ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤ᠄ ᠮᠢᠬᠠᠨ ᠦᠬᠡᠷ ᠤᠨ ᠡᠭᠦᠯᠳᠡᠷ ᠢ ᠰᠠᠶᠢᠵᠢᠷᠠᠭᠤᠯᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2022/3/25
    ᠤᠢᠢᠷ᠎ᠠ ᠶᠢᠨ ᠵᠢᠯ ᠠᠴᠠ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤ ᠲᠤᠬᠠᠢ ᠶᠢᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠮᠢᠬᠠᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠢ ᠬᠥᠭᠵᠢᠭᠦᠯᠬᠦ ᠪᠠᠷ ᠪᠦᠬᠦ ᠪᠠᠯᠭᠠᠰᠤᠨ ᠤ ᠭᠠᠴᠠᠭ᠎ᠠ ᠲᠣᠰᠬᠤᠨ ᠤ ᠠᠷᠠᠳ ᠢ ᠪᠠᠶᠠᠵᠢᠭᠤᠯᠬᠤ ᠶᠢᠨ ᠴᠢᠬᠤᠯᠠ ᠭᠠᠷᠳᠠᠴᠠ ᠪᠤᠯᠭᠠᠵᠠᠢ᠃ ᠲᠡᠭᠡᠭᠡᠳ ᠬᠥᠮᠦᠨ ᠤ ᠬᠦᠴᠦ ᠪᠠᠷ ᠰᠠᠶᠢᠨ ᠡᠭᠦᠯᠳᠡᠷ ᠢ ᠪᠤᠶᠢᠵᠢᠭᠤᠯᠬᠤ ᠪᠠᠷ ᠳᠠᠮᠵᠢᠭᠤᠯᠵᠤ᠂ ᠲᠤᠬᠠᠢ ᠶᠢᠨ ᠭᠠᠵᠠᠷ ᠤᠨ ᠲᠠᠭᠠᠭᠤᠯᠤᠭᠴᠢ ᠠᠵᠤ ᠠᠬᠤᠶᠢᠯᠠᠯ ᠤᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠮᠢᠬᠠᠨ ᠦᠬᠡᠷ ᠲᠡᠵᠢᠭᠡᠨ ᠦᠷᠡᠵᠢᠭᠦᠯᠬᠦ ︽ᠰᠢᠨ᠎ᠡ ᠵᠠᠮ︾ ᠢ ᠬᠠᠶᠢᠨ  ᠰᠦᠪᠡᠭᠴᠢᠯᠡᠵᠡᠢ᠃   ᠣᠶᠢᠷ᠎ᠠ ᠳᠤ᠂ ᠥᠪᠥᠷ ᠮᠣᠩᠭᠤᠯ ᠤᠨ ᠰᠢᠨ ᠹᠦ᠋ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠬᠢᠵᠠᠭᠠᠷᠲᠤ ᠺᠣᠮᠫᠠᠨᠢ ᠶᠢᠨ ᠦᠬᠡᠷ ᠤᠨ ᠬᠠᠰᠢᠶᠠᠨ ᠳᠤ᠂ ᠮᠡᠷᠭᠡᠵᠢᠯᠲᠡᠨ ᠶᠠᠭ  ᠰᠠᠶ᠋ᠢᠬᠠᠨ  ᠰᠢᠮᠧᠨ᠋ᠲ᠋ᠠᠷ ᠦᠨᠢᠶᠡᠨ ᠳᠤ  ᠭᠠᠷ ᠬᠡᠬᠡᠯᠳᠦᠯᠬᠡ ᠬᠢᠵᠦ ᠪᠠᠶᠢᠪᠠ᠃ ᠮᠢᠬᠠᠨ ᠦᠬᠡᠷ ᠲᠡᠵᠢᠭᠡᠨ ᠦᠷᠡᠵᠢᠭᠦᠯᠬᠦ ᠶᠠᠰᠤ ᠴᠢᠨᠠᠷ ᠪᠠ ᠨᠡᠷᠡᠲᠦ ᠲᠡᠮᠲᠡᠭᠲᠦ ᠶᠢ ᠡᠭᠦᠳᠬᠦ ᠶᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠰᠢᠨ ᠹᠦ᠋ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠬᠢᠵᠠᠭᠠᠷᠲᠤ ᠺᠣᠮᠫᠠᠨᠢ ᠰᠢᠯᠢᠳᠡᠭ ᠡᠭᠦᠯᠳᠡᠷ ᠢ ᠰᠣᠩᠭᠤᠨ ᠠᠪᠴᠤ᠂ ᠪᠠᠷᠢᠮᠵᠢᠶ᠎ᠠ ᠪᠠᠷ ᠲᠡᠵᠢᠭᠡᠨ ᠠᠷᠠᠴᠢᠯᠠᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂  ᠬᠡᠬᠡᠯᠳᠦᠬᠦᠯᠬᠡ ᠬᠢᠬᠦ ᠵᠡᠷᠭᠡ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠢᠶᠠᠷ᠂ ᠨᠢᠭᠡ ᠵᠢᠯ ᠤᠨ ᠬᠥᠭᠵᠢᠯᠲᠡ ᠪᠠᠷ ᠳᠡᠮᠵᠢᠨ᠂ ᠲᠡᠵᠢᠭᠡᠵᠦ ᠪᠠᠶᠢᠭ᠎ᠠ ᠲᠤᠭ᠎ᠠ ᠬᠡᠮᠵᠢᠶ᠎ᠡ ᠨᠢ ᠲᠠᠰᠤᠷᠠᠯᠲᠠ ᠥᠬᠡᠶ ᠨᠡᠮᠡᠭᠳᠡᠵᠦ᠂ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠤ ᠡᠭᠦᠯᠳᠡᠷ ᠤᠨ ᠦᠬᠡᠷ ᠢ ᠦᠷᠡᠵᠢᠭᠦᠯᠦᠨ ᠲᠡᠵᠢᠬᠡᠬᠦ ᠳᠤ ᠭᠦᠢᠴᠡᠳ ᠢᠷᠡᠯᠲᠡ ᠬᠠᠩᠭᠠᠭᠰᠠᠨ ᠢᠶᠠᠷ ᠪᠠᠷᠠᠬᠤ ᠥᠬᠡᠶ ᠪᠠᠰᠠ ᠲᠤᠬᠠᠶ ᠶᠢᠨ ᠭᠠᠵᠠᠷ ᠤᠨ ᠮᠢᠬᠠᠨ ᠦᠬᠡᠷ ᠤᠨ ᠠᠵᠤ ᠦᠢᠯᠡᠰ ᠤᠨ ᠡᠷᠡᠭᠦᠯ ᠢᠶᠠᠷ ᠲᠦᠷᠭᠡᠨ ᠬᠥᠭᠵᠢᠬᠦ ᠶᠢ ᠳᠥᠯᠭᠢᠨ ᠠᠬᠢᠭᠤᠯᠤᠭᠰᠠᠨ ᠪᠠᠶᠢᠨ᠎ᠠ᠃    ︽ᠪᠢᠳᠡ ᠰᠢᠮᠧᠨ᠋ᠲ᠋ᠠᠷ ᠦᠬᠡᠷ ᠢ ᠲᠡᠵᠢᠭᠡᠨ ᠦᠷᠡᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠪᠠᠶᠢᠨ᠎ᠠ᠂ ᠮᠠᠨ ᠤ ᠺᠣᠮᠫᠠᠨᠢ ᠣᠳᠣ ᠬᠤᠶᠠᠷ ᠮᠢᠩᠭ᠎ᠠ ᠭᠠᠷᠤᠶ ᠲᠡᠵᠢᠭᠡᠵᠦ ᠪᠠᠶᠢᠨ᠎ᠠ᠂ ᠡᠨᠡ ᠵᠢᠯ ᠤᠨ ᠪᠦᠬᠦ᠋ᠢᠯᠡ ᠲᠥᠯᠥᠪᠯᠡᠭᠡ ᠪᠣᠯ ᠭᠤᠷᠪᠠᠨ ᠮᠢᠩᠭ᠎ᠠ  ᠲᠠᠪᠠᠭᠤᠯᠬᠤ ᠪᠣᠯᠤᠨ᠎ᠠ᠂ ᠮᠠᠨ ᠤ ᠣᠳᠣ ᠶᠢᠨ ᠪᠠᠶᠢᠭ᠎ᠠ ᠲᠠᠪᠴᠠᠩ ᠢᠶᠠᠷ ᠳᠠᠮᠵᠢᠭᠤᠯᠤᠨ ᠪᠦᠬᠦ ᠤᠯᠤᠰ ᠤᠨ ᠡᠯ᠎ᠡ ᠭᠠᠵᠠᠷ ᠤᠨ ᠲᠡᠵᠢᠭᠡᠨ ᠦᠷᠡᠵᠢᠭᠦᠯᠬᠦ ᠡᠷᠦᠬᠡ ᠳᠤ ᠪᠣᠷᠣᠯᠠᠭᠤᠯᠤᠨ᠎ᠠ︾ ᠭᠡᠵᠦ ᠥᠪᠥᠷ ᠮᠣᠩᠭᠤᠯ ᠤᠨ ᠰᠢᠨ ᠹᠦ᠋ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠬᠢᠵᠠᠭᠠᠷᠲᠤ ᠺᠣᠮᠫᠠᠨᠢ ᠶᠢᠨ ᠳᠠᠭᠠᠭᠠᠮᠠᠯ ᠸᠠᠩ ᠲᠤᠤ ᠰᠤᠷᠪᠤᠯᠵᠢᠯᠠᠬᠴᠢ ᠳᠤ ᠬᠡᠯᠡᠪᠡ᠃    ᠥᠪᠥᠷ ᠮᠣᠩᠭᠤᠯ ᠤᠨ ᠰᠢᠨ ᠹᠦ᠋ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠬᠢᠵᠠᠭᠠᠷᠲᠤ ᠺᠣᠮᠫᠠᠨᠢ ᠲᠠᠢ ᠠᠳᠠᠯᠢ ᠪᠠᠷ᠂ ᠭᠡᠭᠡᠨᠰᠦ᠋ᠮ᠎ᠡ ᠪᠠᠯᠭᠠᠰᠤᠨ ᠤ  ᠶᠢᠤ ᠢ ᠭᠠᠴᠠᠭ᠎ᠠ ᠶᠢᠨ ᠴᠢᠩ ᠰᠢᠶᠠᠩ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠴᠤ ᠤᠯᠠᠮᠵᠢᠯᠠᠯᠲᠤ ᠲᠡᠵᠢᠭᠡᠨ ᠦᠷᠡᠵᠢᠭᠦᠯᠬᠦ ᠠᠷᠭ᠎ᠠ ᠶᠢ ᠲᠠᠶᠠᠭᠳᠠᠵᠤ᠂ ᠭᠠᠷ ᠬᠡᠬᠡᠯᠳᠦᠯᠬᠡ ᠪᠠᠷ ᠮᠢᠬᠠᠨ ᠦᠬᠡᠷ ᠤᠨ ᠡᠭᠦᠯᠳᠡᠷ ᠢ ᠨᠠᠷᠢᠯᠢᠭ ᠪᠤᠶᠢᠵᠢᠭᠤᠯᠬᠤ ᠪᠠᠷ ᠲᠠᠮᠵᠢᠨ ᠰᠠᠶᠢᠨ ᠮᠡᠷᠭᠡᠵᠢᠯ ᠢ ᠡᠷᠬᠢᠨ ᠲᠣᠭᠤᠷᠢᠨ ᠤ  ᠭᠠᠴᠠᠭ᠎ᠠ ᠲᠣᠰᠬᠤᠨ ᠤ ᠠᠷᠠᠳ ᠲᠤ ᠳᠠᠮᠵᠢᠭᠤᠯᠵᠤ᠂ ᠡᠷᠬᠢᠨ ᠲᠣᠭᠤᠷᠢᠨ ᠤ 100 ᠭᠠᠷᠤᠢ ᠡᠷᠤᠬᠡ  ᠭᠠᠴᠠᠭ᠎ᠠ ᠲᠣᠰᠬᠤᠨ ᠤ ᠠᠷᠠᠳ ᠢ ᠲᠠᠶᠢᠴᠢᠯᠠᠨ ᠮᠢᠬᠠᠨ ᠦᠬᠡᠷ ᠲᠡᠵᠢᠭᠡᠨ ᠦᠷᠡᠵᠢᠭᠦᠯᠬᠦ ᠪᠠᠶᠠᠵᠢᠯ ᠤᠨ ᠵᠠᠮ ᠢᠶᠠᠷ ᠵᠠᠮᠨᠠᠭᠤᠯᠵᠠᠢ᠃    ᠦᠬᠡᠷ ᠤᠨ ᠠᠵᠤ ᠦᠢᠯᠡᠰ ᠤᠨ ᠲᠠᠰᠤᠷᠠᠯᠲᠠ ᠥᠬᠡᠶ ᠬᠥᠭᠵᠢᠬᠦ ᠶᠢ ᠳᠠᠭᠠᠯᠳᠤᠨ᠂ ᠥᠨᠥᠳᠦᠷ ᠤᠨ ᠭᠡᠭᠡᠨᠰᠦ᠋ᠮ᠎ᠡ ᠪᠠᠯᠭᠠᠰᠤᠨ ᠳᠤ ᠤᠯᠠᠮ ᠠᠴᠠ ᠤᠯᠠᠮ ᠣᠯᠠᠨ ᠭᠠᠴᠠᠭ᠎ᠠ ᠲᠣᠰᠬᠤᠨ ᠤ ᠠᠷᠠᠳ ᠦᠬᠡᠷ ᠲᠡᠵᠢᠭᠡᠬᠦ  ᠦᠢᠯᠡᠰ ᠢ ᠰᠣᠩᠭᠤᠵᠤ᠂  ᠭᠠᠴᠠᠭ᠎ᠠ ᠲᠣᠰᠬᠤᠨ ᠤ ᠠᠷᠠᠳ ᠤᠨ ᠦᠬᠡᠷ ᠲᠡᠵᠢᠭᠡᠬᠦ ᠠᠵᠤ ᠦᠢᠯᠡᠰ ᠤᠨ ᠲᠤᠬᠠᠢ ᠢᠲᠡᠭᠡᠯ ᠵᠣᠷᠢᠭ ᠨᠢ ᠤᠯᠠᠮ ᠢᠶᠠᠷ ᠨᠡᠮᠡᠭᠳᠡᠵᠦ᠂ ᠦᠬᠡᠷ ᠲᠡᠵᠢᠭᠡᠬᠦ ᠬᠠᠯᠠᠭᠤᠨ ᠰᠡᠳᠬᠢᠯᠭᠡ ᠨᠢ ᠴᠦ ᠤᠯᠠᠮ ᠢᠶᠠᠷ ᠣᠷᠭᠢᠯᠵᠤ ᠪᠠᠶᠢᠨ᠎ᠠ᠃ ᠬᠡᠳᠦᠨ ᠵᠢᠯ ᠤᠨ ᠲᠤᠷᠰᠢ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤ ᠤᠷᠢᠳ ᠬᠤᠵᠢᠳ ᠰᠢᠯᠢᠳᠡᠭ ᠰᠢᠮᠧᠨ᠋ᠲ᠋ᠠᠷ ᠪᠣᠯᠤᠨ ᠠᠩᠭᠧᠰ  ᠦᠨᠢᠶ᠎ᠡ ᠶᠢ 3000 ᠭᠠᠷᠤᠶ ᠣᠷᠣᠭᠤᠯᠤᠨ ᠠᠪᠴᠢᠷᠠᠵᠤ᠂ ᠭᠠᠷᠭᠠᠯᠲᠠ ᠶᠢᠨ ᠨᠣᠷᠮ᠎ᠠ 13% ᠳᠤ ᠬᠦᠷᠴᠦ᠂ ᠲᠡᠵᠢᠭᠡᠨ ᠦᠷᠡᠵᠢᠭᠦᠯᠬᠦ ᠡᠷᠦᠬᠡ ᠶᠢᠨ ᠣᠷᠣᠯᠭ᠎ᠠ ᠳᠤᠮᠳᠠᠴᠢ ᠪᠠᠷ 2.8 ᠲᠦᠮᠡᠨ ᠲᠥᠭᠦᠷᠢᠭ ᠨᠡᠮᠡᠭᠳᠡᠪᠡ᠃
 
ᠢᠷᠡᠯᠲᠡ᠄ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号