ᠨᠢᠭᠡ᠂ ᠠᠬᠤᠶ ᠪᠠᠶᠢᠳᠠᠯ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠬᠢᠩᠭᠠᠨ ᠠᠶᠢᠮᠠᠭ ᠤᠨ ᠠᠮᠢ ᠠᠬᠤᠢ ᠶᠢ | ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠰᠦᠪᠡᠭᠴᠢᠯᠡᠬᠦ ᠵᠠᠩᠭᠢᠯᠠᠭ᠎ᠠ ᠶᠢᠨ ᠲᠠᠪᠤᠨ ᠵᠢᠯ ᠪᠣᠯᠤᠨ᠎ᠠ᠂ | ᠮᠥᠨᠴᠦ ᠠᠵᠤ ᠠᠬᠤᠢ ᠨᠡᠶᠢᠭᠡᠮ ᠤᠨ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠳᠤ ᠭᠠᠳᠠᠭᠰᠢᠯᠠᠭᠤᠯᠬᠤ | ᠬᠡᠯᠪᠡᠷᠢ ᠶᠢ ᠪᠦᠬᠦ ᠲᠠᠯ᠎ᠠ ᠪᠠᠷ ᠬᠤᠪᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭ᠎ᠠ ᠪᠣᠯᠤᠨ᠎ᠠ᠃ ᠰᠢ ᠶᠢᠨ ᠫᠢᠩ ᠤᠨ | ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠶᠢᠨ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠣᠷᠭᠢᠯ ᠳᠤ ᠬᠦᠷᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠲᠤᠬᠠᠶ | ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠶᠢᠨ ᠣᠶᠢᠯᠠᠭᠠᠭᠳᠠᠬᠤᠨ ᠢ ᠭᠦᠨᠵᠡᠭᠡᠶ | ᠦᠢᠯᠡᠳᠦᠯᠭᠡᠵᠢᠭᠦᠯᠵᠦ᠂ ᠠᠭᠤᠷ ᠠᠮᠢᠰᠬᠤᠯ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠢᠳᠡᠪᠬᠢᠲᠡᠶ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ︽ᠬᠢᠩᠭᠠᠨ ᠠᠶᠢᠮᠠᠭ ᠤᠨ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠵᠡᠷᠭᠡ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠣᠰ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ | ᠬᠤᠶᠠᠷ᠂ ᠭᠤᠣᠯ ᠠᠭᠤᠯᠭ᠎ᠠ | ︽ᠲᠥᠯᠥᠪᠵᠢᠭᠦᠯᠭᠡ︾ ᠨᠢ ᠨᠡᠶᠢᠲᠡ 7 ᠪᠦᠯᠦᠭ᠂ 33 ᠬᠡᠰᠡᠭ ᠪᠠᠶᠢᠵᠤ᠂ ᠬᠥᠭᠵᠢᠯᠲᠡ ᠶᠢᠨ ᠣᠳᠣᠬᠢ | ᠪᠠᠶᠢᠳᠠᠯ ᠬᠢᠭᠡᠳ ᠲᠤᠯᠭᠠᠷᠠᠵᠤ ᠪᠠᠶᠢᠭ᠎ᠠ ᠪᠠᠶᠢᠳᠠᠯ᠂ ᠵᠢᠯᠣᠭᠤᠳᠬᠤ ᠦᠵᠡᠯ ᠰᠠᠨᠠᠭ᠎ᠠ ᠵᠢᠴᠢ ᠭᠤᠤᠯ ᠬᠠᠷᠠᠯᠲᠠ᠂ | ᠭᠤᠤᠯᠳᠠᠯᠭ᠎ᠠ ᠲᠠᠢ ᠠᠵᠢᠯ ᠤᠨ ᠠᠭᠤᠯᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠳᠥᠷᠪᠡᠨ ᠬᠡᠰᠡᠭ ᠲᠤ | ᠬᠤᠪᠢᠶᠠᠵᠤ ᠪᠣᠯᠤᠨ᠎ᠠ᠃ | ᠬᠥᠭᠵᠢᠯᠲᠡ ᠶᠢᠨ ᠣᠳᠣᠬᠢ ᠪᠠᠶᠢᠳᠠᠯ ᠬᠢᠭᠡᠳ ᠲᠤᠯᠭᠠᠷᠠᠵᠤ ᠪᠠᠶᠢᠭ᠎ᠠ ᠪᠠᠶᠢᠳᠠᠯ | 1. ᠬᠥᠭᠵᠢᠯᠲᠡ ᠶᠢᠨ ᠣᠳᠣᠬᠢ ᠪᠠᠶᠢᠳᠠᠯ | ᠠᠵᠤ ᠦᠢᠯᠡᠰ ᠤᠨ ᠪᠦᠲᠦᠴᠡ ᠲᠠᠰᠤᠷᠠᠯᠲᠠ ᠥᠬᠡᠶ ᠰᠢᠯᠢᠳᠡᠭᠵᠢᠪᠡ︔ ᠡᠨᠧᠷᠭᠢ ᠶᠢᠨ ᠰᠤᠷᠪᠤᠯᠵᠢ ᠶᠢᠨ | ᠪᠦᠲᠦᠴᠡ ᠦᠷᠭᠦᠯᠵᠢᠯᠡᠨ ᠰᠢᠯᠢᠳᠡᠭᠵᠢᠪᠡ︔ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ | ᠰᠠᠶᠢᠵᠢᠷᠠᠪᠠ︔ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠠᠷᠢᠶᠠᠯᠠᠩ ᠤᠨ ᠬᠥᠭᠵᠢᠯᠲᠡ ᠦᠷᠭᠦᠯᠵᠢᠯᠡᠨ | ᠰᠠᠶᠢᠵᠢᠷᠠᠵᠠᠢ︔ ᠠᠮᠢ ᠠᠬᠤᠢ ᠶᠢᠨ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠴᠢᠳᠠᠪᠤᠷᠢ ᠲᠣᠭᠲᠠᠭᠤᠨ ᠢᠶᠠᠷ | ᠳᠡᠭᠡᠭᠰᠢᠯᠡᠪᠡ︔ ᠪᠣᠬᠢᠷᠲᠤᠯ ᠦᠭᠡᠢ ᠪᠠᠷᠢᠯᠭ᠎ᠠ᠂ ᠵᠠᠮ ᠬᠠᠷᠢᠯᠴᠠᠭᠠᠨ ᠤ ᠡᠨᠧᠷᠭᠢ ᠠᠷᠪᠢᠯᠠᠬᠤ ᠠᠵᠢᠯ ᠢ ᠥᠨᠳᠥᠷ | ᠪᠦᠲᠦᠮᠵᠢᠲᠡᠶ ᠪᠠᠷ ᠬᠥᠭᠵᠢᠭᠦᠯᠬᠦ︔ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠴᠢᠳᠠᠪᠤᠷᠢ ᠠᠯᠬᠤᠮ | ᠠᠯᠬᠤᠮ ᠢᠶᠠᠷ ᠳᠡᠭᠡᠭᠰᠢᠯᠡᠪᠡ᠃ | 2. ᠲᠤᠯᠭᠠᠷᠠᠵᠤ ᠪᠠᠶᠢᠭ᠎ᠠ ᠪᠠᠶᠢᠳᠠᠯ | ᠠᠵᠠ ᠲᠣᠬᠢᠶᠠᠯ᠄ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠣᠷᠭᠢᠯ ᠳᠤ ᠬᠦᠷᠴᠦ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ | ᠴᠣᠭᠴᠠ ᠶᠢᠨ ᠪᠠᠶᠢᠷᠢᠰᠢᠯ ᠳᠤ ᠣᠷᠣᠭᠤᠯᠤᠨ᠎ᠠ︔ ᠠᠭᠤᠷ ᠠᠮᠢᠰᠬᠤᠯ ᠤᠨ ᠵᠠᠰᠠᠯᠲᠠ ᠶᠢᠨ ᠰᠢᠨ᠎ᠡ ᠰᠢᠰᠲ᠋ᠧᠮ ᠨᠢ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠰᠢᠨ᠎ᠡ ᠠᠵᠠ ᠲᠣᠬᠢᠶᠠᠯ ᠣᠯᠭᠤᠪᠠ︔ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠦᠷᠭᠦᠯᠵᠢᠯᠡᠨ ᠳᠡᠭᠡᠭᠰᠢᠯᠡᠵᠦ | ᠬᠢᠩᠭᠠᠨ ᠠᠶᠢᠮᠠᠭ ᠤᠨ ᠬᠥᠭᠵᠢᠯᠲᠡ ᠳᠤ ᠰᠢᠨ᠎ᠡ ᠰᠡᠳᠬᠢᠴᠡ ᠶᠢ ᠠᠪᠴᠢᠷᠠᠪᠠ᠃ | ᠥᠷᠢᠰᠥᠯᠳᠦᠭᠡᠨ᠄ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠦᠴᠦᠯᠡᠴᠡ ᠶᠢᠨ ᠪᠠᠭᠤᠷᠠᠯᠲᠠ ᠨᠢ | ᠳᠠᠷᠤᠯᠲᠠ ᠲᠠᠢ︔ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠰᠠᠭᠤᠷᠢ ᠨᠢᠮᠭᠡᠨ ᠪᠠᠭᠤᠷᠠᠶ ᠪᠠᠶᠢᠬᠤ︔ | ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠴᠢᠳᠠᠪᠤᠷᠢ ᠨᠡᠯᠢᠶᠡᠳ ᠪᠠᠭᠤᠷᠠᠶ ᠪᠠᠶᠢᠨ᠎ᠠ᠃ | ᠵᠢᠯᠣᠭᠤᠳᠬᠤ ᠦᠵᠡᠯ ᠰᠠᠨᠠᠭ᠎ᠠ ᠵᠢᠴᠢ ᠭᠤᠣᠯ ᠬᠠᠷᠠᠯᠲᠠ | ᠵᠢᠯᠣᠭᠤᠳᠬᠤ ᠦᠵᠡᠯ ᠰᠠᠨᠠᠭ᠎ᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠪᠣᠯᠤᠨ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠰᠢ ᠶᠢᠨ ᠫᠢᠩ ᠤᠨ ᠠᠮᠢ ᠠᠬᠤᠶ ᠶᠢᠨ | ᠪᠣᠯᠪᠠᠰᠤᠨ ᠤ ᠦᠵᠡᠯ ᠰᠠᠨᠠᠭ᠎ᠠ ᠪᠣᠯᠤᠨ ᠥᠪᠥᠷ ᠮᠣᠩᠭᠤᠯ ᠳᠤ ᠠᠵᠢᠯ ᠪᠠᠶᠢᠴᠠᠭᠠᠬᠤ ᠦᠶ᠎ᠡ ᠶᠢᠨ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠂ ᠪᠠᠶᠢᠭᠠᠯᠢ᠂ ᠠᠵᠤ | ᠠᠬᠤᠢ ᠪᠠ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠵᠤ᠂ ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠳᠠ ᠮᠥᠩᠭᠦᠨ ᠠᠭᠤᠯᠠ ᠮᠥᠨ ᠭᠡᠬᠦ ᠪᠣᠬᠢᠷᠲᠤᠯ ᠦᠭᠡᠢ ᠬᠥᠭᠵᠢᠯᠲᠡ ᠶᠢᠨ ᠦᠵᠡᠯᠲᠡ ᠪᠠ ᠰᠢᠨ᠎ᠡ ᠶᠢ | ᠡᠭᠦᠳᠬᠦ ᠶᠢ ᠪᠠᠷᠢᠮᠲᠠᠯᠠᠵᠤ᠂ ᠪᠣᠬᠢᠷᠲᠤᠯ ᠦᠭᠡᠢ ᠨᠡᠭᠡᠭᠡᠯᠲᠡᠲᠡᠢ ᠬᠠᠮᠲᠤᠪᠠᠷ ᠡᠳ᠋ᠯᠡᠬᠦ ᠬᠥᠭᠵᠢᠯᠲᠡ ᠶᠢᠨ | ᠣᠶᠢᠯᠠᠭᠠᠭᠳᠠᠬᠤᠨ ᠢ ᠵᠣᠬᠢᠴᠠᠭᠤᠯᠵᠤ᠂ ᠪᠣᠬᠢᠷᠲᠤᠯ ᠦᠭᠡᠢ ᠠᠮᠢ ᠠᠬᠤᠢ ᠶᠢᠨ ᠳᠠᠪᠠᠭᠤᠯᠢᠭ ᠢ ᠶᠡᠬᠡᠰᠬᠡᠬᠦ ᠪᠠ | ᠪᠠᠳᠠᠷᠠᠭᠤᠯᠬᠤ ᠳᠤᠮᠳᠠ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠨᠡᠭᠦᠷᠡᠰᠦᠲᠥ᠋ᠷᠥᠭᠴᠢ ᠶᠢ ᠤᠷᠬᠢᠯ ᠳᠤ | ᠬᠦᠷᠭᠡᠬᠦ᠂ ᠨᠡᠭᠦᠷᠡᠰᠦᠲᠥ᠋ᠷᠥᠭᠴᠢ ᠶᠢ ᠳᠤᠮᠳᠠᠴᠢᠯᠠᠬᠤ ᠪᠠ ᠬᠠᠷᠠᠯᠲᠠ ᠶᠢᠨ ᠲᠣᠭᠤᠷᠢᠨ ᠳᠤ ᠠᠵᠤ ᠠᠬᠤᠢ ᠨᠡᠶᠢᠭᠡᠮ ᠤᠨ | ᠰᠢᠰᠲ᠋ᠧᠮᠲᠦ ᠴᠢᠨᠠᠷᠲᠠᠢ ᠬᠤᠪᠢᠰᠤᠯᠲᠠ ᠶᠢ ᠠᠬᠢᠭᠤᠯᠤᠨ᠎ᠠ᠃ | ᠭᠤᠣᠯ ᠬᠠᠷᠠᠯᠲᠠ᠄ 2025 ᠣᠨ ᠪᠣᠯᠬᠤ ᠳᠤ᠂ ᠪᠦᠬᠦ ᠠᠶᠢᠮᠠᠭ ᠤᠨ ᠬᠢᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠲᠠᠢ ᠵᠣᠬᠢᠴᠠᠭᠰᠠᠨ᠂ ᠴᠢᠨᠠᠷ ᠰᠠᠶᠢᠲᠠᠢ ᠬᠥᠭᠵᠢᠯᠲᠡ ᠲᠠᠢ ᠵᠣᠬᠢᠴᠠᠭᠰᠠᠨ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠲᠠᠢ ᠠᠭᠤᠰᠤᠯᠴᠠᠭᠰᠠᠨ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠲᠠᠢ ᠬᠠᠮᠵᠢᠯᠴᠠᠭᠰᠠᠨ᠂ ᠨᠡᠭᠦᠷᠡᠰᠦᠲᠥ᠋ᠷᠥᠭᠴᠢ ᠶᠢᠨ ᠤᠷᠬᠢᠯ ᠳᠤ ᠬᠦᠷᠬᠦ | ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠢ ᠨᠢᠭᠡᠳᠦᠯᠲᠡᠢ ᠲᠥᠯᠥᠪᠵᠢᠭᠦᠯᠦᠭᠰᠡᠨ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠬᠤ ᠠᠵᠢᠯ ᠤᠨ ᠰᠢᠨ᠎ᠡ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠦᠨ᠎ᠡ︔ | ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠣᠷᠣᠨ ᠪᠦᠰᠡ ᠶᠢᠨ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠢᠳᠠᠪᠠᠷ ᠤᠷᠬᠢᠯ ᠳᠤᠨᠢ ᠬᠦᠷᠭᠡᠵᠦ᠂ ᠠᠭᠤᠷ ᠠᠮᠢᠰᠬᠤᠯ ᠤᠨ | ᠬᠤᠪᠢᠷᠠᠯᠲᠠ ᠳᠤ ᠵᠣᠬᠢᠴᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠭᠤᠷ ᠠᠮᠢᠰᠬᠤᠯ ᠤᠨ | ᠬᠤᠪᠢᠷᠠᠯᠲᠠ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢ ᠪᠦᠲᠦᠮᠵᠢᠲᠡᠶ ᠪᠠᠷ ᠴᠢᠩᠭᠠᠷᠠᠭᠤᠯᠤᠨ᠎ᠠ᠃ | ᠭᠦᠢᠴᠡᠳᠭᠡᠯ ᠲᠤᠭ᠎ᠠ ᠶᠢᠨ ᠰᠢᠰᠲ᠋ᠧᠮᠵᠢ᠄ 2025 ᠣᠨ ᠪᠣᠯᠬᠤ ᠳᠤ᠂ ᠨᠢᠭᠡᠴᠢ GDP ᠶᠢᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ︵%︶᠂ ᠨᠢᠭᠡᠴᠢ | GDP ᠶᠢᠨ ᠡᠨᠧᠷᠭᠢ ᠶᠢᠨ ᠬᠤᠷᠣᠭᠳᠠᠯ ᠢ ᠪᠠᠭᠤᠷᠠᠭᠤᠯᠬᠤ ︵%︶᠂ ᠬᠡᠪᠴᠢᠶᠡᠵᠢᠯ ᠠᠴᠠ ᠳᠡᠭᠡᠭᠰᠢᠬᠢ ᠨᠢᠭᠡᠴᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠨᠧᠷᠭᠢ ᠶᠢᠨ ᠬᠤᠷᠣᠭᠳᠠᠯ ᠢ ᠪᠠᠭᠤᠷᠠᠭᠤᠯᠬᠤ ︵%︶᠂ | ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ︵ᠲᠦᠮᠡᠨ ᠲᠣᠨ ᠤ ᠪᠠᠷᠢᠮᠵᠢᠶᠠᠲᠤ ᠨᠡᠭᠦᠷᠡᠰᠦ︶᠂ | ᠴᠢᠯᠠᠭᠤᠵᠢᠮᠠᠯ ᠤᠨ ᠪᠤᠰᠤ ᠡᠨᠧᠷᠭᠢ ᠶᠢᠨ ᠬᠡᠷᠡᠭᠯᠡᠭᠡᠨ ᠤ ᠡᠵᠡᠯᠡᠬᠦ ᠬᠠᠷᠢᠴᠠᠯ ︵%︶ ᠵᠡᠷᠭᠡ ᠭᠦᠢᠴᠡᠳᠭᠡᠯ ᠲᠤᠭ᠎ᠠ ᠶᠢ | ᠥᠪᠡᠷᠲᠡᠭᠡᠨ ᠵᠠᠰᠠᠬᠤ ᠣᠷᠣᠨ ᠤ ᠰᠢᠯᠭᠠᠨ ᠬᠢᠨᠠᠬᠤ ᠱᠠᠭᠠᠷᠳᠠᠯᠭ᠎ᠠ ᠳᠤ ᠬᠦᠷᠦᠭᠦᠯᠦᠨ᠎ᠡ︔ ᠰᠢᠨ᠎ᠡ ᠪᠠᠷ | ᠪᠠᠶᠢᠭᠤᠯᠤᠭᠰᠠᠨ ᠪᠠᠷᠢᠯᠭ᠎ᠠ ᠶᠢᠨ ᠪᠣᠬᠢᠷᠲᠤᠯ ᠥᠬᠡᠶ ᠪᠠᠷᠢᠯᠭ᠎ᠠ ᠶᠢᠨ ᠡᠵᠡᠯᠡᠬᠦ ᠬᠠᠷᠢᠴᠠᠯ ᠢ 100% ᠳᠤ ᠬᠦᠷᠦᠭᠦᠯᠵᠦ᠂ | ᠰᠢᠨ᠎ᠡ ᠡᠨᠧᠷᠭᠢ ᠵᠢᠴᠢ ᠴᠡᠪᠡᠷ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠬᠠᠷᠢᠴᠠᠯ ᠢ 50% ᠳᠤ | ᠬᠦᠷᠦᠭᠦᠯᠵᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 33.88% ᠳᠤ ᠬᠦᠷᠦᠭᠦᠯᠵᠦ᠂ ᠨᠤᠲᠤᠭ | ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠶᠡᠷᠦᠩᠬᠡᠶᠢᠯᠡᠭᠰᠡᠨ ᠪᠦᠷᠬᠦᠴᠡ ᠶᠢᠨ ᠬᠡᠮᠵᠢᠶ᠎ᠡ ᠶᠢ 70% ᠠᠴᠠ | ᠳᠡᠭᠡᠭᠰᠢ ᠳᠤ ᠪᠠᠶᠢᠯᠭᠠᠬᠤ ᠶᠢ ᠪᠠᠲᠤᠯᠠᠵᠤ᠂ ᠴᠠᠭ ᠠᠭᠤᠷ ᠤᠨ ᠦᠢᠯᠡᠴᠢᠯᠡᠭᠡᠨ ᠤ ᠣᠯᠠᠨ ᠨᠡᠶᠢᠲᠡ ᠶᠢᠨ | ᠪᠦᠷᠬᠦᠴᠡ ᠶᠢᠨ ᠨᠣᠷᠮ᠎ᠠ ᠶᠢ 95% ᠳᠤ ᠬᠦᠷᠦᠭᠦᠯᠵᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠤᠨ | ᠶᠡᠷᠦᠩᠬᠡᠶᠢᠯᠡᠨ ᠠᠰᠢᠭᠯᠠᠬᠤ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠤᠨᠡ᠃ | ᠭᠤᠣᠯᠳᠠᠯᠭ᠎ᠠ ᠲᠠᠢ ᠠᠵᠢᠯ ᠤᠨ ᠠᠭᠤᠯᠭ᠎ᠠ | ᠨᠢᠭᠡ᠂ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠳᠠ ᠶᠢ ᠡᠵᠡᠮᠳᠡᠨ᠎ᠡ | 1.ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠣᠷᠭᠢᠯ ᠳᠤ ᠬᠦᠢᠷᠭᠦ ᠠᠵᠢᠯᠯᠠᠭ᠎ᠠ ᠶᠢ ᠢᠳᠡᠪᠬᠢᠲᠡᠶ | ᠥᠷᠨᠢᠭᠦᠯᠦᠨ᠎ᠡ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠣᠷᠭᠢᠯ ᠳᠤᠨᠢ ᠬᠦᠷᠭᠡᠬᠦ | ᠠᠵᠢᠯᠯᠠᠭᠠᠨ ᠤ ᠲᠥᠯᠥᠪᠯᠡᠭᠡ ᠶᠢ ᠰᠤᠳᠤᠯᠤᠨ᠂ ᠬᠦᠷᠢᠶᠡᠯᠡᠩ ᠲᠣᠭᠤᠷᠢᠭ᠂ ᠭᠤᠣᠯᠳᠠᠯᠭ᠎ᠠ ᠲᠠᠢ ᠠᠵᠢᠯ ᠲᠦᠷᠦᠯ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠣᠷᠭᠢᠯ ᠳᠤᠨᠢ ᠬᠦᠷᠭᠡᠬᠦ ᠶᠢ | ᠠᠬᠢᠭᠤᠯᠤᠨ᠎ᠠ᠃ | 2. ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠰᠢᠰᠲ᠋ᠧᠮ ᠢ | ᠪᠠᠶᠢᠭᠤᠯᠤᠨ᠎ᠠ | ᠤᠯᠠᠮᠵᠢᠯᠠᠯᠲᠤ ᠠᠵᠤ ᠂ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ | ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠦᠷᠭᠡᠨ ᠬᠥᠭᠵᠢᠯᠲᠡ ᠶᠢ | ᠲᠦᠯᠬᠢᠨᠠᠬᠢᠭᠤᠯᠵᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠦᠨ᠎ᠡ᠃ | 3. ᠠᠷᠢᠭᠤᠨ ᠴᠡᠪᠡᠷ ᠳᠣᠤᠷ᠎ᠠ ᠨᠡᠭᠦᠷᠡᠰᠦᠲᠥ᠋ᠷᠥᠭᠴᠢᠲᠦ ᠡᠨᠧᠷᠭᠢ ᠶᠢᠨ ᠰᠢᠰᠲ᠋ᠧᠮ ᠢ ᠪᠠᠶᠢᠭᠤᠯᠤᠨ᠎ᠠ | ᠨᠡᠭᠦᠷᠡᠰᠦᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠨ᠎ᠠ︔ ᠪᠠᠶᠢᠭᠠᠯᠢ ᠶᠢᠨ ᠰᠢᠲᠠᠮᠠᠬᠠᠶ ᠬᠡᠢ ᠶᠢᠨ ᠲᠦᠷᠦᠯ ᠵᠦᠢᠯ ᠢ | ᠨᠢᠭᠡᠳᠦᠯᠲᠡᠢ ᠰᠢᠨ᠎ᠡ ᠡᠨᠧᠷᠭᠢ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ︔ ᠤᠰᠤᠲᠥ᠋ᠷᠥᠭᠴᠢ ᠶᠢᠨ ᠡᠨᠧᠷᠭᠢ | ᠂ ᠡᠨᠧᠷᠭᠢ ᠬᠠᠳᠠᠭᠠᠯᠠᠬᠤ ᠶᠢ ᠨᠡᠭᠡᠭᠡᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ | 4. ᠡᠨᠧᠷᠭᠢ ᠶᠢᠨ ᠰᠤᠷᠪᠤᠯᠵᠢ ᠶᠢ ᠠᠷᠪᠢᠯᠠᠨ ᠠᠰᠢᠭᠯᠠᠬᠤ ᠶᠢ ᠴᠢᠩᠭᠠᠳᠬᠠᠨ᠎ᠠ | ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ︽ᠬᠤᠶᠠᠷ ᠢ ᠬᠢᠵᠠᠭᠠᠷᠯᠠᠬᠤ︾ | ᠬᠠᠷᠠᠯᠲᠠ ᠶᠢ ᠨᠠᠶᠢᠳᠠᠪᠤᠷᠢᠵᠢᠭᠤᠯᠤᠨ᠎ᠠ ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ | ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠲᠦᠷᠢᠮ ᠢ ᠴᠢᠩᠭ᠎ᠠ ᠬᠡᠷᠡᠭᠵᠢᠭᠦᠯᠬᠦ ᠡᠨᠧᠷᠭᠢ ᠠᠷᠪᠢᠯᠠᠬᠤ ᠶᠢ ᠬᠢᠨᠠᠨ | ᠪᠠᠶᠢᠴᠠᠭᠠᠬᠤ ᠬᠠᠤᠯᠢ ᠬᠡᠷᠡᠭᠵᠢᠭᠦᠯᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ ᠃ ᠡᠨᠧᠷᠭᠢ ᠶᠢᠨ | ᠬᠤᠷᠣᠭᠳᠠᠯ ᠤᠨ ᠬᠢᠨᠠᠨ ᠬᠠᠮᠢᠶᠠᠷᠤᠯᠳᠠ ᠶᠢᠨ ᠰᠢᠰᠲ᠋ᠧᠮ ᠤᠨ ᠤᠶᠤᠨᠴᠶᠢᠯᠠᠬᠤ ᠶᠢ ᠠᠬᠢᠭᠤᠯᠤᠨ᠎ᠠ᠃ ᠠᠵᠦ | ᠦᠢᠯᠡᠳᠪᠦᠷᠢ ᠶᠢᠨ ᠡᠨᠧᠷᠭᠢ ᠠᠷᠪᠢᠠᠯᠬᠤ ᠶᠢ ᠣᠨᠣᠰᠢᠯᠠᠬᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ | 5. ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ ᠡᠵᠡᠮᠳᠡᠨ᠎ᠡ | ᠦᠢᠯᠡᠳᠪᠦᠷᠢᠯᠡᠬᠦ ᠴᠢᠳᠠᠪᠤᠷᠢ ᠶᠢ ᠡᠵᠡᠮᠳᠡᠬᠦ᠂ ᠤᠷᠠᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ | ᠡᠨᠧᠷᠭᠢ ᠠᠷᠪᠢᠯᠠᠬᠤ ᠥᠭᠡᠷᠡᠴᠢᠯᠡᠯᠲᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠮᠢ ᠶᠢᠨ ᠠᠵᠤ ᠦᠢᠯᠡᠳᠪᠦᠷᠢ᠂ | ᠪᠠᠷᠢᠯᠭ᠎ᠠ ᠶᠢᠨ ᠮᠠᠲ᠋ᠧᠷᠢᠶᠠᠯ᠂ ᠲᠡᠮᠦᠷᠯᠢᠭ ᠬᠠᠶᠢᠯᠤᠭᠤᠯᠬᠤ᠂ ᠢᠯᠴᠢ ᠶᠢᠨ ᠴᠠᠬᠢᠯᠭᠠᠨ ᠵᠡᠷᠭᠡ ᠠᠵᠢᠯ ᠲᠥᠷᠥᠯ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠡᠵᠡᠮᠳᠡᠨ᠎ᠡ᠃ | 6. ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠤᠨ ᠭᠠᠳᠠᠭᠰᠢᠯᠠᠭᠤᠯᠤᠯᠲᠠ ᠶᠢ ᠡᠵᠡᠮᠳᠡᠨ᠎ᠡ | ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢ ᠴᠢᠩᠭᠠᠳᠬᠠᠬᠤ ᠬᠤᠲᠠ | ᠬᠥᠳᠡᠭᠡ ᠶᠢᠨ ᠴᠡᠪᠡᠷᠵᠢᠭᠦᠯᠦᠨ ᠳᠤᠯᠠᠭᠠᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ︔ ᠪᠠᠷᠢᠯᠭ᠎ᠠ ᠶᠢᠨ ᠠᠵᠢᠯ | ᠲᠦᠷᠦᠯ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠯᠬᠢᠨ ᠠᠬᠢᠭᠤᠯᠤᠨ᠎ᠠ᠃ | 7. ᠡᠳ᠋ ᠪᠠᠷᠠᠭᠠᠨ ᠤ ᠭᠦᠢᠯᠭᠡᠭᠡ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠤᠨ ᠭᠠᠳᠠᠭᠰᠢᠯᠠᠭᠤᠯᠤᠯᠲᠠ ᠶᠢ ᠡᠵᠡᠮᠳᠡᠨ᠎ᠡ | ᠪᠣᠬᠢᠷᠲᠤᠯ ᠥᠬᠡᠶ ᠥᠨᠳᠥᠷ ᠪᠦᠲᠦᠮᠵᠢᠲᠡᠶ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠤᠨ᠎ᠠ︔ ᠰᠢᠨ᠎ᠡ | ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ︔ ᠤᠯᠠᠨ ᠨᠡᠶᠢᠳᠡ ᠶᠢᠨ ᠵᠠᠮ | ᠬᠠᠷᠢᠯᠴᠠᠭᠠᠨ ᠤ ᠶᠠᠪᠤᠵᠤ ᠰᠠᠭᠤᠬᠤ ᠶᠢ ᠬᠤᠪᠢᠶᠠᠨ ᠡᠭᠦᠷᠭᠡᠯᠡᠬᠦ ᠨᠤᠷᠮ᠎ᠠ ᠶᠢ ᠳᠡᠭᠡᠭᠰᠢᠯᠡᠭᠦᠯᠦᠨ᠎ᠡ᠃ | 8. ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠤᠰᠤ ᠬᠦᠯᠡᠮᠵᠢ ᠶᠢᠨ ᠬᠡᠢ ᠪᠡᠶᠡᠲᠦ ᠶᠢᠨ | ᠭᠠᠳᠠᠭᠰᠢᠯᠠᠭᠤᠯᠤᠯᠲᠠ ᠶᠢ ᠡᠵᠡᠮᠳᠡᠨ᠎ᠡ | ᠨᠡᠭᠦᠷᠡᠰᠦᠨ ᠤ ᠨᠡᠭᠡᠭᠡᠨ ᠬᠥᠭᠵᠢᠭᠦᠯᠬᠦ ᠠᠵᠢᠯ ᠲᠦᠷᠦᠯ ᠤᠨ ᠮᠧᠲ᠋ᠠᠨ ᠭᠠᠳᠠᠭᠰᠢᠯᠠᠭᠤᠯᠬᠤ ᠶᠢ ᠬᠢᠵᠠᠭᠠᠷᠯᠠᠨ᠎ᠠ︔ | ᠲᠠᠷᠢᠶᠠᠯᠠᠩ ᠤᠨ ᠬᠦᠷᠢᠶᠡᠨ ᠳᠠᠬᠢ ᠮᠧᠲ᠋ᠠᠨ ᠪᠣᠯᠤᠨ ᠠᠽᠣᠲ ᠤᠨ ᠳᠤᠲᠠᠭᠤ ᠢᠰᠦᠯ ᠤᠨ ᠭᠠᠳᠠᠭᠰᠢᠯᠠᠭᠤᠯᠤᠯᠲᠠ ᠶᠢ | ᠬᠢᠵᠠᠭᠠᠷᠯᠠᠨ᠎ᠠ︔ ᠬᠠᠶᠠᠭᠳᠠᠮᠠᠯ ᠪᠣᠳᠠᠰ ᠢ ᠰᠢᠢᠳᠪᠦᠷᠢᠡᠯᠬᠦ ᠬᠦᠷᠢᠶᠡᠨ ᠳᠠᠬᠢ ᠮᠧᠲ᠋ᠠᠨ ᠭᠠᠳᠠᠭᠰᠢᠯᠠᠭᠤᠯᠬᠤ ᠶᠢ | ᠬᠢᠵᠠᠭᠠᠷᠯᠠᠨ᠎ᠠ᠃ | ᠬᠤᠶᠠᠷ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠢ ᠨᠡᠮᠡᠭᠳᠡᠭᠦᠯᠦᠨ᠎ᠡ | 1. ᠤᠢ ᠰᠢᠭᠤᠶ ᠶᠢᠨ ᠨᠡᠭᠦᠷᠡᠰᠦᠲᠥ᠋ᠷᠥᠭᠴᠢ ᠶᠢᠨ ᠬᠤᠷᠠᠮᠠᠯ ᠢ ᠨᠡᠮᠡᠭᠳᠡᠭᠦᠯᠦᠨ᠎ᠡ | 2025 ᠣᠨ ᠪᠣᠯᠬᠤ ᠳᠤ᠂ ᠵᠢᠯ ᠳᠤᠮᠳᠠᠴᠢ ᠶᠢᠨ ᠣᠶᠢᠵᠢᠭᠤᠯᠬᠤ ᠲᠠᠯᠠᠪᠠᠢ 10 ᠲᠦᠮᠡᠨ ᠮᠦ ᠠᠴᠠ ᠳᠡᠭᠡᠭᠰᠢ ᠳᠤ | ᠬᠦᠷᠴᠦ᠂ ᠤᠢ ᠰᠢᠭᠤᠢ ᠶᠢᠨ ᠪᠦᠷᠬᠦᠭᠳᠡᠭᠰᠡᠨ ᠨᠤᠷᠮ᠎ᠠ ᠶᠢ 33.88% ᠳᠤ ᠬᠦᠷᠭᠡᠵᠦ᠂ ᠠᠮᠢ ᠠᠬᠤᠢ ᠶᠢᠨ | ᠪᠠᠶᠢᠳᠠᠯ ᠢ ᠴᠢᠨᠠᠭᠰᠢᠳᠠ ᠰᠠᠶᠢᠵᠢᠷᠠᠭᠤᠯᠵᠤ᠂ ᠤᠢ ᠰᠢᠭᠤᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠰᠢᠩᠭᠡᠭᠡᠨ ᠠᠪᠬᠤ ᠴᠢᠳᠠᠪᠬᠢ ᠶᠢ ᠲᠠᠰᠤᠷᠠᠯᠳᠡ ᠦᠭᠡᠢ ᠴᠢᠩᠭᠠᠳᠬᠠᠨ᠎ᠠ᠃ | 2. ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠢ ᠨᠡᠮᠡᠭᠳᠡᠭᠦᠯᠦᠨ᠎ᠡ | 2025 ᠣᠨ ᠪᠣᠯᠬᠤ ᠳᠤ᠂ ᠲᠥᠯᠥᠪᠵᠢᠭᠦᠯᠭᠡ ᠶᠢᠨ ᠣᠷᠣᠨ ᠤ ᠨᠤᠲᠤᠭ ᠪᠡᠯᠴᠢᠭᠡᠷ ᠤᠨ ᠮᠠᠭᠤᠵᠢᠷᠠᠬᠤ ᠬᠠᠨᠳᠤᠰᠢ ᠶᠢ | ᠦᠨᠳᠦᠰᠦᠨ ᠳᠡᠭᠡᠨ ᠬᠤᠷᠢᠭᠯᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠨᠡᠯᠢᠶᠡᠳ | ᠶᠡᠭᠡ ᠪᠠᠷ ᠰᠠᠶᠢᠵᠢᠷᠠᠭᠤᠯᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ 70% ᠠᠴᠠ | ᠳᠡᠭᠡᠭᠰᠢ ᠳᠤ ᠲᠣᠭᠲᠠᠪᠤᠷᠢᠵᠢᠭᠤᠯᠤᠨ᠎ᠠ᠃ | 3. ᠨᠦᠢᠲᠠᠨ ᠭᠠᠵᠠᠷ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠢ ᠨᠡᠮᠡᠭᠳᠡᠭᠦᠯᠦᠨ᠎ᠡ | ᠨᠢᠭᠡᠨᠲᠡ ᠵᠠᠭᠠᠭᠯᠠᠨ ᠲᠣᠭᠲᠠᠭᠠᠭᠰᠠᠨ ᠨᠤᠭᠤ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ | ᠬᠡᠷᠡᠭᠵᠢᠭᠦᠯᠵᠦ᠂ ᠨᠤᠭᠤ ᠭᠠᠵᠠᠷ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠨᠤᠭᠤ ᠭᠠᠵᠠᠷ ᠤᠨ ᠤᠷᠭᠤᠮᠠᠯ ᠤᠨ | ᠬᠤᠴᠢᠯᠭ᠎ᠠ ᠶᠢ ᠰᠡᠷᠭᠦᠭᠡᠬᠦ᠂ ᠤᠰᠤᠨ ᠰᠢᠰᠲ᠋ᠧᠮ ᠢ ᠬᠤᠯᠪᠣᠬᠤ ᠵᠡᠷᠭᠡ ᠠᠷᠭ᠎ᠠ ᠬᠡᠮᠵᠢᠶ᠎ᠡ ᠪᠠᠷ ᠳᠡᠮᠵᠢᠨ᠂ ᠨᠢᠭᠡᠨᠲᠡ | ᠬᠠᠭᠠᠯᠪᠤᠷᠢᠯᠠᠭᠰᠠᠨ ᠨᠤᠭᠤ ᠭᠠᠵᠠᠷ ᠵᠢᠴᠢ ᠡᠷᠬᠢᠨ ᠲᠣᠭᠤᠷᠢᠨ ᠤ ᠮᠠᠭᠤᠳᠠᠭᠰᠠᠨ ᠨᠤᠭᠤ ᠭᠠᠵᠠᠷ ᠤᠨ ᠠᠮᠢ ᠠᠬᠤᠶ ᠶᠢ | ᠰᠡᠷᠭᠦᠭᠡᠬᠦ ᠠᠵᠢᠯ ᠢ ᠥᠷᠨᠢᠭᠦᠯᠦᠨ᠎ᠡ᠃ ᠨᠤᠭᠤ ᠭᠠᠵᠠᠷ ᠤᠨ ᠲᠣᠯᠪᠤ ᠶᠢ ᠬᠢᠨᠠᠨ ᠬᠡᠮᠵᠢᠬᠦ ᠲᠦᠷᠢᠮ ᠢ ᠪᠠᠶᠢᠭᠤᠯᠤᠨ | ᠪᠦᠷᠢᠨᠰᠢᠬᠦᠯᠵᠦ᠂ ᠨᠤᠭᠤ ᠭᠠᠵᠠᠷ ᠢ ᠬᠠᠮᠠᠭᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | 4. ᠲᠠᠷᠢᠶᠠᠨ ᠭᠠᠵᠠᠷ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠢ ᠨᠡᠮᠡᠭᠳᠡᠭᠦᠯᠦᠨ᠎ᠡ | ᠳᠠᠪᠬᠤᠷ ᠢᠰᠦᠯ ᠢ ᠰᠢᠩᠭᠡᠭᠡᠨ ᠠᠪᠬᠤ ᠶᠢ ᠨᠡᠮᠡᠭᠳᠡᠭᠦᠯᠦᠨ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ | ᠲᠦᠷᠢᠮ ᠢ ᠬᠡᠷᠡᠭᠵᠢᠭᠦᠯᠵᠦ᠂ ᠲᠠᠷᠢᠮᠠᠯ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ᠶᠢ | ᠨᠡᠮᠡᠭᠳᠡᠭᠦᠯᠦᠨ᠎ᠡ︔ ᠣᠷᠭᠠᠨᠢᠭ ᠪᠣᠷᠳᠣᠭᠤᠷ ᠪᠠ ᠬᠥᠷᠥᠰᠥ ᠰᠢᠷᠣᠶ ᠶᠢ ᠬᠡᠮᠵᠢᠵᠦ ᠨᠠᠶᠢᠷᠠᠯᠭ᠎ᠠ ᠲᠠᠢ ᠪᠣᠷᠳᠣᠭᠤᠷ | ᠣᠷᠣᠭᠤᠯᠬᠤ ᠶᠢ ᠶᠡᠭᠡ ᠪᠠᠷ ᠳᠡᠯᠭᠡᠷᠡᠭᠦᠯᠵᠦ᠂ ᠨᠡᠭᠦᠷᠡᠰᠦᠲᠥ᠋ᠷᠥᠭᠴᠢ ᠶᠢᠨ ᠣᠷᠣᠭᠤᠯᠤᠯᠲᠠ ᠶᠢ ᠪᠠᠭᠤᠷᠠᠭᠤᠯᠤᠨ᠎ᠠ︔ | ᠠᠮᠢ ᠠᠬᠤᠶ ᠶᠢᠨ ᠡᠷᠬᠢᠯᠳᠡᠳᠦ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠲᠠᠷᠢᠶᠠᠯᠠᠩ ᠢ ᠢᠳᠡᠪᠬᠢᠲᠡᠶ | ᠬᠥᠭᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠨ᠎ᠠ︔ ᠲᠠᠷᠢᠶᠠᠨ ᠭᠠᠵᠠᠷ ᠢ | ᠥᠨᠵᠢᠭᠦᠯᠦᠨ ᠡᠭᠡᠯᠵᠢᠯᠡᠨ ᠲᠠᠷᠢᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠯᠠᠩ ᠤᠨ ᠲᠠᠷᠢᠮᠠᠯ ᠤᠨ | ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ | ᠭᠤᠷᠪᠠ᠂ ᠠᠭᠤᠷ ᠠᠮᠢᠰᠬᠤᠯ ᠤᠨ ᠬᠤᠪᠢᠷᠠᠯᠲᠠ ᠶᠢᠨ ᠨᠥᠯᠥᠭᠡᠯᠡᠯ ᠳᠤ ᠵᠣᠬᠢᠴᠠᠨ᠎ᠠ | 1. ᠬᠤᠲᠠ ᠪᠠᠯᠭᠠᠰᠤᠨ ᠤ ᠰᠠᠭᠤᠷᠢ ᠪᠡᠯᠡᠳᠬᠡᠮᠵᠢ ᠶᠢᠨ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ | ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠵᠣᠬᠢᠴᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠵᠠᠮ | ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠲᠠᠷᠢᠶᠠᠯᠠᠩ᠂ ᠣᠶ ᠰᠢᠭᠤᠶ᠂ ᠨᠤᠲᠤᠭ ᠪᠡᠯᠴᠢᠭᠡᠷ ᠤᠨ ᠮᠠᠯ ᠠᠵᠤ | ᠠᠬᠤᠶ ᠵᠡᠷᠭᠡ ᠬᠦᠷᠢᠶᠡᠨ ᠳᠠᠬᠢ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠴᠢᠳᠠᠪᠤᠷᠢ ᠶᠢ | ᠳᠡᠭᠡᠭᠰᠢᠯᠡᠭᠦᠯᠬᠦ ᠶᠢ ᠴᠢᠩᠭᠠᠷᠠᠭᠤᠯᠤᠨ᠎ᠠ᠃ | 2. ᠤᠰᠤᠨ ᠤ ᠠᠮᠤᠷ ᠲᠦᠪᠰᠢᠨ ᠤ ᠪᠠᠲᠤᠯᠠᠭ᠎ᠠ ᠵᠢᠴᠢ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ | ᠴᠢᠳᠠᠪᠤᠷᠢ ᠶᠢ ᠴᠢᠩᠭᠠᠷᠠᠭᠤᠯᠤᠨ᠎ᠠ | ᠤᠰᠤᠨ ᠤ ᠠᠮᠤᠷ ᠲᠦᠪᠰᠢᠨ ᠤ ᠬᠠᠮᠢᠶᠠᠷᠤᠯᠲᠠ ᠪᠠ ᠬᠠᠮᠠᠭᠠᠯᠠᠯᠲᠠ ᠶᠢ ᠳᠡᠭᠡᠭᠰᠢᠯᠡᠭᠦᠯᠦᠨ᠎ᠡ︔ ᠤᠰᠤᠨ ᠤ ᠠᠮᠢ | ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠬᠡᠷᠡᠭᠵᠢᠭᠦᠯᠦᠨ᠎ᠡ︔ ᠤᠰᠤ ᠬᠠᠩᠭᠠᠬᠤ ᠠᠮᠤᠷ ᠲᠦᠪᠰᠢᠨ ᠤ | ᠪᠠᠲᠤᠯᠠᠭ᠎ᠠ ᠶᠢ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | 3. ᠭᠤᠣᠯᠳᠠᠯᠭ᠎ᠠ ᠲᠠᠢ ᠬᠦᠷᠢᠶᠡᠨ ᠤ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠴᠢᠳᠠᠪᠤᠷᠢ ᠶᠢ | ᠲᠡᠭᠡᠭᠰᠢᠯᠡᠭᠦᠯᠦᠨ᠎ᠡ | ᠲᠠᠷᠢᠶᠠᠯᠠᠩ᠂ ᠤᠢ ᠰᠢᠭᠤᠶ᠂ ᠨᠤᠲᠤᠭ ᠪᠡᠯᠴᠢᠭᠡᠷ ᠮᠠᠯ ᠠᠵᠤ ᠠᠬᠤᠶ ᠵᠡᠷᠭᠡ ᠬᠦᠷᠢᠶᠡᠨ ᠳᠠᠬᠢ ᠠᠭᠤᠷ | ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | 4᠂ ᠠᠮᠢ ᠠᠬᠤᠢ ᠬᠡᠪᠡᠷᠡᠭ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ | ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ | ᠢᠨᠵᠧᠨᠧᠷᠢᠩ ᠪᠠ ᠰᠠᠯᠬᠢ ᠶᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ︔ | ᠬᠠᠭᠤᠷᠠᠶ ᠡᠷᠲᠡ ᠶᠢᠨ ᠡᠯᠡᠰᠦᠷᠬᠡᠭ ᠭᠠᠵᠠᠷ ᠤᠨ ᠰᠠᠯᠬᠢ ᠡᠯᠡᠰᠦᠨ ᠤ ᠠᠶᠤᠯ ᠢ ᠰᠡᠷᠭᠡᠶᠢᠯᠡᠨ ᠡᠵᠡᠮᠳᠡᠨ᠎ᠡ ᠃ ᠬᠥᠷᠥᠰᠥ | ᠰᠢᠷᠣᠶ ᠶᠢᠨ ᠢᠳᠡᠭᠳᠡᠯ ᠤᠨ ᠣᠷᠣᠨ ᠢ ᠶᠡᠷᠦᠩᠬᠡᠶᠢᠯᠡᠨ ᠵᠠᠰᠠᠬᠤ ᠠᠵᠢᠯ ᠢ ᠨᠤᠭᠤ ᠭᠠᠵᠠᠷ ᠤᠨ ᠬᠠᠮᠢᠶᠠᠷᠤᠯᠲᠠ ᠶᠢ | ᠴᠢᠩᠭᠠᠳᠬᠠᠨ᠎ᠠ︔ ᠤᠢ ᠰᠢᠭᠤᠶ ᠡᠪᠡᠰᠦ ᠪᠡᠯᠴᠢᠭᠡᠷ ᠤᠨ ᠰᠢᠯᠵᠢᠯᠲᠡ ᠶᠢᠨ ᠣᠷᠣᠨ ᠤ ᠡᠬᠢ ᠪᠠᠶᠠᠯᠢᠭ ᠢ ᠨᠡᠭᠡᠭᠡᠨ | ᠬᠥᠭᠵᠢᠭᠦᠯᠵᠦ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠎ᠠ᠃ | 5. ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ | ᠠᠭᠤᠷ ᠠᠮᠢᠰᠬᠤᠯ ᠤᠨ ᠬᠤᠪᠢᠷᠠᠯᠲᠠ ᠬᠢᠭᠡᠳ ᠬᠥᠮᠦᠨ ᠤ ᠪᠡᠶ᠎ᠡ ᠶᠢᠨ ᠡᠷᠡᠭᠦᠯ ᠮᠡᠨᠳᠤ ᠶᠢ ᠬᠢᠨᠠᠨ ᠬᠡᠮᠵᠢᠬᠦ᠂ | ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠰᠢᠨ᠎ᠡ | ᠡᠪᠡᠳᠴᠢᠨ ᠡᠮᠭᠡᠭ ᠢ ᠰᠤᠳᠤᠯᠬᠤ ᠪᠠ ᠤᠷᠢᠳᠴᠢᠯᠠᠨ ᠰᠡᠷᠭᠡᠶᠢᠯᠡᠬᠦ ᠠᠵᠢᠯ ᠢ ᠥᠷᠨᠢᠭᠦᠯᠦᠨ᠎ᠡ︔ ᠠᠭᠤᠷ | ᠠᠮᠢᠰᠬᠤᠯ ᠤᠨ ᠬᠤᠪᠢᠷᠠᠯᠲᠠ ᠶᠢᠨ ᠬᠥᠮᠦᠰ ᠤᠨ ᠡᠷᠡᠭᠦᠯ ᠮᠡᠨᠳᠦ ᠳᠤ ᠦᠵᠡᠭᠦᠯᠬᠦ ᠨᠥᠯᠥᠭᠡ ᠶᠢ ᠦᠨᠡᠯᠡᠨ ᠵᠢᠱᠢᠬᠦ ᠶᠢ | ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠵᠢᠷᠤᠮᠵᠢᠭᠤᠯᠬᠤ ᠪᠠᠶᠢᠭᠤᠯᠤᠯᠲᠠ ᠶᠢ ᠲᠦᠯᠬᠢᠨ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠨᠡᠶᠢᠲᠡ ᠶᠢᠨ ᠥᠪᠡᠷ ᠢ ᠪᠠᠨ ᠬᠠᠮᠠᠭᠠᠯᠠᠬᠤ ᠦᠵᠡᠯ | ᠤᠬᠠᠮᠰᠠᠷ ᠢ ᠴᠢᠩᠭᠠᠳᠬᠠᠬᠤ ᠵᠡᠷᠭᠡ ᠪᠣᠯᠤᠨ᠎ᠠ᠃ | 6᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠤᠨ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠬᠤ ᠴᠢᠳᠠᠪᠤᠷᠢ ᠶᠢ ᠴᠢᠩᠭᠠᠳᠬᠠᠨ᠎ᠠ | ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠦᠨᠡᠯᠡᠨ ᠵᠢᠱᠢᠬᠦ ᠪᠠ ᠤᠷᠢᠳᠴᠢᠯᠠᠨ ᠵᠢᠱᠢᠵᠦ ᠤᠷᠢᠳᠴᠢᠯᠠᠨ | ᠰᠡᠷᠡᠮᠵᠢᠯᠡᠭᠦᠯᠬᠦ ᠠᠵᠢᠯ ᠢ ᠴᠢᠩᠭᠠᠳᠬᠠᠨ᠎ᠠ︔ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠤᠨ ᠰᠢᠰᠲ᠋ᠧᠮ ᠪᠠ ᠴᠤᠤᠷᠢᠶᠠᠲᠤᠨ ᠳᠠᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ | | ᠲᠦᠷᠪᠡ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠤᠨ᠎ᠠ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠤᠷᠰᠢᠯᠲᠠ ᠶᠢᠨ ᠴᠡᠭ ᠢ ᠪᠠᠶᠢᠭᠤᠯᠤᠨ᠎ᠠ | ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢᠨ ᠪᠦᠷᠢᠳᠬᠡᠯ ᠤᠨ ᠰᠢᠰᠲ᠋ᠧᠮ ᠢ | ᠲᠡᠭᠦᠯᠳᠡᠷᠵᠢᠭᠦᠯᠦᠨ᠎ᠡ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠥᠷᠥ ᠶᠢᠨ | ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠤᠨ᠎ᠠ | ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠬᠠᠮᠵᠢᠯᠴᠠᠨ ᠡᠵᠡᠮᠳᠡᠬᠦ ᠪᠠ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠬᠤ ᠶᠢ ᠴᠢᠩᠭᠠᠳᠬᠠᠨ᠎ᠠ | ᠪᠠᠲᠤᠯᠠᠭ᠎ᠠ ᠶᠢᠨ ᠠᠷᠭ᠎ᠠ ᠬᠡᠮᠵᠢᠶ᠎ᠡ | 1. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠵᠤ᠂ ᠡᠷᠬᠡ ᠬᠠᠷᠢᠭᠤᠴᠠᠯᠭ᠎ᠠ ᠶᠢ ᠲᠣᠳᠣᠷᠬᠠᠶ ᠪᠠᠶᠢᠯᠭᠠᠬᠤ᠂ ᠠᠵᠢᠯ ᠬᠤᠪᠢᠶᠠᠷᠢᠯᠠᠨ ᠬᠠᠮᠵᠢᠯᠴᠠᠬᠤ ᠵᠠᠷᠴᠢᠮ | ᠶᠣᠰᠣᠭᠠᠷ᠂ ᠲᠥᠯᠥᠪᠵᠢᠭᠦᠯᠭᠡ ᠶᠢᠨ ᠬᠠᠷᠠᠯᠲᠠᠲᠤ ᠡᠭᠦᠷᠭᠡ ᠶᠢᠨ ᠪᠡᠶᠡᠯᠡᠭᠳᠡᠬᠦ ᠶᠢ ᠦᠨᠡᠨᠬᠦ ᠪᠠᠲᠤᠯᠠᠵᠤ᠂ | ᠨᠡᠭᠦᠷᠡᠰᠦᠲᠥ᠋ᠷᠥᠭᠴᠢ ᠶᠢᠨ ᠣᠷᠭᠢᠯ ᠳᠤ ᠬᠥᠷᠬᠦ ᠠᠵᠢᠯ ᠳᠤ ᠰᠠᠭᠤᠷᠢ ᠲᠠᠯᠪᠢᠬᠤ ᠬᠡᠷᠡᠭᠲᠡᠶ᠃ | 2. ᠰᠢᠯᠭᠠᠨ ᠬᠢᠨᠠᠵᠤ ᠦᠨᠡᠯᠡᠨ ᠵᠢᠱᠢᠬᠦ ᠶᠢ ᠴᠢᠩᠭᠠᠳᠬᠠᠨ᠎ᠠ | ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠵᠢᠴᠢ ᠣᠨ ᠤ ᠨᠡᠭᠦᠷᠡᠰᠦᠲᠥ᠋ᠷᠥᠭᠴᠢ ᠶᠢᠨ ᠬᠦᠴᠦᠯᠡᠴᠡ ᠶᠢᠨ ᠬᠠᠷᠠᠯᠲᠠ ᠶᠢᠨ ᠡᠭᠦᠷᠭᠡ ᠶᠢ ᠴᠢᠩᠭ᠎ᠠ | ᠨᠠᠶᠢᠳᠠᠪᠤᠷᠢᠵᠢᠭᠤᠯᠵᠤ᠂ ᠱᠠᠲᠤ ᠱᠠᠲᠤ ᠪᠠᠷ ᠵᠠᠳᠠᠯᠵᠤ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠨ᠎ᠠ | ︔ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠴᠠᠭ ᠲᠤᠨᠢ ᠲᠣᠬᠢᠷᠠᠭᠤᠯᠤᠨ ᠲᠣᠬᠢᠷᠠᠭᠤᠯᠬᠤ ᠬᠡᠷᠡᠭᠲᠡᠶ︔ | ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ᠎ᠠ᠃ | 3. ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠰᠠᠭᠤᠷᠢ ᠴᠢᠨᠠᠷᠲᠠᠶ ᠰᠢᠨᠵᠢᠯᠡᠬᠦ ᠤᠬᠠᠭᠠᠨ ᠤ | ᠰᠤᠳᠤᠯᠭᠠᠨ ᠢ ᠥᠷᠨᠢᠭᠦᠯᠬᠦ︔ ᠡᠨᠧᠷᠭᠢ ᠶᠢᠨ ᠰᠤᠷᠪᠤᠯᠵᠢ᠂ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠪᠠᠷᠢᠯᠭ᠎ᠠ᠂ | ᠲᠠᠷᠢᠶᠠᠯᠠᠩ᠂ ᠤᠢ ᠰᠢᠭᠤᠶ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠮᠡᠷᠭᠡᠵᠢᠯ ᠤᠨ ᠰᠣᠯᠢᠯᠴᠠᠭ᠎ᠠ ᠶᠢ ᠨᠡᠮᠡᠭᠳᠡᠭᠦᠯᠦᠨ᠎ᠡ︔ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ | 4. ᠪᠠᠯᠠ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠦᠨ᠎ᠡ | ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠠᠵᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠡᠯᠡ | ᠮᠥᠩᠭᠦ ᠶᠢᠨ ᠠᠷᠭ᠎ᠠ ᠵᠠᠮ ᠢ ᠥᠷᠭᠡᠳᠬᠡᠨ᠎ᠡ᠃ | 5. ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠷᠠᠭᠤᠯᠤᠨ᠎ᠠ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠬᠤ ᠬᠠᠮᠢᠶ᠎ᠠ ᠪᠦᠬᠦᠢ ᠮᠡᠳᠡᠯᠭᠡ ᠶᠢ ᠰᠠᠶᠢᠨ ᠰᠠᠶᠢᠬᠠᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠣᠷᠴᠢᠨ | ᠲᠣᠭᠤᠷᠢᠨ ᠢ ᠪᠤᠶ ᠪᠣᠯᠭᠠᠵᠤ᠂ ᠠᠷᠠᠳ ᠨᠡᠶᠢᠲᠡ ᠶᠢᠨ ᠬᠠᠷᠢᠭᠤᠴᠠᠯᠭ᠎ᠠ ᠶᠢᠨ ᠤᠬᠠᠮᠰᠠᠷ᠂ ᠬᠠᠤᠯᠢ ᠪᠠᠷ ᠵᠠᠰᠠᠬᠤ | ᠤᠬᠠᠮᠰᠠᠷ ᠪᠠ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢᠨ ᠤᠬᠠᠮᠰᠠᠷ ᠵᠡᠷᠭᠡ ᠶᠢ ᠤᠯᠠᠮ ᠨᠢᠭᠡ ᠠᠯᠬᠤᠮ | ᠴᠢᠩᠭᠠᠳᠬᠠᠨ᠎ᠠ᠃ | 6. ᠲᠥᠯᠥᠪᠵᠢᠭᠦᠯᠭᠡ ᠶᠢᠨ ᠦᠨᠡᠯᠡᠨ ᠵᠢᠱᠢᠯᠲᠡ ᠶᠢ ᠥᠷᠨᠢᠭᠦᠯᠦᠨ᠎ᠡ | ᠲᠣᠰ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠦᠨᠡᠯᠡᠨ ᠵᠢᠱᠢᠬᠦ ᠶᠢ ᠴᠢᠩᠳᠠᠯᠠᠵᠤ᠂ ᠦᠨᠡᠯᠡᠨ | ᠵᠢᠱᠢᠭᠰᠡᠨ ᠦᠷ᠎ᠡ ᠳ᠋ᠦᠩ ᠢ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠮᠡᠳᠡᠭᠦᠯᠵᠦ᠂ ᠦᠨᠡᠯᠡᠨ ᠵᠢᠱᠢᠭᠰᠡᠨ ᠦᠷ᠎ᠡ | ᠳ᠋ᠦᠩ ᠢ ᠦᠨᠳᠦᠰᠦᠯᠡᠨ ᠲᠥᠯᠥᠪᠵᠢᠭᠦᠯᠭᠡ ᠶᠢᠨ ᠬᠠᠷᠠᠯᠲᠠᠲᠤ ᠡᠭᠦᠷᠭᠡ ᠳᠤ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠤᠯᠲᠠ ᠬᠢᠵᠦ᠂ ᠨᠡᠶᠢᠭᠡᠮ ᠳᠤ ᠢᠯᠡ ᠪᠣᠯᠭᠠᠨ᠂ ᠣᠯᠠᠨ ᠨᠡᠶᠢᠲᠡ ᠶᠢᠨ ᠬᠢᠨᠠᠯᠲᠠ ᠲᠠᠯᠪᠢᠬᠤ ᠶᠢ ᠬᠦᠯᠢᠶᠡᠨ᠎ᠡ | ᠃ |