ᠲᠤᠮᠤ ᠠᠵᠢᠯ ᠶᠠᠪᠤᠳᠠᠯ ᠤᠨ ᠲᠡᠮᠳᠡᠭᠯᠡᠯ ︵1 ᠰᠠᠷ᠎ᠠ ᠶᠢᠨ 1 ᠤ ᠡᠳᠦᠷ ᠠᠴᠠ1 ᠰᠠᠷ᠎ᠠ ᠶᠢᠨ31 ᠤ ᠡᠳᠦᠷ︶
ᠨᠡᠶᠢᠲᠡᠯᠡᠭᠰᠡᠨ ᠴᠠᠭ᠄
2022/3/24
   ● 1 ᠰᠠᠷ᠎ᠠ ᠶᠢᠨ 5 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠬᠦᠷᠴᠦ ᠲᠡᠷᠢᠭᠦᠯᠡᠭᠴᠢ ᠵᠠᠩ ᠱᠤᠤ ᠴᠦᠨ ᠳᠤ ᠾᠧᠦ ᠯᠢᠦ ᠸᠠᠨ ᠨᠡᠭᠦᠷᠡᠰᠦᠨ ᠠᠭᠤᠷᠬᠠᠢ ᠶᠢᠨ ᠰᠲ᠋ᠣᠺ ᠤᠨ ᠡᠷᠬᠡ ᠶᠢ ᠰᠢᠯᠵᠢᠭᠦᠯᠦᠨ ᠬᠤᠳᠠᠯᠳᠤᠬᠤ ᠶᠠᠪᠤᠳᠠᠯ ᠢ ᠬᠠᠷᠢᠭᠤ ᠮᠡᠳᠡᠭᠦᠯᠪᠡ᠃    ● 1 ᠰᠠᠷ᠎ᠠ ᠶᠢᠨ 6 ᠤ ᠦᠳᠡ ᠶᠢᠨ ᠬᠤᠶᠢᠨ᠎ᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠢ ᠥᠷᠭᠡᠳᠬᠡᠨ ᠳᠠᠷᠢᠬᠤ  ᠵᠦᠪᠳᠡᠯᠴᠡᠬᠦ ᠬᠤᠷᠠᠯ ᠳᠤ ᠤᠷᠤᠯᠴᠠᠪᠠ᠃    ● 1 ᠰᠠᠷ᠎ᠠ ᠶᠢᠨ 7 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠵᠢᠭᠠᠨ ᠲᠣᠭᠲᠠᠭᠠᠭᠰᠠᠨ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠰᠤᠷᠤᠯᠴᠠᠯᠭ᠎ᠠ ᠬᠢᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠬᠤᠷᠠᠯ ᠢ ᠡᠷᠬᠢᠯᠡᠵᠤ ᠶᠠᠷᠢᠶ᠎ᠠ ᠲᠠᠯᠪᠢᠪᠠ᠃    ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ  ᠰᠦᠬᠡ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠵᠠᠷ ᠰᠢᠨᠵᠢᠯᠡᠭᠡ ᠬᠢᠭᠡᠳ ᠳᠡᠯᠡᠬᠡᠶ ᠶᠢᠨ ᠪᠥᠮᠪᠥᠷᠴᠡᠭ ᠤᠨ ᠹᠢᠽᠢᠺ ᠤᠨ ᠰᠤᠳᠤᠯᠭᠠᠨ ᠤ ᠭᠠᠵᠠᠷ ᠤᠨ ᠰᠤᠳᠤᠯᠤᠭᠴᠢ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠯᠢᠦ ᠵᠢᠶᠠ ᠴᠢ ᠨᠡᠷ ᠲᠠᠢ ᠠᠭᠤᠯᠵᠠᠵᠤ᠂ ᠬᠢᠩᠭᠠᠨ ᠠᠶᠢᠮᠠᠭ ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠬᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠬᠤ ᠶᠢᠨ ᠲᠣᠭᠤᠷᠢᠨ ᠳᠤ ᠶᠠᠷᠢᠯᠴᠠᠨ ᠰᠣᠯᠢᠯᠴᠠᠪᠠ᠃     ● 1 ᠰᠠᠷ᠎ᠠ ᠶᠢᠨ 8 ᠤ ᠡᠳᠦᠷ᠂ ᠠᠶᠢᠮᠠᠭ ᠤᠨ ᠨᠠᠮ ᠤᠨ  ᠬᠤᠷᠢᠶ᠎ᠠ ᠶᠢᠨ 2022 ᠣᠨ ᠤ ᠠᠩᠬᠠᠳᠤᠭᠠᠷ ᠤᠳᠠᠭ᠎ᠠ ᠶᠢᠨ ᠠᠶᠢᠮᠠᠭ ᠤᠨ ᠨᠠᠮ ᠤᠨ  ᠬᠤᠷᠢᠶ᠎ᠠ ᠶᠢᠨ ᠭᠡᠰᠢᠭᠦᠳ ᠤᠨ ᠬᠤᠷᠠᠯ ᠳᠤ ᠣᠷᠣᠯᠴᠠᠵᠤ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠠᠵᠢᠯ ᠤᠨ ᠵᠦᠪᠯᠡᠯ᠂ ᠵᠠᠬᠢᠷᠭ᠎ᠠ᠂ ᠤᠯᠤᠰ ᠲᠦᠷᠦ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠪᠢᠶᠠᠷᠢ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠪᠣᠯᠤᠨ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃     ● 1 ᠰᠠᠷ᠎ᠠ ᠶᠢᠨ 9 ᠤ ᠦᠳᠡ ᠶᠢᠨ ᠬᠤᠶᠢᠨ᠎ᠠ᠂ ᠵᠠᠬᠢᠷᠭ᠎ᠠ ᠶᠢᠨ 2022 ᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠵᠦ ︵︽ᠥᠪᠥᠷ ᠮᠣᠩᠭᠤᠯ ᠤᠨ ᠾᠧᠦ ᠯᠢᠦ ᠸᠠᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ ᠶᠢ ᠳᠠᠬᠢᠨᠲᠠ ᠲᠠᠯᠠᠪᠠᠢ ᠳᠤ ᠣᠷᠣᠭᠤᠯᠵᠤ ᠠᠷᠠᠯᠵᠢᠶᠠᠯᠠᠬᠤ ᠶᠢᠨ ᠬᠡᠷᠡᠭᠵᠢᠭᠦᠯᠬᠦ ᠲᠥᠰᠦᠯ︾ ᠢ ᠲᠤᠰᠬᠠᠢ ᠰᠡᠳᠦᠪ ᠢᠶᠠᠷ ᠰᠤᠳᠤᠯᠪᠠ︶᠃    ᠵᠠᠰᠠᠭ ᠵᠠᠬᠢᠷᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠳᠤ ᠤᠷᠤᠯᠴᠠᠪᠠ᠃    ● 1 ᠰᠠᠷ᠎ᠠ ᠶᠢᠨ 10 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ  ᠶᠢᠨ ᠤᠳᠤᠷᠢᠳᠬᠤ ᠪᠠᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠥᠷᠪᠡᠳᠦᠭᠡᠷ ᠲᠣᠭᠤᠷᠢᠨ ᠵᠢᠭᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠶᠠᠩ ᠰᠢ ᠬᠤᠷᠠᠯ ᠳᠤ ᠣᠷᠣᠯᠴᠠᠨ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠵᠦ ᠶᠠᠷᠢᠶ᠎ᠠ ᠲᠠᠯᠪᠢᠪᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠢᠭᠡᠳᠦᠭᠡᠷ ᠬᠢᠨᠠᠯᠲᠠ ᠲᠠᠯᠪᠢᠵᠤ ᠪᠠᠶᠢᠴᠠᠭᠠᠬᠤ ᠲᠠᠰᠤᠭ ᠤᠨ ᠡᠷᠬᠢᠯᠡᠭᠴᠢ ᠯᠢ ᠰᠢᠶᠤᠤ ᠳ᠋ᠦᠩ ᠪᠣᠯᠤᠨ ᠲᠣᠭᠤᠷᠢᠨ ᠵᠢᠭᠠᠨ ᠵᠢᠯᠣᠭᠤᠳᠬᠤ ᠳᠤᠭᠤᠶᠢᠯᠠᠩ ᠤᠨ ᠪᠥᠬᠦ ᠭᠡᠰᠢᠭᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃    ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠬᠢᠨᠠᠨ ᠰᠢᠯᠭᠠᠬᠤ ᠸᠢᠳᠢᠣ᠋  ᠬᠤᠷᠠᠯ ᠳᠤ ᠣᠷᠣᠯᠴᠠᠪᠠ᠃    ● 1 ᠰᠠᠷ᠎ᠠ ᠶᠢᠨ 11 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠥᠷᠭᠡᠳᠬᠡᠭᠰᠡᠨ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠳᠣᠬᠠᠨ ᠤ ᠪᠠᠶᠢᠳᠠᠯ ᠢ ᠵᠠᠳᠠᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠪᠣᠳᠠᠲᠠᠶ ᠪᠠᠶᠢᠷᠢᠯᠠᠭᠤᠯᠤᠯᠲᠠ ᠬᠢᠵᠡᠶ᠃    ᠦᠳᠡ ᠶᠢᠨ ᠬᠤᠶᠢᠨ᠎ᠠ᠂ ᠬᠤᠶᠠᠳᠤᠭᠠᠷ ᠤᠳᠠᠭ᠎ᠠ ᠶᠢᠨ ᠬᠤᠷᠠᠯ᠂ ︽ᠨᠢᠭᠡ ᠮᠡᠳᠡᠭᠦᠯᠦᠯᠲᠡ ᠬᠤᠶᠠᠷ ᠢ ᠵᠥᠪᠯᠡᠨ ᠲᠣᠭᠲᠠᠭᠠᠬᠤ︾ ᠪᠠ ᠰᠢᠯᠭᠠᠨ ᠲᠣᠭᠲᠠᠭᠠᠬᠤ ᠬᠤᠷᠠᠯ ᠳᠤ ᠣᠷᠣᠯᠴᠠᠪᠠ  ᠃    ● 1 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ ᠪᠠ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠢᠨᠠᠨ ᠵᠢᠯᠣᠭᠤᠳᠬᠤ  ᠸᠢᠳᠢᠤ᠋ ᠬᠤᠷᠠᠯ᠂ ᠪᠥᠬᠦ ᠠᠶᠢᠮᠠᠭ ᠤᠨ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠲᠤᠰᠬᠠᠶ ᠠᠵᠢᠯᠯᠠᠭ᠎ᠠ ᠶᠢᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠳᠠᠶᠢᠴᠢᠯᠠᠯᠲᠠ ᠶᠢᠨ ᠬᠤᠷᠠᠯ ᠳᠤ ᠣᠷᠣᠯᠴᠠᠪᠠ᠃    ᠦᠳᠡ ᠶᠢᠨ ᠬᠤᠶᠢᠨ᠎ᠠ᠂ ᠠᠶᠢᠮᠠᠭ ᠤᠨ ᠨᠠᠮ ᠤᠨ ᠬᠤᠷᠢᠶᠠᠨ ᠤ ᠭᠤᠷᠪᠠᠳᠤᠭᠠᠷ ᠤᠳᠠᠭ᠎ᠠ ᠶᠢᠨ ᠭᠡᠰᠢᠭᠦᠳ ᠤᠨ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃    ᠵᠠᠬᠢᠷᠭ᠎ᠠ ᠶᠢᠨ ᠪᠠᠶᠢᠩᠭᠤ ᠶᠢᠨ ᠬᠤᠷᠠᠯ ︵︽ᠬᠢᠩᠭᠠᠨ ᠠᠶᠢᠮᠠᠭ ᠤᠨ ᠴᠡᠷᠢᠭ ᠬᠥᠮᠦᠨ ᠤ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠷᠭ᠎ᠠ︾ ᠶᠢ ᠰᠤᠳᠤᠯᠤᠨ ᠬᠢᠨᠠᠨ ᠵᠥᠪᠯᠡᠬᠦ︶ ᠬᠤᠷᠠᠯᠳᠤᠭᠤᠯᠪᠠ᠃    ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠬᠤᠷᠠᠯᠳᠤᠭᠤᠯᠪᠠ᠃    ● 1 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠱᠦᠵᠢ ᠨᠡᠷ ᠤᠨ ᠲᠤᠰᠬᠠᠶ ᠰᠡᠳᠦᠪᠲᠦ ᠬᠤᠷᠠᠯ ᠳᠤ ᠣᠷᠣᠯᠴᠠᠵᠤ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠰᠤᠳᠤᠯᠪᠠ  ᠃    ● 1 ᠰᠠᠷ᠎ᠠ ᠶᠢᠨ 14 ᠤ ᠡᠳᠦᠷ᠂ ᠠᠶᠢᠮᠠᠭ ᠤᠨ ᠵᠠᠬᠢᠷᠭ᠎ᠠ ᠪᠣᠯᠤᠨ ᠥᠪᠥᠷ ᠮᠣᠩᠭᠤᠯ ᠤᠨ ᠡᠨᠧᠷᠭᠢ   ᠪᠠᠷ ᠴᠠᠬᠢᠯᠭᠠᠨ ᠭᠠᠷᠭᠠᠬᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠥᠪᠥᠷ ᠮᠣᠩᠭᠤᠯ ᠤᠨ ᠡᠨᠧᠷᠭᠢ ᠴᠠᠬᠢᠯᠭᠠᠨ ᠭᠠᠷᠭᠠᠯᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠡᠷᠡᠭ ᠮᠡᠳᠡᠭᠴᠢᠳ ᠤᠨ ᠳᠡᠳ᠋ ᠳᠠᠷᠤᠭ᠎ᠠ᠂ ᠶᠡᠷᠦᠩᠬᠡᠶ ᠳᠠᠭᠠᠭᠠᠮᠠᠯ ᠯᠢ  ᠸᠧᠨ ᠵᠥᠩ ᠲᠠᠢ ᠬᠡᠯᠡᠯᠴᠡᠭᠡ ᠬᠢᠵᠦ᠂ ᠭᠡᠷ᠎ᠡ ᠲᠣᠭᠲᠠᠬᠤ ᠶᠢ ᠬᠠᠮᠲᠤ ᠪᠠᠷ ᠭᠡᠷᠡᠴᠢᠯᠡᠪᠡ᠃        ᠪᠥᠬᠦ ᠠᠶᠢᠮᠠᠭ ᠤᠨ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ ᠲᠠᠢ︾᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠧᠯᠸᠢᠰ  ᠤᠳᠠᠰᠤᠳᠤ ᠬᠤᠷᠠᠯ ᠬᠤᠷᠠᠯᠳᠤᠵᠤ᠂ ᠡᠯ᠎ᠡ ᠬᠤᠰᠢᠭᠤ ᠰᠢᠶᠠᠨ ᠬᠤᠲᠠ ᠪᠣᠯᠤᠨ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ● 1 ᠰᠠᠷ᠎ᠠ ᠶᠢᠨ 16 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ  ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠸᠢᠳᠢᠣ᠋  ᠬᠤᠷᠠᠯ ᠳᠤ ᠤᠷᠤᠯᠴᠠᠵᠦ᠂ ᠬᠢᠩᠭᠠᠨ ᠠᠶᠢᠮᠠᠭ ᠤᠨ ᠵᠠᠬᠢᠷᠭ᠎ᠠ ᠬᠢᠭᠡᠳ ᠥᠪᠥᠷ ᠮᠣᠩᠭᠤᠯ ᠤᠨ ᠣᠷᠴᠢᠨ ᠲᠣᠭᠤᠷᠢᠨ ᠤ ᠪᠠᠯᠠ ᠣᠷᠣᠭᠤᠯᠤᠯᠲᠠ ᠶᠢᠨ ᠺᠣᠮᠫᠠᠨᠢ ᠶᠢᠨ ᠪᠠᠶᠢᠯᠳᠤᠬᠤ ᠪᠣᠳᠣᠯᠭ᠎ᠠ ᠶᠢᠨ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃    ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠥᠬᠦᠳᠡ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ  ᠠᠵᠢᠯ ᠤᠨ ᠢᠯᠡᠳᠭᠡᠯ ᠢ ᠰᠤᠳᠤᠯᠪᠠ᠃    ● 1 ᠰᠠᠷ᠎ᠠ ᠶᠢᠨ 17 ᠤ ᠦᠳᠡ ᠶᠢᠨ ᠡᠮᠦᠨ᠎ᠡ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠳᠠᠰᠤᠳᠤ ᠬᠤᠷᠠᠯ ᠳᠤ ᠣᠷᠣᠯᠴᠠᠪᠠ᠃    ᠦᠳᠡ ᠶᠢᠨ ᠬᠤᠶᠢᠨ᠎ᠠ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠶᠢᠨ ᠭᠤᠷᠪᠠᠳᠤᠭᠠᠷ ᠤᠳᠠᠭ᠎ᠠ ᠶᠢᠨ ᠲᠤᠰᠬᠠᠶ ᠰᠡᠳᠦᠪᠲᠦ ᠬᠤᠷᠠᠯ ᠳᠤ ᠣᠷᠣᠯᠴᠠᠪᠠ᠃    ● 1 ᠰᠠᠷ᠎ᠠ ᠶᠢᠨ 18 ᠤ ᠦᠳᠡ ᠶᠢᠨ ᠡᠮᠦᠨ᠎ᠡ᠂ ᠠᠶᠢᠮᠠᠭ ᠤᠨ ᠨᠠᠮ ᠤᠨ  ᠬᠤᠷᠢᠶ᠎ᠠ ᠶᠢᠨ 4 ᠳ᠋ᠦᠭᠡᠷ ᠤᠳᠠᠭ᠎ᠠ ᠶᠢᠨ ᠱᠦᠵᠢ ᠶᠢᠨ ᠲᠤᠰᠬᠠᠢ ᠰᠡᠳᠦᠪᠲᠦ ᠬᠤᠷᠠᠯ ᠳᠤ  ᠤᠷᠤᠯᠴᠠᠪᠠ᠃    ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ  ᠬᠤᠷᠠᠯ ᠳᠤ ᠤᠷᠤᠯᠴᠠᠪᠠ᠃    ● 1  ᠰᠠᠷ᠎ᠠ ᠶᠢᠨ 19 — 25 ᠤ ᠡᠳᠦᠷ᠂ ᠬᠥᠬᠡᠬᠤᠲᠠ ᠳᠤ ᠬᠦᠷᠴᠦ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠳᠤ ᠣᠷᠣᠯᠴᠠᠪᠠ᠃    ● 1 ᠰᠠᠷ᠎ᠠ ᠶᠢᠨ 25 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠪᠣᠯᠤᠨ ᠥᠪᠥᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠥᠪᠥᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠳ᠋ᠠᠶ ᠬᠦᠶ ᠲᠠᠢ ᠭᠡᠷ᠎ᠡ ᠲᠣᠭᠲᠠᠬᠤ ᠶᠢ  ᠬᠠᠮᠳᠤ ᠪᠠᠷ ᠭᠡᠷᠡᠴᠢᠯᠡᠪᠡ᠃    ● 1 ᠰᠠᠷ᠎ᠠ ᠶᠢᠨ 26 ᠤ ᠡᠳᠦᠷ᠂ ᠪᠥᠬᠦ ᠠᠶᠢᠮᠠᠭ ᠤᠨ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠳᠤ ᠣᠷᠣᠯᠴᠠᠵᠤ᠂ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠤ ᠬᠢᠩᠭᠠᠨ ᠠᠶᠢᠮᠠᠭ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠤᠷᠤᠯᠴᠠᠵᠤ ᠤᠬᠠᠭᠤᠯᠬᠤ ᠪᠠ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃     ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ︵︽ᠬᠢᠩᠭᠠᠨ ᠠᠶᠢᠮᠠᠭ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢᠨ ᠤᠴᠢᠷ ᠶᠠᠪᠤᠳᠠᠯ ᠢ ᠬᠢᠨᠠᠨ ᠶᠠᠷᠢᠯᠴᠠᠵᠤ᠂ ᠰᠤᠷᠭᠠᠨ ᠬᠥᠮᠦᠵᠢᠯ᠂ ᠬᠢᠲᠠᠳ ᠮᠣᠩᠭᠤᠯ ᠡᠮ ᠡᠮᠨᠡᠯᠭᠡ ᠶᠢᠨ  ᠦᠢᠯᠡᠰ ᠤᠨ ᠬᠥᠭᠵᠢᠯᠲᠡ ᠶᠢᠨ ᠬᠠᠮᠢᠶ᠎ᠠ ᠪᠥᠬᠦᠶ ᠤᠴᠢᠷ ᠶᠠᠪᠤᠳᠠᠯ ᠢ ᠳᠡᠮᠵᠢᠵᠦ᠂ ᠣᠳᠣᠬᠠᠨ ᠤ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ︶  ᠃    ● 1 ᠰᠠᠷ᠎ᠠ ᠶᠢᠨ 27 ᠤ ᠦᠳᠡ ᠶᠢᠨ ᠡᠮᠦᠨ᠎ᠡ᠂ ᠬᠢᠩᠭᠠᠨ ᠠᠶᠢᠮᠠᠭ ᠤᠨ 2022 ᠣᠨ ᠤ ᠠᠩᠬᠠᠳᠠᠭᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠲᠥᠪᠯᠡᠷᠡᠭᠦᠯᠦᠨ ᠭᠡᠷ᠎ᠡ ᠲᠣᠭᠲᠠᠬᠤ ᠪᠠ ᠡᠭᠦᠯᠡᠨ ᠲᠠᠨᠢᠯᠴᠠᠭᠤᠯᠭ᠎ᠠ ᠶᠢᠨ ᠠᠵᠢᠯᠯᠠᠭ᠎ᠠ ᠳᠤ ᠣᠷᠣᠯᠴᠠᠪᠠ᠃ ᠴᠧᠨ ᠭᠦᠸᠧ ᠼᠠᠢ᠂ ᠪᠠᠢ  ᠰᠥᠸᠧ ᠠᠬᠠᠮᠠᠳ ᠺᠠᠳ᠋ᠷᠴᠤᠳ ᠢ ᠲᠣᠬᠤᠨᠢᠭᠤᠯᠪᠠ᠃    ᠦᠳᠡ ᠶᠢᠨ ᠬᠤᠶᠢᠨ᠎ᠠ᠂ ᠲᠡᠷᠢᠭᠦᠯᠡᠭᠴᠢ ᠬᠤᠸᠠᠩ ᡁᠢ ᠴᠢᠶᠠᠩ ᠳᠤ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠪᠡ᠃    ● 1 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠵᠢᠩ ᠢᠦᠢ  ᠯᠢᠦᠢ ᠮᠠ ᠮᠠ ᠪᠦᠯᠦᠭᠯᠡᠯ᠂ ᠰᠢᠨ ᠭᠤᠸᠠᠩ ᠪᠦᠯᠦᠭᠯᠡᠯ᠂ ᠯᠢᠶᠠᠨ ᡁᠢ ᠴᠧᠩ ᠪᠦᠯᠦᠭᠯᠡᠯ᠂ ᠵᠦᠸᠧ ᠲᠧᠩ ᠪᠦᠯᠦᠭᠯᠡᠯ᠂  ᠴᠢ ᠬᠤᠸᠠ ᠪᠦᠯᠦᠭᠯᠡᠯ ᠵᠡᠷᠭᠡ ᠲᠠᠪᠤᠨ ᠠᠵᠤ ᠠᠬᠤᠶᠢᠯᠠᠯ ᠮᠠᠨ ᠤ ᠠᠶᠢᠮᠠᠭ ᠲᠤ ᠢᠷᠡᠵᠦ ᠰᠢᠨᠵᠢᠯᠡᠨ ᠪᠠᠶᠢᠴᠠᠭᠠᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ  ᠰᠦᠬᠡ ᠵᠢᠩ ᠢᠦᠶ  ᠯᠢᠦᠢ ᠮᠠ ᠮᠠ ᠪᠦᠯᠦᠭᠯᠡᠯ ᠤᠨ ᠡᠭᠦᠰᠭᠡᠨ ᠪᠠᠶᠢᠭᠤᠯᠤᠭᠴᠢ᠂ ᠬᠡᠷᠡᠭ ᠮᠡᠳᠡᠭᠴᠢᠳ ᠤᠨ ᠳᠠᠷᠤᠭ᠎ᠠ ᠬᠤᠩ ᠴᠢᠩ ᠬᠤᠸᠠ ᠨᠠᠷ ᠲᠠᠢ ᠬᠡᠯᠡᠯᠴᠡᠭᠡ ᠬᠢᠵᠡᠶ᠃    ● 1 ᠰᠠᠷ᠎ᠠ ᠶᠢᠨ 29 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠵᠢᠴᠢ ᠠᠶᠢᠮᠠᠭ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠣᠷᠣᠯᠴᠠᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ᠂ ᠠᠶᠢᠮᠠᠭ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠰᠢᠶᠤᠤ ᠪᠢᠩ ᠬᠤᠷᠠᠯ   ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃   ● 1 ᠰᠠᠷ᠎ᠠ ᠶᠢᠨ 29 ᠤ ᠡᠳᠦᠷ᠂ 4 ᠳ᠋ᠤᠭᠡᠷ ᠤᠳᠠᠭ᠎ᠠ ᠶᠢᠨ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠳᠤ  ᠤᠷᠤᠯᠴᠠᠪᠠ᠃    ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ  ᠸᠢᠳᠢᠤ᠋  ᠬᠤᠷᠠᠯ ᠳᠤ ᠣᠷᠣᠯᠴᠠᠪᠠ᠃ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠥᠷᠭᠡᠳᠬᠡᠭᠰᠡᠨ ᠬᠤᠷᠠᠯ ᠳᠤ ᠣᠷᠣᠯᠴᠠᠪᠠ᠃   ●  1 ᠰᠠᠷ᠎ᠠ ᠶᠢᠨ 30 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠬᠤᠷᠠᠯ ᠳᠤ ᠣᠷᠣᠯᠴᠠᠬᠤ ᠶᠢᠨ ᠬᠠᠮᠲᠤ ᠬᠤᠷᠠᠯ ᠠᠴᠠ ᠶᠡᠷᠦᠩᠬᠡᠢ ᠱᠦᠵᠢ  ᠰᠢ ᠶᠢᠨ ᠫᠢᠩ  ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠶᠢᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠦ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠮᠠᠨ ᠤ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠰᠤᠳᠤᠯᠤᠨ ᠵᠠᠳᠠᠯᠵᠤ᠂ 2022 ᠣᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ● 1 ᠰᠠᠷ᠎ᠠ ᠶᠢᠨ 31 ᠤ ᠦᠳᠡ ᠶᠢᠨ ᠡᠮᠦᠨ᠎ᠡ᠂ ᠤᠯᠠᠭᠠᠨᠬᠤᠲᠠ ᠳᠤ ᠪᠠᠶᠠᠷ ᠤᠨ ᠡᠳᠦᠷ ᠤᠨ ᠬᠠᠩᠭᠠᠯᠭ᠎ᠠ ᠶᠢ ᠪᠠᠲᠤᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号