ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠬᠢᠩᠭᠠᠨ ᠠᠶᠢᠮᠠᠭ ᠤᠨ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠪ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/2/25
    ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2022﹈ 3 ᠳ᠋ᠤᠭᠠᠷ ᠲᠣᠭᠠᠲᠤ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ᠮᠠᠨ ᠤ ᠠᠶᠢᠮᠠᠭ ᠤᠨ ᠭᠡᠨᠡᠳᠲᠡ ᠡᠭᠦᠰᠦᠭᠰᠡᠨ ᠡᠮᠴᠢᠯᠡᠭᠡᠨ ᠤ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠡᠨᠡᠳᠲᠡ ᠡᠭᠦᠰᠦᠭᠰᠡᠨ ᠡᠮᠴᠢᠯᠡᠭᠡᠨ ᠤ ᠬᠠᠶᠠᠭᠳᠠᠮᠠᠯ ᠪᠣᠳᠠᠰ ᠤᠨ ᠪᠣᠬᠢᠷᠲᠤᠯ ᠤᠨ ᠣᠷᠴᠢᠨ ᠲᠣᠭᠤᠷᠢᠨ ᠤ ᠬᠤᠤᠷ ᠬᠥᠨᠥᠭᠡᠯ ᠢ ᠪᠠᠭᠠᠰᠬᠠᠨ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠵᠤ᠂ ᠨᠡᠶᠢᠭᠡᠮ ᠤᠨ ᠲᠣᠭᠲᠠᠭᠤᠨ ᠢ ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ ᠡᠮᠴᠢᠯᠡᠭᠡᠨ ᠤ ᠬᠠᠶᠠᠭᠳᠠᠮᠠᠯ ᠪᠣᠳᠠᠰ ᠢ  ᠰᠢᠢᠳᠪᠦᠷᠢᠯᠡᠬᠦ ᠲᠥᠪ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ  ᠲᠤᠭᠤᠰᠢᠯᠠᠭᠤᠯᠤᠨ ᠬᠡᠷᠡᠭᠵᠢᠭᠦᠯᠲᠦᠭᠡᠶ᠃                                                            2022 ᠣᠨ ᠤ 1 ᠰᠠᠷ᠎ᠠ ᠶᠢᠨ 10 ᠤ  ᠡᠳᠦᠷ    ᠬᠢᠩᠭᠠᠨ ᠠᠶᠢᠮᠠᠭ ᠤᠨ ᠡᠮᠴᠢᠯᠡᠭᠡᠨ ᠤ ᠬᠠᠶᠠᠭᠳᠠᠮᠠᠯ ᠪᠣᠳᠠᠰ ᠢ  ᠰᠢᠢᠳᠪᠦᠷᠢᠯᠡᠬᠦ ᠲᠥᠪ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ      ᠨᠢᠭᠡ᠂ ᠶᠡᠷᠦᠩᠬᠡᠶ ᠳᠦᠷᠢᠮ    ︵ᠨᠢᠭᠡ︶ ᠬᠡᠷᠡᠭᠯᠡᠬᠦ ᠬᠡᠪᠴᠢᠶ᠎ᠡ    ᠲᠣᠰ ᠪᠡᠯᠡᠳᠬᠡᠯ ᠲᠥᠰᠦᠯ ᠢ ᠬᠢᠩᠭᠠᠨ ᠠᠶᠢᠮᠠᠭ ᠤᠨ ᠴᠢ ᠹᠧᠩ ᠡᠮᠴᠢᠯᠡᠭᠡᠨ ᠤ ᠬᠠᠶᠠᠭᠳᠠᠮᠠᠯ ᠪᠣᠳᠠᠰ ᠢ  ᠰᠢᠢᠳᠪᠦᠷᠢᠯᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠳᠣᠷᠣᠭᠰᠢ ︽ᠴᠢ ᠹᠧᠩ ᠺᠣᠮᠫᠠᠨᠢ︾ ᠭᠡᠵᠦ ᠲᠣᠪᠴᠢᠯᠠᠨ᠎ᠠ︶ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠢ ᠠᠮᠤᠷ ᠲᠦᠪᠰᠢᠨ ᠢᠶᠠᠷ ᠰᠢᠢᠳᠪᠦᠷᠢᠡᠯᠬᠦ ᠪᠡᠯᠡᠳᠬᠡᠮᠵᠢ ᠨᠢ ᠬᠡᠪ ᠤᠨ ᠶᠣᠰᠣᠭᠠᠷ ᠠᠵᠢᠯᠯᠠᠵᠤ ᠳᠡᠶᠢᠯᠬᠦ ᠥᠬᠡᠶ ᠭᠡᠨᠡᠳᠲᠡ ᠶᠢᠨ ᠬᠡᠷᠡᠭ ᠲᠤ ᠴᠢᠭᠯᠡᠭᠦᠯᠦᠨ ᠠᠪᠤᠭᠰᠠᠨ ᠡᠮᠴᠢᠯᠡᠭᠡᠨ ᠤ ᠬᠠᠶᠠᠭᠳᠠᠮᠠᠯ ᠪᠣᠳᠠᠰ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠷᠭ᠎ᠠ ᠬᠡᠮᠵᠢᠶ᠎ᠡ ᠳᠤ ᠬᠡᠷᠡᠭᠯᠡᠨ᠎ᠡ᠃    ︵ᠬᠤᠶᠠᠷ︶ ᠣᠷᠣᠨ ᠲᠣᠭᠠᠨ ᠤᠨ ᠦᠨᠳᠦᠰᠦᠯᠡᠯ    ᠦᠨᠳᠦᠰᠦ ᠪᠠᠷᠢᠮᠲᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠢ ᠬᠠᠮᠠᠭᠠᠯᠠᠬᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ ︽ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︽ᠡᠮᠴᠢᠯᠡᠭᠡᠨ ᠤ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠲᠦᠷᠢᠮ︾ ︽ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠠᠷᠭ᠎ᠠ︾ ︽ᠡᠮᠴᠢᠯᠡᠭᠡᠨ ᠤ ᠬᠠᠶᠠᠭᠳᠠᠮᠠᠯ ᠪᠣᠳᠠᠰ ᠤᠨ ᠲᠥᠷᠥᠯ ᠬᠤᠪᠢᠶᠠᠭᠰᠠᠨ ᠨᠡᠷᠡᠰ ᠤᠨ ᠵᠢᠭᠰᠠᠭᠠᠯᠲᠠ︾ ︽ᠡᠮᠴᠢᠯᠡᠭᠡᠨ ᠤ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠭᠡᠯ ᠤᠨ ᠠᠷᠭ᠎ᠠ︾ ︽ᠬᠢᠩᠭᠠᠨ ᠠᠶᠢᠮᠠᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠠᠷᠭᠠᠴᠠᠬᠤ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠡᠮᠴᠢᠯᠡᠭᠡᠨ ᠤ ᠬᠠᠶᠠᠭᠳᠠᠮᠠᠯ ᠪᠣᠳᠠᠰ᠂ ᠬᠠᠶᠠᠭᠳᠠᠮᠠᠯ ᠤᠰᠤᠨ ᠤ ᠬᠠᠮᠢᠶᠠᠷᠤᠯᠲᠠ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ︾ ᠳᠤ ᠲᠣᠰ ᠪᠡᠯᠡᠳᠬᠡᠯ ᠲᠥᠰᠦᠯ ᠢ ᠲᠣᠭᠲᠠᠭᠠᠪᠠ᠃    ︵ᠭᠤᠷᠪᠠ︶ ᠠᠵᠢᠯ ᠤᠨ ᠵᠠᠷᠴᠢᠮ    ︽ᠬᠥᠮᠦᠨ ᠢᠶᠠᠷ ᠦᠨᠳᠦᠰᠦ ᠪᠣᠯᠭᠠᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠨᠢᠭᠡᠳᠦᠯᠲᠡᠶ ᠤᠳᠤᠷᠢᠳᠬᠤ᠂ ᠬᠠᠷᠢᠶ᠎ᠠ ᠭᠠᠵᠠᠷ ᠢᠶᠠᠷ ᠭᠤᠣᠯ ᠪᠣᠯᠭᠠᠬᠤ᠂ ᠤᠳᠤ ᠪᠠᠶᠢᠭ᠎ᠠ ᠡᠬᠢ ᠪᠠᠶᠠᠯᠢᠭ ᠢ ᠭᠦᠢᠴᠡᠳ ᠠᠰᠢᠭᠯᠠᠬᠤ ︾ ᠵᠠᠷᠴᠢᠮ ᠢ ᠪᠠᠷᠢᠮᠲᠠᠯᠠᠨ᠎ᠠ᠃    ᠬᠤᠶᠠᠷ᠂ ᠵᠣᠬᠢᠶᠠᠨ ᠪᠠᠶᠢᠭᠤᠯᠤᠯᠲᠠ   ᠶᠢᠨ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠰᠢᠰᠲ᠋ᠧᠮ    ᠬᠢᠩᠭᠠᠨ ᠠᠶᠢᠮᠠᠭ ᠤᠨ ᠡᠮᠴᠢᠯᠡᠭᠡᠨ ᠤ ᠬᠠᠶᠠᠭᠳᠠᠮᠠᠯ ᠪᠣᠳᠠᠰ ᠢ  ᠰᠢᠢᠳᠪᠦᠷᠢᠯᠡᠬᠦ ᠪᠡᠯᠡᠳᠬᠡᠮᠵᠢ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠨᠢ ᠪᠠᠴᠢᠮ ᠪᠠᠶᠢᠳᠠᠯ ᠢ ᠠᠷᠭᠠᠴᠠᠬᠤ  ᠤᠳᠤᠷᠢᠳᠬᠤ ᠳᠤᠭᠤᠶᠢᠯᠠᠩ ᠵᠢᠴᠢ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠪᠠᠷ ᠪᠦᠷᠢᠯᠳᠦᠨ᠎ᠡ᠃ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠤᠪᠴᠢᠶᠠᠨ ᠳᠤ ᠲᠤᠬᠢᠷᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠳᠤ ᠬᠠᠮᠵᠢᠯᠴᠠᠨ ᠰᠢᠢᠳᠪᠦᠷᠢᠯᠡᠬᠦ ᠪᠡᠯᠡᠳᠬᠡᠮᠵᠢ ᠨᠢ ᠵᠠᠯᠠᠶᠢᠳ ᠬᠤᠰᠢᠭᠤᠨ ᠤ ᠱᠠᠨ ᠱᠦᠢ ᠱᠦᠢᠨᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠡᠷᠭᠢᠯᠳᠦᠭᠡ ᠤᠭᠤᠷᠬᠠᠶ ᠪᠣᠯᠤᠨ᠎ᠠ᠃    ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ    ᠳᠤᠭᠤᠶᠢᠯᠠᠩ ᠤᠨ ᠳᠠᠷᠤᠭ᠎ᠠ᠄ ᠠᠶᠢᠮᠠᠭ ᠤᠨ ᠵᠠᠬᠢᠷᠭ᠎ᠠ ᠶᠢᠨ ᠠᠮᠢ ᠠᠬᠤᠶ ᠣᠷᠴᠢᠨ ᠲᠣᠭᠤᠷᠢᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠠᠶᠢᠮᠠᠭ ᠤᠨ ᠳᠡᠳ᠋  ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄ ᠠᠶᠢᠮᠠᠭ ᠤᠨ ᠵᠠᠬᠢᠷᠭ᠎ᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠨᠠᠷᠢᠨ ᠪᠢᠴᠢᠭ ᠤᠨ ᠳᠡᠳ᠋  ᠳᠠᠷᠤᠭ᠎ᠠ᠂ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠤᠯ ᠬᠠᠷᠢᠭᠤᠴᠠᠯᠭᠠᠲᠠᠨ᠂ ᠡᠯ᠎ᠡ ᠭᠠᠵᠠᠷ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ    ᠪᠦᠷᠢᠯᠳᠦᠬᠦᠨ ᠨᠢᠭᠡᠴᠢ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠯᠠᠶᠢᠳ ᠬᠤᠰᠢᠭᠤᠨ ‍ᠤ‌‍ᠱᠠᠨ ᠱᠦᠢ ᠱᠦᠢᠨᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃    ︵ᠭᠤᠷᠪᠠ︶ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠤᠨ ᠠᠵᠢᠯ ᠤᠨ ᠡᠭᠦᠷᠭᠡ ᠬᠠᠷᠢᠭᠤᠴᠠᠯᠭ᠎ᠠ    ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠬᠦ ᠵᠦᠢᠯᠡᠰ ᠤᠨ  ᠰᠢᠢᠳᠪᠦᠷᠢᠳᠦ ᠪᠣᠳᠣᠯᠭ᠎ᠠ ᠲᠣᠭᠲᠠᠭᠠᠵᠤ᠂ ᠨᠢᠭᠡᠳᠦᠯᠲᠡᠶ ᠵᠢᠯᠣᠭᠤᠳᠤᠨ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠶᠢ  ᠰᠢᠢᠳᠪᠦᠷᠢᠯᠡᠬᠦ ᠠᠵᠢᠯ ᠢ ᠪᠡᠶᠡᠯᠡᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠪᠡᠯᠡᠳᠬᠡᠯ ᠲᠥᠰᠦᠯ ᠢ ᠦᠨᠳᠦᠰᠦᠯᠡᠨ᠂ ᠡᠮᠴᠢᠯᠡᠭᠡᠨ ᠤ ᠬᠠᠶᠠᠭᠳᠠᠮᠠᠯ ᠪᠣᠳᠠᠰ ᠢ  ᠰᠢᠢᠳᠪᠦᠷᠢᠯᠡᠬᠦ ᠨᠢᠭᠡᠴᠢ ᠵᠢᠴᠢ ᠲᠡᠭᠡᠭᠡᠪᠦᠷᠢ ᠶᠢᠨ ᠨᠢᠭᠡᠴᠢ ᠶᠢ ᠵᠢᠭᠠᠨ ᠲᠣᠭᠲᠠᠭᠠᠬᠤ ᠪᠠ ᠬᠤᠪᠢᠷᠠᠭᠤᠯᠬᠤ ᠶᠢ ᠬᠠᠷᠢᠭᠤᠴᠠᠨ᠎ᠠ︔ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠠᠮᠢᠶᠠᠷᠤᠯᠲᠠ ᠪᠠ ᠮᠡᠳᠡᠭᠡ ᠵᠠᠩᠭᠢ ᠶᠢᠨ ᠨᠡᠶᠢᠲᠡᠯᠡᠯᠲᠡ   ᠶᠢ ᠬᠠᠷᠢᠭᠤᠴᠠᠨ᠎ᠠ᠃    ︵ᠳᠥᠷᠪᠡ︶ ᠪᠠᠴᠢᠮ ᠪᠠᠶᠢᠳᠠᠯ ᠢ ᠠᠷᠭᠠᠴᠠᠬᠤ  ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠠᠵᠢᠯ ᠤᠨ ᠡᠭᠦᠷᠭᠡ ᠬᠠᠷᠢᠭᠤᠴᠠᠯᠭ᠎ᠠ    ᠤᠳᠤᠷᠢᠳᠬᠤ ᠳᠤᠭᠤᠶᠢᠯᠠᠩ ᠤᠨ ᠲᠣᠭᠲᠠᠭᠠᠯ ᠵᠢᠴᠢ ᠠᠵᠢᠯ ᠤᠨ ᠪᠠᠶᠢᠷᠢᠯᠠᠭᠤᠯᠤᠯᠲᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠪᠦᠷᠢᠯᠳᠦᠬᠦᠨ ᠨᠢᠭᠡᠴᠢ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠪᠡᠯᠡᠳᠬᠡᠯ ᠲᠥᠰᠦᠯ ᠪᠠ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ  ᠰᠢᠢᠳᠪᠦᠷᠢᠯᠡᠬᠦ ᠠᠵᠢᠯ ᠢ ᠥᠷᠨᠢᠭᠦᠯᠦᠨ᠎ᠡ︔ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠪᠠ ᠵᠠᠰᠠᠪᠤᠷᠢ ᠣᠷᠣᠭᠤᠯᠬᠤ ᠶᠢ ᠬᠠᠷᠢᠭᠤᠴᠠᠨ᠎ᠠ︔ ᠲᠤᠰ ᠪᠡᠯᠡᠳᠬᠡᠯ ᠲᠥᠰᠦᠯ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠷᠢᠯᠴᠠᠬᠤ ᠠᠵᠢᠯ ᠢ ᠬᠠᠷᠢᠭᠤᠴᠠᠨ᠎ᠠ︔ ᠡᠯ᠎ᠡ ᠭᠠᠵᠠᠷ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠠᠷᠭᠠᠴᠠᠨ  ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠠ᠃  ︵ᠲᠠᠪᠤ︶ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ 1. ᠡᠯ᠎ᠡ ᠭᠠᠵᠠᠷ ᠤᠨ ᠵᠠᠰᠠᠭ ᠤᠨ ᠣᠷᠳᠣᠨ ᠨᠤᠭᠤᠳ ᠬᠠᠷᠢᠶ᠎ᠠ ᠣᠷᠣᠨ ᠤ ᠪᠠᠨ ᠳᠣᠲᠣᠷᠠᠬᠢ ᠡᠮᠴᠢᠯᠡᠭᠡᠨ ᠤ ᠬᠠᠶᠠᠭᠳᠠᠮᠠᠯ ᠪᠣᠳᠠᠰ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠤᠭᠤᠴᠠᠭᠠᠨ ᠳᠠᠬᠢ ᠲᠡᠷᠭᠡ ᠬᠥᠰᠬᠡ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠲᠤᠰᠬᠠᠶ ᠬᠡᠷᠡᠭᠯᠡᠬᠦ ᠲᠡᠷᠭᠡ ᠬᠥᠰᠬᠡ ᠪᠣᠯᠤᠨ ᠲᠤᠰᠬᠠᠶ ᠮᠡᠷᠭᠡᠵᠢᠯ ᠤᠨ ᠠᠵᠢᠯᠲᠠᠨ ᠢ ᠳᠣᠭᠢᠷᠠᠭᠤᠯᠤᠨ᠂ ᠲᠣᠭᠲᠠᠭᠰᠠᠨ ᠵᠠᠮ ᠱᠤᠭᠤᠮ ᠢᠶᠠᠷ ᠡᠮᠴᠢᠯᠡᠭᠡᠨ ᠤ ᠬᠠᠶᠠᠭᠳᠠᠮᠠᠯ ᠪᠣᠳᠠᠰ ᠢ ᠴᠤᠭᠯᠠᠭᠤᠯᠬᠤ ᠪᠠ ᠳᠠᠮᠵᠢᠭᠤᠯᠤᠨ ᠲᠡᠭᠡᠭᠡᠪᠦᠷᠢᠯᠡᠨ᠎ᠡ᠃ 2. ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠡᠮᠴᠢᠯᠡᠭᠡᠨ ᠤ ᠬᠠᠶᠠᠭᠳᠠᠮᠠᠯ ᠪᠣᠳᠠᠰ ᠢ ᠴᠤᠭᠯᠠᠭᠤᠯᠬᠤ᠂ ᠲᠡᠭᠡᠭᠡᠪᠦᠷᠢᠯᠡᠬᠦ᠂  ᠰᠢᠢᠳᠪᠦᠷᠢᠯᠡᠬᠦ ᠪᠥᠬᠦ ᠶᠠᠪᠤᠴᠠ ᠳᠤ ᠮᠥᠷᠳᠡᠨ ᠬᠢᠨᠠᠯᠲᠠ ᠲᠠᠯᠪᠢᠬᠤ᠂ ᠬᠢᠨᠠᠨ ᠰᠢᠨᠵᠢᠬᠦ ᠪᠠ ᠣᠷᠴᠢᠨ ᠲᠣᠭᠤᠷᠢᠨ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠯᠵᠢᠭᠦᠯᠦᠨ ᠰᠢᠢᠳᠪᠦᠷᠢᠯᠡᠬᠦ ᠭᠠᠷᠳᠠᠮ ᠢ ᠬᠠᠤᠯᠢ ᠶᠣᠰᠣᠭᠠᠷ  ᠭᠦᠢᠴᠡᠳᠭᠡᠨ᠎ᠡ︔ ᠡᠮᠴᠢᠯᠡᠭᠡᠨ ᠤ ᠬᠠᠶᠠᠭᠳᠠᠮᠠᠯ ᠪᠣᠳᠠᠰ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠭᠰᠡᠨ ᠬᠤᠯᠪᠣᠭᠳᠠᠯ ᠪᠥᠬᠦᠶ ᠪᠠᠶᠢᠳᠠᠯ ᠢ ᠳᠡᠭᠡᠭᠰᠢ ᠮᠡᠳᠡᠭᠦᠯᠬᠦ ᠬᠡᠷᠡᠭᠲᠡᠶ᠃ 3᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠭᠠᠷᠭᠠᠭᠰᠠᠨ ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠵᠤ ᠬᠠᠳᠠᠭᠠᠯᠠᠭᠰᠠᠨ ᠪᠠᠶᠢᠳᠠᠯ ᠢ ᠬᠢᠨᠠᠨ ᠡᠵᠡᠮᠳᠡᠬᠦ ᠶᠢ ᠬᠠᠷᠢᠭᠤᠴᠠᠵᠤ᠂ ᠭᠡᠨᠡᠳᠲᠡ ᠶᠢᠨ ᠬᠡᠷᠡᠭ ᠡᠭᠦᠰᠬᠦ ᠦᠶ᠎ᠡ ᠶᠢᠨ ᠡᠮᠴᠢᠯᠡᠭᠡᠨ ᠤ ᠪᠠᠶᠢᠭᠤᠯᠤᠮᠵᠢ ᠵᠢᠴᠢ ᠵᠠᠯᠠᠶᠢᠳ ᠬᠤᠰᠢᠭᠤᠨ ᠤ ᠱᠠᠨ ᠱᠦᠢ ᠱᠦᠢᠨᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠪᠤᠭᠰᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠤᠬᠠᠶ ᠶᠢᠨ ᠲᠠᠯᠠᠪᠤᠷ ᠲᠤᠨᠢ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠳᠤ ᠡᠷᠡᠭᠦᠯ ᠬᠠᠮᠠᠭᠠᠯᠠᠯ ᠤᠨ ᠰᠡᠷᠭᠡᠶᠢᠯᠡᠨ ᠬᠠᠮᠠᠭᠠᠯᠠᠯᠲᠠ ᠵᠡᠷᠭᠡ ᠬᠤᠯᠪᠣᠭᠳᠠᠯ ᠪᠥᠬᠦᠶ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ 4. ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠡᠮᠴᠢᠯᠡᠭᠡᠨ ᠤ ᠬᠠᠶᠠᠭᠳᠠᠮᠠᠯ ᠪᠣᠳᠠᠰ ᠤᠨ ᠲᠡᠭᠡᠭᠡᠪᠦᠷᠢ ᠶᠢᠨ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠳᠠᠬᠢ ᠪᠥᠬᠦ ᠶᠠᠪᠤᠴᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠲᠤᠯᠠᠭ᠎ᠠ ᠶᠢ ᠬᠠᠷᠢᠭᠤᠴᠠᠵᠤ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ᠂ ᠬᠤᠷᠢᠭᠯᠠᠬᠤ ᠪᠠ ᠲᠤᠷᠰᠢᠨ ᠪᠠᠶᠢᠴᠠᠭᠠᠵᠤ᠂ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠬᠠᠮᠠᠭᠠᠯᠠᠨ᠂ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠳᠤ ᠬᠤᠤᠷ ᠬᠥᠨᠥᠭᠡᠯ ᠤᠴᠠᠷᠠᠭᠤᠯᠬᠤ  ᠦᠢᠯᠡ ᠠᠵᠢᠯᠯᠠᠭ᠎ᠠ ᠶᠢ ᠬᠤᠷᠢᠭᠯᠠᠨ᠎ᠠ︔ ᠠᠵᠢᠯ ᠥᠷᠨᠢᠭᠦᠯᠬᠦ ᠶᠠᠪᠤᠴᠠ ᠳᠤ ᠠᠯᠪᠠᠨ ᠶᠠᠪᠤᠳᠠᠯ ᠢ ᠬᠠᠷᠰᠢᠯᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠬᠤᠯᠪᠣᠭᠳᠠᠭᠰᠠᠨ ᠬᠥᠮᠦᠰ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠵᠦ᠂ ᠣᠨᠴᠣᠭᠤᠶ ᠪᠠᠶᠢᠳᠠᠯ ᠲᠣᠬᠢᠶᠠᠯᠳᠤᠬᠤ ᠦᠶ᠎ᠡ   ᠳᠤ ᠬᠥᠮᠦᠰ ᠢ ᠲᠠᠷᠬᠠᠭᠠᠬᠤ ᠪᠠ ᠰᠡᠷᠡᠮᠵᠢᠯᠡᠭᠦᠯᠬᠦ ᠠᠵᠢᠯ   ᠢ ᠬᠠᠷᠢᠭᠤᠴᠠᠬᠤ ᠬᠡᠷᠡᠭᠲᠡᠶ᠃ 5. ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠡᠮᠴᠢᠯᠡᠭᠡᠨ ᠤ ᠬᠠᠶᠠᠭᠳᠠᠮᠠᠯ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠮᠢᠶ᠎ᠠ ᠪᠥᠬᠦᠶ ᠭᠠᠷᠳᠠᠮ ᠢ ᠬᠠᠷᠢᠭᠤᠴᠠᠨ  ᠭᠦᠢᠴᠡᠳᠭᠡᠨ᠎ᠡ᠃ 6. ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠲᠥᠬᠦᠭᠡᠷᠦᠮᠵᠢ ᠶᠢ ᠨᠥᠭᠡᠴᠡᠯᠡᠬᠦ᠂ ᠬᠠᠩᠭᠠᠬᠤ᠂ ᠲᠣᠬᠢᠷᠠᠭᠤᠯᠬᠤ ᠵᠡᠷᠭᠡ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃    7. ᠵᠠᠯᠠᠶᠢᠳ ᠬᠤᠰᠢᠭᠤᠨ ᠤ ᠱᠠᠨ ᠱᠦᠢ ᠱᠦᠢᠨᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ︽ᠡᠮᠴᠢᠯᠡᠭᠡᠨ ᠤ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠲᠠᠭᠠᠵᠤ  ᠰᠢᠢᠳᠪᠦᠷᠢᠯᠡᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠮᠡᠷᠭᠡᠵᠢᠯ ᠤᠨ ᠵᠢᠷᠤᠮᠵᠢᠯ︾ ᠳᠠᠬᠢ ᠡᠮᠴᠢᠯᠡᠭᠡᠨ ᠤ ᠬᠠᠶᠠᠭᠳᠠᠮᠠᠯ ᠪᠣᠳᠠᠰ ᠢ ᠭᠥᠯᠢᠶᠡᠨ ᠠᠪᠬᠤ᠂ ᠬᠠᠳᠠᠭᠠᠯᠠᠬᠤ᠂ ᠬᠦᠷᠭᠡᠬᠦ ᠪᠠ ᠪᠡᠯᠡᠳᠬᠡᠮᠵᠢ ᠲᠥᠬᠦᠭᠡᠷᠦᠮᠵᠢ ᠶᠢ ᠤᠬᠢᠶᠠᠵᠤ ᠠᠷᠢᠭᠤᠳᠬᠠᠬᠤ ᠵᠡᠷᠭᠡ ᠱᠠᠭᠠᠷᠳᠠᠯᠭ᠎ᠠ ᠶᠣᠰᠣᠭᠠᠷ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ︔ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠳᠠᠬᠢ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠲᠠᠭᠠᠵᠤ ᠰᠢᠢᠳᠪᠦᠷᠢᠯᠡᠬᠦ ᠤᠷᠠᠨ ᠳᠠᠷᠬ᠎ᠠ ᠶᠢᠨ ᠶᠠᠪᠤᠴᠠ ᠶᠢ ᠴᠢᠩᠭ᠎ᠠ ᠡᠵᠡᠮᠳᠡᠬᠦ ᠶᠢ ᠬᠠᠷᠢᠭᠤᠴᠠᠵᠤ᠂ ᠤᠲᠤᠭ᠎ᠠ᠂ ᠬᠠᠶᠠᠭᠳᠠᠮᠠᠯ ᠤᠰᠤ᠂ ᠦᠨᠡᠰᠦ ᠰᠢᠭᠠᠷᠤ ᠶᠢ ᠶᠡᠷᠦᠩᠬᠡᠶᠢᠯᠡᠨ ᠰᠢᠢᠳᠪᠦᠷᠢᠯᠡᠵᠦ᠂ ᠪᠣᠬᠢᠷ ᠪᠣᠳᠠᠰ ᠢ ᠭᠠᠳᠠᠭᠰᠢᠯᠠᠭᠤᠯᠬᠤ ᠳᠠᠭᠠᠨ ︽ᠠᠶᠤᠯᠲᠠᠶ ᠬᠠᠶᠠᠭᠳᠠᠮᠠᠯ ᠪᠣᠳᠠᠰ ᠢ ᠰᠢᠲᠠᠭᠠᠵᠤ ᠪᠣᠬᠢᠷᠲᠤᠯ ᠢ ᠬᠢᠵᠠᠭᠠᠷᠯᠠᠬᠤ ᠪᠠᠷᠢᠮᠵᠢᠶ᠎ᠠ︾ ︵GB18484 — 2001︶ ᠪᠣᠯᠤᠨ ︽ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠲᠠᠭᠠᠬᠤ ᠵᠤᠤᠬ᠎ᠠ ᠶᠢᠨ ᠮᠡᠷᠭᠡᠵᠢᠯ ᠤᠨ ᠱᠠᠭᠠᠷᠳᠠᠯᠭ᠎ᠠ ︵ᠲᠤᠷᠰᠢᠨ ᠬᠡᠷᠡᠭᠵᠢᠭᠦᠯᠬᠦ︶︾ ︵GB19218 — 2003︶ ᠶᠢᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃    ᠭᠤᠷᠪᠠ᠂ ᠪᠠᠴᠢᠮ ᠪᠠᠶᠢᠳᠠᠯ ᠢ ᠠᠷᠭᠠᠴᠠᠬᠤ ᠫᠷᠤᠭ᠍ᠷᠠᠮ    ︵ᠨᠢᠭᠡ︶ ᠤᠷᠢᠳᠴᠢᠯᠠᠨ ᠰᠡᠷᠡᠮᠵᠢᠯᠡᠭᠦᠯᠬᠦ    ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠲᠡᠭᠦᠨ ᠤ ᠬᠠᠷᠢᠶ᠎ᠠ ᠣᠷᠣᠨ ᠤ ᠳᠣᠲᠣᠷᠠᠬᠢ ᠴᠢ ᠹᠧᠩ ᠺᠣᠮᠫᠠᠨᠢ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠢ  ᠰᠢᠢᠳᠪᠦᠷᠢᠯᠡᠬᠦ ᠪᠡᠯᠡᠳᠬᠡᠮᠵᠢ ᠨᠢ ᠬᠡᠪ ᠤᠨ ᠶᠣᠰᠣᠭᠠᠷ ᠠᠵᠢᠯᠯᠠᠵᠤ ᠳᠡᠶᠢᠯᠬᠦ ᠥᠬᠡᠶ ᠪᠠᠶᠢᠬᠤ ᠶᠢ ᠣᠯᠵᠤ ᠮᠡᠳᠡᠪᠡᠯ᠂ ᠲᠡᠷᠡ ᠳᠠᠷᠤᠶ ᠳᠤᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠤᠷ ᠲᠤ ᠬᠦᠷᠴᠦ᠂ ᠤᠷᠢᠳᠠᠪᠠᠷ ᠰᠢᠢᠳᠪᠦᠷᠢᠯᠡᠬᠦ ᠬᠡᠷᠡᠭᠲᠡᠶ᠂ ᠬᠡᠷᠪᠡ ᠬᠡᠪ ᠤᠨ ᠶᠣᠰᠣᠭᠠᠷ ᠠᠵᠢᠯᠯᠠᠵᠤ ᠳᠡᠶᠢᠯᠬᠦ ᠥᠬᠡᠶ ᠪᠣᠯ᠂ ᠬᠡᠷᠡᠭ ᠤᠨ ᠠᠬᠢᠴᠠ ᠶᠢᠨ ᠪᠠᠶᠢᠳᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠳᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠳᠲᠡᠷ ᠲᠦᠷᠭᠡᠨ ᠳᠡᠭᠡᠭᠰᠢ ᠮᠡᠳᠡᠭᠦᠯᠬᠦ ᠬᠡᠷᠡᠭᠲᠡᠶ᠃    ︵ᠬᠤᠶᠠᠷ︶ ᠰᠤᠳᠤᠯᠤᠨ ᠮᠠᠭᠠᠳᠯᠠᠬᠤ    ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠰᠡᠷᠡᠮᠵᠢᠯᠡᠭᠦᠯᠬᠦ ᠮᠡᠳᠡᠭᠡ ᠵᠠᠩᠭᠢ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠯᠲᠠ ᠬᠢᠵᠦ᠂ ᠨᠥᠯᠥᠭᠡᠯᠡᠬᠦ ᠬᠡᠪᠴᠢᠶ᠎ᠡ ᠪᠠ ᠬᠥᠨᠥᠭᠡᠯ ᠤᠨ ᠬᠡᠮᠵᠢᠶ᠎ᠡ ᠶᠢ ᠤᠷᠢᠳᠴᠢᠯᠠᠨ ᠵᠢᠱᠢᠵᠦ᠂ ᠪᠠᠴᠢᠮ ᠪᠠᠶᠢᠳᠠᠯ ᠢ ᠠᠷᠭᠠᠴᠠᠬᠤ  ᠤᠳᠤᠷᠢᠳᠬᠤ ᠳᠤᠭᠤᠶᠢᠯᠠᠩ ᠳᠤ ᠪᠡᠯᠡᠳᠬᠡᠯ ᠲᠥᠰᠦᠯ ᠢ ᠡᠬᠢᠯᠡᠭᠦᠯᠬᠦ ᠪᠤᠶᠤ ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠥᠬᠡᠶ ᠪᠣᠯᠭᠠᠭᠰᠠᠨ ᠰᠤᠳᠤᠯᠤᠨ ᠮᠠᠭᠠᠳᠯᠠᠭᠰᠠᠨ ᠦᠷ᠎ᠡ ᠳ᠋ᠦᠩ ᠢ ᠳᠤᠷᠠᠳᠬᠤ ᠬᠡᠷᠡᠭᠲᠡᠶ᠃    ︵ᠭᠤᠷᠪᠠ︶ ᠡᠬᠢᠯᠡᠭᠦᠯᠬᠦ    ᠰᠤᠳᠤᠯᠤᠨ ᠮᠠᠭᠠᠳᠯᠠᠭᠰᠠᠨ ᠦᠷ᠎ᠡ ᠳ᠋ᠦᠩ ᠨᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠬᠦ ᠦᠶ᠎ᠡ ᠳᠤ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠨᠢ ᠳᠠᠷᠦ᠋ᠢᠬᠠᠨ ᠬᠤᠯᠪᠣᠭᠳᠠᠯ ᠪᠥᠬᠦᠶ ᠭᠠᠵᠠᠷ ᠣᠷᠣᠨ ᠪᠠ ᠨᠢᠭᠡᠴᠢ ᠳᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠬᠦ ᠮᠡᠳᠡᠭᠳᠡᠯ ᠶᠠᠪᠤᠭᠤᠯᠵᠤ᠂ ᠡᠯ᠎ᠡ ᠪᠦᠷᠢᠯᠳᠦᠬᠦᠨ ᠨᠢᠭᠡᠴᠢ ᠨᠢ ᠳᠠᠷᠦ᠋ᠢᠬᠠᠨ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠤ ᠣᠷᠣᠬᠤ ᠶᠢᠨ ᠬᠠᠮᠲᠤ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ  ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠪᠠᠴᠢᠮ ᠪᠠᠶᠢᠳᠠᠯ ᠢ ᠠᠷᠭᠠᠴᠠᠬᠤ ᠠᠰᠠᠭᠤᠨ ᠯᠠᠪᠯᠠᠬᠤ ᠤᠲᠠᠰᠤ ᠶᠢ ᠡᠬᠢᠯᠡᠭᠦᠯᠬᠦ ᠶᠢᠨ ᠬᠠᠮᠲᠤ ᠴᠢᠮᠡᠭᠡ ᠨᠡᠪᠲᠡᠷᠡᠯᠭᠡ ᠶᠢᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠨ᠎ᠠ ︵ᠪᠠᠴᠢᠮ ᠪᠠᠶᠢᠳᠠᠯ ᠢ ᠠᠷᠭᠠᠴᠠᠬᠤ ᠠᠰᠠᠭᠤᠨ ᠯᠠᠪᠯᠠᠬᠤ ᠤᠲᠠᠰᠤ᠄ 8266828︶᠃    ︵ᠲᠥᠷᠪᠡ︶ ᠠᠵᠢᠯᠯᠠᠭ᠎ᠠ    ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠬᠦ ᠬᠤᠭᠤᠴᠠᠭᠠᠨ ᠳᠤ᠂ ᠡᠮᠴᠢᠯᠡᠭᠡᠨ ᠤ ᠬᠠᠶᠠᠭᠳᠠᠮᠠᠯ ᠪᠣᠳᠠᠰ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠲᠡᠭᠡᠭᠡᠪᠦᠷᠢ ᠶᠢ ᠡᠯ᠎ᠡ ᠭᠠᠵᠠᠷ ᠤᠨ ᠵᠠᠰᠠᠭ ᠤᠨ ᠣᠷᠳᠣᠨ ᠤ ᠰᠢᠯᠵᠢᠭᠦᠯᠦᠨ ᠳᠣᠭᠢᠷᠠᠭᠤᠯᠤᠭᠰᠠᠨ ᠲᠤᠰᠬᠠᠶ ᠲᠡᠷᠭᠡ ᠪᠠ ᠲᠤᠰᠬᠠᠶ ᠮᠡᠷᠭᠡᠵᠢᠯ ᠤᠨ ᠠᠵᠢᠯᠲᠠᠨ ᠪᠣᠯᠭᠠᠵᠤ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠨᠢᠭᠡᠴᠢ ᠨᠢ ᠵᠠᠯᠠᠶᠢᠳ ᠬᠤᠰᠢᠭᠤᠨ ᠤ ᠱᠠᠨ ᠱᠦᠢ ᠱᠦᠢᠨᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ᠂ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠬᠠᠤᠯᠢ ᠲᠣᠭᠲᠠᠭᠠᠯ ᠶᠣᠰᠣᠭᠠᠷ ᠲᠡᠭᠦᠯᠳᠡᠷᠵᠢᠭᠦᠯᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠬᠤᠭᠤᠴᠠᠭᠠᠨ ᠤ ᠬᠠᠮᠢᠶ᠎ᠠ ᠪᠥᠬᠦᠶ ᠭᠠᠷᠳᠠᠮ ᠢ  ᠭᠦᠢᠴᠡᠳᠭᠡᠨ᠎ᠡ᠃    ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠪᠦᠷᠢᠯᠳᠦᠬᠦᠨ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠨᠢᠭᠲᠠ ᠬᠠᠮᠵᠢᠯᠴᠠᠨ᠂ ᠲᠦᠷᠭᠡᠨ ᠬᠥᠳᠡᠯᠦᠯᠴᠡᠵᠦ ᠂ ᠪᠠᠴᠢᠮ ᠪᠠᠶᠢᠳᠠᠯ ᠢ ᠠᠷᠭᠠᠴᠠᠬᠤ  ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃    ︵ᠲᠠᠪᠤ︶ ᠳᠠᠭᠤᠰᠬᠠᠬᠤ    ᠬᠡᠷᠡᠭ ᠤᠨ ᠲᠤᠬᠠᠶ ᠶᠢᠨ ᠲᠠᠯᠠᠪᠤᠷ ᠢ ᠡᠵᠡᠮᠳᠡᠵᠦ᠂ ᠴᠢ  ᠹᠧᠩ ᠺᠣᠮᠫᠠᠨᠢ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠢ ᠠᠮᠤᠷ ᠲᠦᠪᠰᠢᠨ ᠢᠶᠠᠷ ᠰᠢᠢᠳᠪᠦᠷᠢᠯᠡᠬᠦ ᠲᠥᠬᠦᠭᠡᠷᠦᠮᠵᠢ ᠶᠢ ᠬᠡᠪ ᠢᠶᠠᠷ ᠠᠵᠢᠯᠯᠠᠭᠤᠯᠵᠤ᠂ ᠠᠮᠤᠷ ᠲᠦᠪᠰᠢᠨ ᠤ ᠳᠠᠯᠳᠠ ᠬᠡᠮ ᠢ ᠨᠢᠭᠡᠨᠲᠡ ᠠᠷᠢᠯᠭᠠᠭᠰᠠᠨ ᠦᠶ᠎ᠡ ᠳᠤ᠂ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠳᠤ ᠪᠡᠯᠡᠳᠬᠡᠯ ᠲᠥᠰᠦᠯ ᠢ ᠳᠠᠭᠤᠰᠬᠠᠬᠤ ᠮᠡᠳᠡᠭᠡ ᠵᠠᠩᠭᠢ ᠶᠢ ᠳᠡᠭᠡᠭᠰᠢ ᠮᠡᠳᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠤᠨ ᠬᠢᠨ ᠪᠣᠳᠠᠲᠤ ᠪᠠᠶᠢᠳᠠᠯ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠭᠤᠰᠬᠠᠬᠤ ᠪᠠᠷ ᠵᠠᠷᠯᠠᠪᠠ᠃    ᠳᠥᠷᠪᠡ᠂ ᠬᠤᠯᠪᠣᠭᠳᠠᠯ ᠪᠥᠬᠦᠶ ᠱᠠᠭᠠᠷᠳᠠᠯᠭ᠎ᠠ    ︵ᠨᠢᠭᠡ︶ ᠪᠦᠷᠢᠯᠳᠦᠬᠦᠨ ᠨᠢᠭᠡᠴᠢ ᠨᠦᠭᠦᠳ ᠪᠠᠴᠢᠮ ᠪᠠᠶᠢᠳᠠᠯ ᠢ ᠠᠷᠭᠠᠴᠠᠬᠤ  ᠲᠡᠮᠳᠡᠭᠯᠡᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠰᠠᠨ ᠶᠠᠪᠤᠴᠠ ᠶᠢ ᠣᠨᠣᠪᠴᠢᠲᠠᠶ ᠴᠠᠭ ᠲᠤᠬᠠᠶ ᠳᠤᠨᠢ ᠲᠡᠮᠳᠡᠭᠯᠡᠬᠦ ᠶᠢᠨ ᠬᠠᠮᠲᠤ ᠮᠡᠳᠡᠭᠦᠯᠦᠯᠲᠡ ᠶᠢ ᠳᠡᠭᠡᠭᠰᠢ ᠮᠡᠳᠡᠭᠦᠯᠬᠦ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠤᠳᠤᠷᠢᠳᠬᠤ ᠳᠤᠭᠤᠶᠢᠯᠠᠩ ᠢ ᠪᠦᠷᠢᠯᠳᠦᠭᠦᠯᠬᠦ ᠬᠡᠷᠡᠭᠲᠡᠶ᠃    ︵ᠬᠤᠶᠠᠷ︶ ᠪᠠᠴᠢᠮ ᠪᠠᠶᠢᠳᠠᠯ ᠢ ᠠᠷᠭᠠᠴᠠᠬᠤ  ᠠᠵᠢᠯ ᠳᠠᠭᠤᠰᠤᠭᠰᠠᠨ ᠤ ᠳᠠᠷᠠᠭ᠎ᠠ᠂ ᠡᠯ᠎ᠡ ᠪᠦᠷᠢᠯᠳᠦᠬᠦᠨ ᠨᠢᠭᠡᠴᠢ ᠨᠦᠭᠦᠳ ᠳ᠋ᠦᠩᠨᠡᠯᠲᠡ ᠶᠢᠨ ᠮᠡᠳᠡᠭᠦᠯᠦᠯᠲᠡ ᠪᠠᠨ ᠨᠠᠶᠢᠷᠠᠭᠤᠯᠤᠨ ᠵᠣᠬᠢᠶᠠᠵᠤ ᠳᠡᠭᠡᠭᠰᠢ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠳᠤ ᠮᠡᠳᠡᠭᠦᠯᠬᠦ ᠶᠢᠨ ᠬᠠᠮᠲᠤ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃    ︵ᠭᠤᠷᠪᠠ︶ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠳᠤᠭᠤᠶᠢᠯᠠᠩ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠡ᠊ᠨᠳᠡᠯ ᠤᠨ ᠨᠢᠭᠡᠴᠢ ᠶᠢ ᠵᠢᠯᠣᠭᠤᠳᠤᠨ ᠰᠢᠯᠲᠠᠭᠠᠨ ᠢ ᠨᠢ ᠪᠠᠶᠢᠴᠠᠭᠠᠨ ᠭᠠᠷᠭᠠᠵᠤ᠂ ᠠᠳᠠᠯᠢᠪᠲᠤᠷ ᠬᠡᠷᠡᠭ ᠤᠨ ᠳᠠᠬᠢᠨ ᠡᠭᠦᠰᠬᠦ ᠶᠢ ᠰᠡᠷᠭᠡᠶᠢᠯᠡᠨ᠎ᠡ᠃                                               ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ 
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号