠤᠮᠵᠢ ᠶᠢ ᠦᠷᠭᠦᠯᠵᠢᠯᠡᠨ ᠰᠠᠶᠢᠵᠢᠷᠠᠭᠤᠯᠵᠤ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ | ᠠᠵᠢᠯᠲᠠᠨ ᠤ ᠪᠣᠳᠠᠲᠠᠶ ᠬᠦᠴᠢᠷᠳᠡᠯ ᠢ ᠰᠢᠢᠳᠪᠦᠷᠢᠯᠡᠨ᠂ ᠲᠤᠭ᠎ᠠ ᠪᠦᠷᠢᠳᠬᠡᠯ ᠤᠨ ᠠᠵᠢᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ 2025 ᠣᠨ ᠠᠴᠠ ᠡᠮᠦᠨ᠎ᠡ ᠪᠥᠬᠦ ᠠᠶᠢᠮᠠᠭ ᠤᠨ 88 ᠨᠢᠭᠡᠴᠢ ᠶᠢ ᠪᠠᠷᠢᠮᠵᠢᠶ᠎ᠠ ᠳᠤ ᠬᠦᠷᠦᠭᠦᠯᠬᠦ᠂ | ᠲᠠᠰ ᠳᠡᠪᠰᠢᠭᠦᠯᠬᠦ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠬᠤᠶᠠᠷ ᠲᠤ ᠲᠤᠭ᠎ᠠ ᠪᠦᠷᠢᠳᠬᠡᠯ ᠤᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠶᠡᠷᠦᠩᠬᠡᠶᠢᠯᠡᠭᠰᠡᠨ ᠲᠤᠭ᠎ᠠ ᠪᠦᠷᠢᠳᠬᠡᠯ᠂ ᠰᠠᠯᠠᠭ᠎ᠠ ᠮᠥᠴᠢᠷ ᠤᠨ ᠲᠤᠭ᠎ᠠ | ᠪᠦᠷᠢᠳᠬᠡᠯ᠂ ᠦᠨᠳᠦᠰᠦᠨ ᠱᠠᠲᠤᠨ ᠤ ᠲᠤᠭ᠎ᠠ ᠪᠦᠷᠢᠳᠬᠡᠯ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ︽ | ᠳᠥᠷᠪᠡᠨ ᠰᠠᠯᠠᠭ᠎ᠠ ᠡᠩᠨᠡᠭᠡ︾ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠠᠵᠢᠯᠲᠠᠨ ᠢ | ᠪᠦᠷᠢᠨ ᠭᠦᠢᠴᠡᠳ ᠴᠢᠩᠭ᠎ᠠ ᠳᠣᠭᠢᠷᠠᠭᠤᠯᠤᠨ᠂ ᠡᠩᠨᠡᠭᠡ ᠶᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ | ᠢᠯᠠᠩᠭᠤᠶ᠎ᠠ ᠬᠤᠰᠢᠭᠤ ᠰᠢᠶᠠᠨ ᠬᠤᠲᠠ᠂ ᠰᠤᠮᠤ ᠰᠢᠶᠠᠩ ᠪᠠᠯᠭᠠᠰᠤ ᠶᠢᠨ ᠲᠤᠭ᠎ᠠ ᠪᠦᠷᠢᠳᠬᠡᠯ ᠤᠨ ᠠᠵᠢᠯᠲᠠᠨ ᠤ | ᠬᠠᠮᠢᠶᠠᠷᠤᠯᠲᠠ ᠶᠢ ᠴᠢᠩᠭᠠᠳᠬᠠᠵᠤ᠂ ᠲᠣᠰᠬᠤᠨ ︵ᠰᠠᠭᠤᠭᠠᠯᠢ ᠠᠷᠠᠳ︶ ᠤ ᠠᠷᠠᠳ ᠤᠨ ᠵᠥᠪᠯᠡᠯ ᠤᠨ ᠲᠤᠭ᠎ᠠ | ᠪᠦᠷᠢᠳᠬᠡᠯ ᠤᠨ ᠲᠣᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠵᠠᠭᠪᠤᠷ ᠢ ᠰᠦᠪᠡᠭᠴᠢᠯᠡᠨ ᠪᠠᠶᠢᠭᠤᠯᠬᠤ ᠶᠢᠨ | ᠬᠠᠮᠲᠤ ᠠᠵᠢᠯᠲᠠᠨ ᠤ ᠬᠠᠷᠢᠴᠠᠩᠭᠤᠶ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃ ᠲᠤᠭ᠎ᠠ ᠪᠦᠷᠢᠳᠬᠡᠯ ᠤᠨ | ᠪᠠᠶᠢᠭᠤᠯᠤᠮᠵᠢ ᠶᠢᠨ ᠠᠵᠢᠯᠲᠠᠨ ᠤ ᠬᠦᠴᠦᠨ ᠬᠦᠷᠦᠯᠴᠡᠬᠦ ᠥᠬᠡᠶ ᠬᠤᠰᠢᠭᠤ ᠰᠢᠶᠠᠨ ᠬᠤᠲᠠ ᠪᠣᠯᠤᠨ ᠰᠤᠮᠤ ᠰᠢᠶᠠᠩ | ᠪᠠᠯᠭᠠᠰᠤ ᠳᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠵᠣᠬᠢᠰᠲᠠᠶ ᠬᠡᠯᠪᠠᠶᠢᠯᠭᠡᠵᠦ᠂ ᠲᠤᠭ᠎ᠠ | ᠪᠦᠷᠢᠳᠬᠡᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ ᠭᠤᠷᠪᠠ ᠳᠤ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠦᠢᠯᠡᠴᠢᠯᠡᠭᠡ ᠶᠢ ᠴᠢᠩᠭᠠᠳᠬᠠᠨ᠎ᠠ᠃ | ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠠᠵᠢᠯ ᠮᠡᠷᠭᠡᠵᠢᠯ ᠤᠨ | ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠠᠵᠢᠯᠲᠠᠨ ᠤ ᠤᠯᠤᠰ ᠲᠥᠷᠥ ᠶᠢᠨ | ᠬᠡᠪ ᠴᠢᠨᠠᠷ᠂ ᠬᠠᠤᠯᠢ ᠶᠣᠰᠣᠭᠠᠷ ᠪᠦᠷᠢᠳᠬᠡᠬᠦ ᠦᠵᠡᠯ ᠤᠬᠠᠮᠰᠠᠷ ᠪᠠ ᠠᠵᠢᠯ ᠮᠡᠷᠭᠡᠵᠢᠯ ᠤᠨ ᠶᠣᠰᠣ ᠮᠣᠷᠠᠯ ᠤᠨ | ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ᠂ ᠴᠢᠳᠠᠪᠤᠷᠢ ᠶᠢ ᠳᠡᠭᠡᠭᠰᠢᠯᠡᠭᠦᠯᠬᠦ | ᠪᠣᠯᠪᠠᠰᠤᠷᠠᠭᠤᠯᠤᠯ ᠪᠠ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠲᠥᠯᠥᠪᠯᠡᠭᠡ ᠲᠠᠢ ᠲᠠᠰ | ᠳᠠᠪᠬᠤᠷᠭ᠎ᠠ ᠬᠤᠪᠢᠶᠠᠨ ᠥᠷᠨᠢᠭᠦᠯᠵᠦ᠂ ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠭᠴᠢ᠂ | ᠨᠢᠭᠡᠳᠦᠯᠲᠡᠶ ᠬᠥᠮᠦᠵᠢᠭᠦᠯᠬᠦ ᠳᠤ ᠭᠤᠤᠯᠳᠠᠯᠭ᠎ᠠ ᠪᠠᠨ ᠲᠥᠪᠯᠡᠷᠡᠭᠦᠯᠦᠨ᠎ᠡ | ︵ᠳᠣᠯᠤᠭ᠎ᠠ︶ ᠲᠤᠭ᠎ᠠ ᠪᠦᠷᠢᠳᠬᠡᠯ ᠤᠨ ᠠᠷᠭ᠎ᠠ ᠪᠠᠷᠢᠯ ᠤᠨ ᠣᠳᠣᠬᠢᠴᠢᠯᠠᠯᠲᠠ ᠶᠢ ᠠᠬᠢᠭᠤᠯᠤᠨ᠎ᠠ᠃ ᠨᠢᠭᠡ ᠳᠤ᠂ | ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠶᠢ ᠴᠢᠩᠭ᠎ᠠ ᠠᠳᠬᠤᠨ᠎ᠠ᠃ ︽ᠬᠡᠷᠡᠭ ᠤᠨ ᠡᠮᠦᠨ᠎ᠡ ᠲᠦᠷᠢᠮ | ᠲᠣᠭᠲᠠᠭᠠᠵᠤ᠂ ᠬᠡᠷᠡᠭ ᠤᠨ ᠳᠤᠮᠳᠠ ᠴᠢᠩᠭ᠎ᠠ ᠬᠢᠨᠠᠨ ᠬᠠᠷᠭᠤᠭᠤᠯᠵᠤ᠂ ᠬᠡᠷᠡᠭ ᠤᠨ ᠳᠠᠷᠠᠭ᠎ᠠ ᠴᠢᠩᠭ᠎ᠠ ᠬᠢᠨᠠᠨ | ᠪᠠᠶᠢᠴᠠᠭᠠᠬᠤ︾ ᠶᠢ ᠪᠠᠷᠢᠮᠲᠠᠯᠠᠨ ᠰᠢᠶᠠᠨ᠂ ᠰᠢᠶᠠᠩ᠂ ᠲᠣᠰᠬᠤᠨ᠂ ᠠᠵᠤ ᠠᠬᠤᠶᠢᠯᠠᠯ ︽ᠳᠥᠷᠪᠡ ᠶᠢ ᠨᠢᠭᠡ | ᠴᠤᠭᠴᠠᠵᠢᠭᠤᠯᠬᠤ︾ ᠰᠦᠯᠵᠢᠶ᠎ᠡ ᠪᠠᠷ ᠰᠢᠭᠤᠳ ᠮᠡᠳᠡᠭᠦᠯᠬᠦ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ | ᠪᠦᠷᠢᠳᠬᠡᠯ ᠤᠨ ᠮᠠᠲ᠋ᠧᠷᠢᠶᠠᠯ ᠢ ᠭᠦᠨᠵᠡᠭᠡᠶ ᠬᠠᠭᠠᠯᠪᠤᠷᠢᠯᠠᠨ ᠨᠠᠷᠢᠯᠢᠭ ᠬᠢᠵᠦ᠂ ᠪᠦᠷᠢᠳᠭᠡᠪᠡᠰᠦ ᠵᠣᠬᠢᠬᠤ ᠶᠢ ᠨᠢ ᠴᠥᠮ | ᠪᠦᠷᠢᠳᠭᠡᠵᠦ ᠂ ᠰᠦᠯᠵᠢᠶ᠎ᠡ ᠪᠠᠷ ᠰᠢᠭᠤᠳ ᠮᠡᠳᠡᠭᠦᠯᠦᠭᠰᠡᠨ ᠪᠦᠷᠢᠳᠬᠡᠯ ᠤᠨ ᠲᠤᠭ᠎ᠠ ᠪᠠᠷᠢᠮᠲᠠ ᠶᠢ ᠣᠷᠬᠢᠭᠳᠠᠭᠤᠯᠬᠤ | ᠥᠬᠡᠶ᠂ ᠵᠥᠪ ᠣᠨᠣᠪᠴᠢᠲᠠᠶ ᠪᠠᠶᠢᠯᠭᠠᠬᠤ ᠶᠢ ᠦᠨᠡᠨ ᠬᠦ ᠪᠠᠲᠤᠯᠠᠵᠤ᠂ ᠡᠭᠦᠨ ᠤ ᠤᠯᠠᠮ ᠢᠶᠠᠷ ᠲᠤᠭ᠎ᠠ ᠪᠠᠷᠢᠮᠲᠠ ᠶᠢᠨ | ᠶᠠᠰᠤ ᠴᠢᠨᠠᠷ ᠢ ᠡᠬᠢ ᠡᠭᠦᠰᠦᠯ ᠠᠴᠠ ᠨᠢ ᠪᠠᠲᠤᠳᠬᠠᠬᠤ ᠬᠡᠷᠡᠭᠲᠡᠶ᠃ ᠬᠤᠶᠠᠷ ᠲᠤ᠂ ᠲᠤᠮᠤ ᠳ᠋ᠠᠶᠢᠲ᠋ᠠ ᠶᠢᠨ | ᠬᠡᠷᠡᠭᠯᠡᠯᠲᠡ ᠶᠢ ᠴᠢᠩᠭᠠᠳᠬᠠᠨ᠎ᠠ᠃ ᠪᠦᠬᠦ ᠠᠶᠢᠮᠠᠭ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ | ᠬᠥᠭᠵᠢᠯᠲᠡ ᠶᠢᠨ ᠪᠠᠶᠢᠯᠳᠤᠬᠤ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠡᠯᠧᠺᠲᠷᠣᠨ ᠡᠬᠡ ᠲᠠᠩᠰᠠ ᠪᠠ | ᠲᠣᠭᠠᠴᠢᠯᠠᠭᠰᠠᠨ ᠪᠠᠶᠢᠴᠠᠭᠠᠯᠲᠠ ᠶᠢᠨ ᠠᠷᠭ᠎ᠠ ᠪᠠᠷᠢᠯ ᠢ ᠠᠬᠢᠭᠤᠯᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ | ᠠᠷᠭ᠎ᠠ ᠶᠢᠨ ᠲᠦᠷᠢᠮ ᠬᠢᠭᠡᠳ ᠣᠷᠣᠨ ᠬᠡᠰᠡᠭ ᠤᠨ ᠬᠡᠯᠬᠢᠶ᠎ᠡ᠂ ᠵᠣᠬᠢᠶᠠᠮᠠᠯ ᠣᠶᠤᠨ ᠴᠢᠳᠠᠪᠤᠷᠢ᠂ ᠡᠳ᠋ ᠪᠠᠷᠠᠭᠠᠨ ᠤ | ᠮᠡᠳᠡᠭᠡ ᠵᠠᠩᠭᠢ ᠶᠢᠨ ᠰᠦᠯᠵᠢᠶ᠎ᠡ᠂ 5G ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ | ᠲᠤᠭ᠎ᠠ ᠪᠦᠷᠢᠳᠬᠡᠯ ᠤᠨ ᠠᠵᠢᠯ ᠳᠠᠬᠢ ᠬᠡᠷᠡᠭᠯᠡᠯᠲᠡ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠮᠡᠳᠡᠭᠡ | ᠵᠠᠩᠭᠢᠵᠢᠯᠲᠠ᠂ ᠤᠶᠤᠨᠴᠢᠯᠠᠯᠳᠠ ᠶᠢᠨ ᠠᠷᠭ᠎ᠠ ᠪᠠᠷᠢᠯ ᠢᠶᠠᠷ ᠲᠤᠭ᠎ᠠ ᠪᠦᠷᠢᠳᠬᠡᠯ ᠤᠨ ᠴᠤᠪᠤᠷᠠᠯ ᠢ ᠳᠠᠬᠢᠨ ᠵᠣᠬᠢᠶᠠᠵᠤ᠂ | ᠲᠤᠭ᠎ᠠ ᠪᠦᠷᠢᠳᠬᠡᠯ ᠤᠨ ᠠᠷᠭ᠎ᠠ ᠪᠠ ᠲᠤᠭ᠎ᠠ ᠪᠠᠷᠢᠮᠲᠠ ᠶᠢᠨ ᠢᠷᠡᠯᠲᠡ ᠶᠢ ᠪᠠᠶᠠᠯᠢᠭᠵᠢᠭᠤᠯᠤᠨ ᠥᠷᠭᠡᠳᠬᠡᠵᠦ᠂ | ᠡᠩ ᠤᠨ ᠲᠤᠭ᠎ᠠ ᠪᠦᠷᠢᠳᠬᠡᠯ ᠪᠠ ᠵᠠᠰᠠᠭ ᠵᠠᠬᠢᠷᠭᠠᠨ ᠤ ᠲᠡᠮᠳᠡᠭᠯᠡᠯ ᠤᠨ ᠬᠦᠷᠦᠯᠴᠡᠬᠦ ᠥᠬᠡᠶ ᠲᠠᠯ᠎ᠠ ᠶᠢ | ᠨᠥᠬᠦᠪᠥᠷᠢᠯᠡᠨ᠎ᠡ᠃ ᠭᠤᠷᠪᠠ ᠳᠤ᠂ ᠠᠵᠢᠯ ᠤᠨ ᠵᠠᠭᠪᠤᠷ ᠤᠨ ᠰᠢᠨ᠎ᠡ ᠶᠢ ᠡᠭᠦᠳᠦᠨ᠎ᠡ᠃ ᠰᠢᠨ᠎ᠡ ᠬᠥᠭᠵᠢᠯᠲᠡ ᠶᠢᠨ | ᠪᠠᠶᠢᠷᠢᠰᠢᠯ ᠯᠤᠭ᠎ᠠ ᠵᠣᠬᠢᠴᠠᠯᠳᠤᠭᠰᠠᠨ ᠣᠳᠣᠬᠢᠴᠢᠯᠠᠭᠰᠠᠨ ᠲᠤᠭ᠎ᠠ ᠪᠦᠷᠢᠳᠬᠡᠯ ᠤᠨ ᠰᠢᠰᠲ᠋ᠧᠮᠵᠢ ᠶᠢ ᠢᠳᠡᠪᠬᠢᠲᠡᠶ | ᠪᠠᠶᠢᠭᠤᠯᠵᠤ᠂ ᠲᠤᠭ᠎ᠠ ᠪᠦᠷᠢᠳᠬᠡᠯ ᠤᠨ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠵᠤ᠂ ᠲᠤᠭ᠎ᠠ ᠪᠦᠷᠢᠳᠬᠡᠯ ᠤᠨ | ᠵᠠᠳᠠᠯᠤᠯᠲᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠤᠭ᠎ᠠ ᠪᠦᠷᠢᠳᠬᠡᠯ ᠢ ᠠᠷᠠᠳ ᠣᠯᠠᠨ ᠤ | ᠠᠮᠢᠳᠤᠷᠠᠯ᠂ ᠨᠡᠶᠢᠭᠡᠮ ᠤᠨ ᠠᠵᠢᠯᠯᠠᠭᠠᠨ ᠳᠤ ᠦᠢᠯᠡᠴᠢᠯᠡᠭᠦᠯᠵᠦ᠂ ︽ᠲᠤᠭ᠎ᠠ ᠪᠠᠷᠢᠮᠲᠠ ᠶᠢᠨ ᠬᠥᠮᠥᠷᠭᠡ︾ ᠠᠴᠠ ︽ | ᠣᠶᠤᠨ ᠤ ᠬᠥᠮᠥᠷᠭᠡ︾ ᠪᠣᠯᠭᠠᠨ ᠲᠠᠰ ᠳᠡᠪᠰᠢᠭᠦᠯᠬᠦ ᠠᠬᠢᠴᠠ ᠶᠢ ᠲᠦᠷᠭᠡᠳᠬᠡᠵᠦ᠂ ᠪᠥᠬᠦ ᠠᠶᠢᠮᠠᠭ ᠤᠨ ᠲᠤᠭ᠎ᠠ | ᠪᠦᠷᠢᠳᠬᠡᠯ ᠤᠨ ᠠᠵᠢᠯ ᠤᠨ ᠪᠥᠬᠦ ᠣᠷᠣᠨ ᠤ ᠡᠮᠦᠨ᠎ᠡ ᠡᠩᠨᠡᠭᠡᠨ ᠳᠤ ᠶᠠᠪᠤᠬᠤ ᠶᠢ ᠠᠬᠢᠭᠤᠯᠤᠨ᠎ᠠ᠃ ︵ᠲᠦᠷᠦᠭᠦᠯᠡᠬᠦ | ᠰᠠᠯᠠᠭ᠎ᠠ ᠮᠥᠴᠢᠷ᠄ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭᠠᠨ ᠤ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠢᠩᠭᠠᠨ ᠳᠠᠬᠢ | ᠪᠠᠶᠢᠴᠠᠭᠠᠬᠤ ᠠᠩᠭᠢ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ᠂ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ︶ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠡᠯ᠎ᠡ ᠰᠠᠯᠠᠭ᠎ᠠ | ᠮᠥᠴᠢᠷ ᠤᠨ ᠬᠢᠨ ᠤᠯᠤᠰ ᠲᠦᠷᠦ ᠶᠢ ᠡᠷᠬᠢᠮᠯᠡᠬᠦ᠂ ᠪᠦᠬᠦ ᠲᠠᠯ᠎ᠠ ᠶᠢ ᠪᠣᠳᠣᠯᠬᠢᠯᠠᠬᠤ ᠦᠨᠳᠦᠷᠴᠡ ᠠᠴᠠ ᠰᠢᠨ᠎ᠡ ᠴᠠᠭ | ᠦᠶ᠎ᠡ ᠶᠢᠨ ᠴᠢᠨᠠᠷ ᠰᠠᠶᠢᠲᠠᠢ ᠲᠤᠭ᠎ᠠ ᠪᠦᠷᠢᠳᠬᠡᠯ ᠤᠨ ᠠᠵᠢᠯ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠠᠵᠢᠯ ᠢ ᠬᠠᠯᠠᠮᠵᠢᠯᠠᠨ ᠳᠡᠮᠵᠢᠵᠦ᠂ ᠪᠣᠳᠠᠲᠠᠢ | ᠬᠦᠴᠢᠷᠳᠡᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠠᠶᠢᠮᠠᠭ ᠤᠨ ᠱᠠᠲᠤᠨ ᠳᠤ ᠵᠠᠬᠢᠷᠭ᠎ᠠ ᠶᠢᠨ ᠭᠤᠤᠯ | ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠠᠶᠢᠮᠠᠭ ᠤᠨ ᠳᠡᠳ᠋ ᠳᠠᠷᠤᠭ᠎ᠠ ᠪᠠᠷ | ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ᠂ ᠬᠤᠰᠢᠭᠤ ᠰᠢᠶᠠᠨ ᠬᠤᠲᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ | ᠨᠥᠬᠦᠳ ᠢᠶᠠᠷ ᠪᠦᠷᠢᠯᠳᠦᠬᠦᠨ ᠪᠣᠯᠭᠠᠭᠰᠠᠨ ᠪᠥᠬᠦ ᠠᠶᠢᠮᠠᠭ ᠤᠨ ︽ᠶᠡᠭᠡ ᠲᠤᠭ᠎ᠠ ᠪᠦᠷᠢᠳᠬᠡᠯ︾ ᠤᠨ ᠪᠠᠶᠢᠷᠢᠰᠢᠯ ᠢ | ᠪᠠᠶᠢᠭᠤᠯᠵᠤ ᠲᠤᠭ᠎ᠠ ᠪᠦᠷᠢᠳᠬᠡᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ ᠳᠣᠤᠷ᠎ᠠ ᠨᠢ GDP ᠶᠢᠨ ᠲᠣᠭᠠᠴᠠᠭ᠎ᠠ᠂ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ᠂ ᠨᠡᠶᠢᠭᠡᠮ ᠤᠨ | ᠬᠡᠷᠡᠭᠯᠡᠭᠡᠨ ᠤ ᠵᠦᠶ᠋ᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ᠂ ᠡᠨᠧᠷᠭᠢ ᠶᠢᠨ ᠬᠤᠷᠣᠭᠳᠠᠯ ᠤᠨ ︽ | ᠬᠤᠤᠰ ᠡᠵᠡᠮᠳᠡᠯ︾᠂ R&D ᠵᠠᠷᠤᠳᠠᠯ ᠤᠨ ᠵᠠᠷᠤᠯᠭ᠎ᠠ ᠵᠡᠷᠭᠡ 6 ᠲᠤᠰᠬᠠᠶ ᠠᠵᠢᠯ ᠤᠨ ᠳᠤᠭᠤᠶᠢᠯᠠᠩ ᠢ | ᠪᠠᠶᠢᠭᠤᠯᠵᠤ᠂ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠠᠬᠢᠭᠤᠯᠵᠤ᠂ ᠪᠥᠬᠦ | ᠠᠶᠢᠮᠠᠭ ᠤᠨ ᠲᠤᠭ᠎ᠠ ᠪᠦᠷᠢᠳᠬᠡᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠪᠡᠶᠡᠯᠡᠭᠦᠯᠬᠦ ᠶᠢ | ᠠᠬᠢᠭᠤᠯᠤᠨ᠎ᠠ᠃ | ︵ᠬᠤᠶᠠᠷ︶ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠨ᠎ᠠ᠃ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠪᠥᠬᠦ ᠠᠶᠢᠮᠠᠭ ᠤᠨ ᠲᠤᠭ᠎ᠠ ᠪᠦᠷᠢᠳᠬᠡᠯ ᠢ ᠨᠢᠭᠡ ᠬᠥᠯᠭᠡ ᠰᠢᠲᠠᠷ᠎ᠠ ᠮᠡᠲᠦ ᠪᠠᠶᠢᠯᠭᠠᠬᠤ ᠦᠵᠡᠯ | ᠰᠠᠨᠠᠭ᠎ᠠ ᠶᠢ ᠪᠣᠶ ᠪᠣᠯᠭᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ᠂ ᠳᠣᠲᠣᠨ᠎ᠠ ᠭᠠᠳᠠᠨᠠᠬᠢ ᠲᠠᠢ | ᠬᠠᠷᠢᠯᠴᠠᠬᠤ᠂ ᠵᠡᠭᠦᠨ ᠪᠠᠷᠠᠭᠤᠨ ᠲᠠᠯ᠎ᠠ ᠪᠠᠨ ᠵᠣᠬᠢᠴᠠᠭᠤᠯᠬᠤ ᠨᠡᠪᠲᠡᠷᠡᠯᠴᠡᠨ ᠬᠠᠷᠢᠯᠴᠠᠬᠤ ᠲᠣᠭᠲᠠᠴᠠ ᠶᠢ ᠪᠠᠶᠢᠭᠤᠯᠬᠤ | ᠬᠡᠷᠡᠭᠲᠡᠶ᠃ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠨᠢ ᠲᠦᠷᠦᠭᠦᠯᠡᠬᠦ ᠦᠢᠯᠡᠳᠦᠯ ᠢᠶᠠᠨ ᠪᠠᠳᠠᠷᠠᠭᠤᠯᠵᠤ᠂ | ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠴᠤᠭᠭᠠᠷ ᠠᠳᠬᠤᠵᠤ ᠬᠠᠮᠲᠤᠪᠠᠷ | ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠤᠯᠤᠰ ᠲᠥᠷᠥ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢᠨ ᠬᠠᠮᠢᠶᠠᠷᠤᠯᠲᠠ᠂ ᠴᠤᠭᠯᠠᠭᠤᠯᠤᠯᠲᠠ ᠶᠢ ᠬᠢᠨᠠᠮᠠᠭᠠᠶ ᠰᠠᠶᠢᠲᠤᠷ ᠬᠢᠵᠦ᠂ ᠲᠤᠭ᠎ᠠ ᠪᠠᠷᠢᠮᠲᠠ ᠶᠢ ᠬᠢᠨᠠᠨ | ᠬᠠᠷᠭᠤᠭᠤᠯᠬᠤ ᠪᠣᠭᠤᠮᠲᠠ ᠶᠢ ᠬᠢᠨᠠᠮᠠᠭᠠᠶ ᠰᠠᠶᠢᠲᠤᠷ ᠠᠳᠬᠤᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ | ᠶᠠᠰᠤ ᠴᠢᠨᠠᠷ ᠤᠨ ᠡᠵᠡᠮᠳᠡᠯ ᠢ ᠴᠢᠩᠭᠠᠳᠬᠠᠬᠤ ᠬᠡᠷᠡᠭᠲᠡᠶ᠃ | ︵ᠭᠤᠷᠪᠠ︶ ᠳᠣᠭᠢᠷᠠᠭᠤᠯᠵᠤ ᠰᠢᠯᠭᠠᠨ ᠬᠢᠨᠠᠬᠤ ᠶᠢ ᠴᠢᠩᠭᠠᠳᠬᠠᠨ᠎ᠠ᠃ ᠰᠢᠯᠭᠠᠨ ᠬᠢᠨᠠᠬᠤ ᠵᠢᠯᠣᠭᠤᠳᠬᠤ | ᠳᠣᠬᠢᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠯᠭᠠᠨ ᠬᠢᠨᠠᠵᠤ ᠦᠨᠡᠯᠡᠬᠦ ᠪᠠ ᠪᠦᠷᠢᠳᠬᠡᠨ ᠬᠢᠨᠠᠨ | ᠬᠡᠮᠵᠢᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠡᠬᠡ ᠲᠠᠩᠰᠠᠴᠢᠯᠠᠭᠰᠠᠨ᠂ ᠨᠠᠷᠢᠨ ᠲᠠᠩᠰᠠ ᠶᠢᠨ | ᠲᠦᠷᠢᠮ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠭᠠᠷᠠᠭ ᠢᠶᠠᠷ ᠳ᠋ᠦᠩᠨᠡᠨ ᠪᠤᠳᠤᠬᠤ᠂ | ᠰᠠᠷ᠎ᠠ ᠪᠠᠷ ᠮᠡᠳᠡᠭᠡᠯᠡᠬᠦ᠂ ᠤᠯᠠᠷᠢᠯ ᠢᠶᠠᠷ ᠳᠣᠭᠢᠷᠠᠭᠤᠯᠬᠤ᠂ ᠵᠢᠯ ᠢᠶᠠᠷ ᠰᠢᠯᠭᠠᠨ ᠦᠨᠡᠯᠡᠬᠦ︾ ᠲᠦᠷᠢᠮ ᠢ ᠬᠡᠷᠡᠭᠵᠢᠭᠦᠯᠵᠦ | ᠂ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠭᠦᠢᠴᠡᠳᠭᠡᠵᠦ᠂ ᠬᠢᠨᠠᠯᠲᠠ ᠲᠠᠯᠪᠢᠬᠤ ᠲᠣᠭᠲᠠᠴᠠ ᠪᠠᠨ | ᠲᠡᠭᠦᠯᠳᠡᠷᠵᠢᠭᠦᠯᠦᠨ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ | ᠲᠤᠯᠭᠠᠭᠤᠷᠢᠯᠠᠯ ᠬᠠᠩᠭᠠᠨ᠎ᠠ᠃ | | |