ᠤᠯᠠᠭᠠᠨᠬᠠᠳᠠ ᠪᠠᠯᠭᠠᠰᠤ᠄ ᠬᠥᠳᠡᠭᠡ ᠲᠣᠰᠬᠤᠨ ᠤ ᠴᠢᠳᠠᠪᠤᠷᠢᠲᠠᠨ ᠢ ᠬᠥᠮᠦᠵᠢᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2022/3/25
   ᠤᠢᠢᠷ᠎ᠠ ᠶᠢᠨ ᠵᠢᠯ ᠠᠴᠠ᠂ ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤᠨ ᠤ ᠬᠥᠳᠡᠭᠡ ᠲᠣᠰᠬᠤᠨ ᠤ ᠴᠢᠳᠠᠪᠤᠷᠢᠲᠠᠨ ᠢ ᠬᠥᠮᠦᠵᠢᠭᠦᠯᠬᠦ ᠲᠥᠪ ᠨᠢ ᠬᠥᠳᠡᠭᠡ ᠲᠣᠰᠬᠤᠨ ᠤ ᠴᠢᠳᠠᠪᠤᠷᠢᠲᠠᠨ ᠢ ᠰᠣᠩᠭᠤᠨ ᠬᠡᠷᠡᠭᠯᠡᠬᠦ᠂ ᠬᠥᠮᠦᠵᠢᠭᠦᠯᠬᠦ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠳᠡ ᠦᠭᠡᠢ ᠴᠢᠩᠭᠠᠳᠬᠠᠭᠠᠳ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠳᠤ ᠬᠦᠴᠦᠨ ᠨᠡᠮᠡᠷᠢᠯᠡᠵᠦ ᠪᠠᠶᠢᠨ᠎ᠠ᠃     ᠣᠶᠢᠷ᠎ᠠ ᠳᠤ᠂ ᠤᠯᠠᠭᠠᠨᠬᠠᠳᠠ ᠪᠠᠯᠭᠠᠰᠤᠨ ᠤ ᠤᠯᠠᠭᠠᠨᠬᠤᠰᠢᠭᠤ ᠭᠠᠴᠠᠭᠠᠨ ᠤ ᠨᠠᠮ ᠣᠯᠠᠨ ᠲᠦᠮᠡᠨ ᠤ ᠠᠵᠢᠯ  ᠤᠨ ᠦᠢᠯᠡᠴᠢᠯᠡᠭᠡᠨ ᠤ ᠲᠥᠪ ᠲᠤ᠂ ᠤᠯᠠᠭᠠᠨᠬᠤᠰᠢᠭᠤ ᠭᠠᠴᠠᠭᠠᠨ ᠤ ᠨᠠᠮ ᠤᠨ ᠡᠭᠦᠷ ᠤᠨ ᠭᠡᠰᠢᠭᠦᠨ ᠪᠦᠦ ᠸᠧᠨ ᠰᠢᠤᠸᠠᠢ ᠭᠠᠴᠠᠭᠠᠨ ᠤ ᠠᠷᠠᠳ ᠢ ᠬᠠᠪᠰᠤᠷᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠠᠶᠢᠨ᠎ᠠ᠂ ᠬᠦᠯᠢᠴᠡᠩᠭᠦᠶ ᠨᠢᠮᠪᠠᠶ ᠦᠢᠯᠡᠴᠢᠯᠡᠭᠡ ᠨᠢ ᠬᠥᠮᠦᠰ ᠲᠤ ᠲᠦᠢᠯ ᠤᠨ ᠳᠣᠲᠣᠨᠣ ᠰᠠᠨᠠᠭᠳᠠᠭᠤᠯᠤᠨ᠎ᠠ᠃ ᠲᠡᠷᠡ ᠦᠷᠭᠦᠯᠵᠢ ᠠᠵᠢᠯ ᠤᠨ ᠴᠢᠯᠥᠭᠡᠨ ᠤ ᠴᠠᠭ ᠢᠶᠠᠨ ᠠᠰᠢᠭᠯᠠᠨ ᠲᠣᠰᠬᠤᠨ ᠤ ᠪᠠᠨ ᠭᠤᠣᠨᠢ ᠨᠠᠰᠤᠲᠠᠨ ᠢ ᠡᠷᠬᠢᠨ ᠦᠵᠡᠬᠦ ᠪᠠᠷ ᠣᠴᠢᠳᠠᠭ ᠪᠥᠭᠡᠳ ᠨᠠᠰᠤᠲᠠᠨ ᠲᠠᠢ ᠰᠡᠳᠬᠢᠯ ᠤᠨ ᠦᠭᠡ ᠪᠠᠨ ᠶᠠᠷᠢᠯᠴᠠᠵᠤ ᠵᠣᠭᠤᠭᠳᠠᠳᠠᠭ᠃︽ᠤᠯᠠᠭᠠᠨᠬᠠᠳᠠ ᠪᠠᠯᠭᠠᠰᠤᠨ ᠤ ᠬᠥᠮᠦᠨ ᠪᠣᠯᠤᠭᠰᠠᠨ ᠤ ᠬᠤᠪᠢ ᠳᠤ᠂ ᠶᠡᠭᠡ ᠰᠤᠷᠭᠠᠭᠤᠯᠢ ᠪᠠᠨ ᠲᠡᠭᠦᠰᠦᠮᠡᠭᠴᠡ ᠪᠢ ᠨᠤᠲᠤᠭ ᠲᠠᠭᠠᠨ ᠬᠠᠷᠢᠵᠠᠢ᠂ ᠬᠤᠵᠢᠮ ᠨᠢ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠪ ᠲᠤ ᠣᠷᠣᠵᠤ᠂ ᠡ᠊ᠡᠳᠡ ᠪᠢ ᠡᠳᠦᠷ ᠪᠣᠯᠭᠠᠨ ᠨᠤᠲᠤᠭ ᠤᠨ ᠠᠬ᠎ᠠ ᠳᠡᠭᠦᠤ ᠨᠡᠷ ᠲᠠᠢ ᠪᠠᠨ ᠶᠠᠪᠤᠯᠴᠠᠵᠤ᠂ ᠮᠠᠰᠢ ᠣᠯᠠᠨ ᠬᠥᠮᠦᠵᠢᠯ ᠬᠦᠷᠲᠡᠭᠰᠡᠨ ᠰᠢᠭ᠋ ᠰᠠᠨᠠᠭᠳᠠᠵᠤ ᠪᠠᠶᠢᠨ᠎ᠠ᠂ ᠵᠠᠯᠭᠠᠭᠠᠳ ᠪᠢ ᠴᠦ ᠨᠤᠲᠤᠭ ᠤᠰᠤᠨ ᠤ ᠪᠠᠨ ᠬᠥᠭᠵᠢᠯᠲᠡ ᠳᠤ ᠦᠷᠭᠦᠯᠵᠢᠯᠡᠨ ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠨ᠎ᠠ︾ ᠭᠡᠵᠦ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠪ ᠤᠨ ᠭᠡᠰᠢᠭᠦᠨ ᠪᠦᠦ ᠸᠧᠨ ᠰᠢᠤᠸᠠᠢ ᠬᠡᠯᠡᠪᠡ᠃    ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤᠨ ᠤ ᠪᠠᠶᠠᠨ ᠳᠡᠪᠰᠡᠭ ᠭᠠᠴᠠᠭ᠎ᠠ ᠳᠤ᠂ ᠤᠯᠠᠭᠠᠨᠬᠤᠲᠠ ᠶᠢᠨ ᠶᠢᠨ ᠹᠠᠨ ᠸᠠᠨ ᠤᠰᠤᠨ ᠲᠤᠲᠤᠷᠭ᠎ᠠ ᠲᠠᠷᠢᠬᠤ ᠲᠤᠰᠬᠠᠢ ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠸᠠᠩ ᠰᠢᠤᠢ ᠶᠢᠨ ᠭᠡᠷ ᠲᠤ  ᠬᠦᠷᠬᠦ ᠳᠤ᠂ ᠸᠠᠩ ᠰᠢᠦᠢ ᠶᠠᠭ  ᠰᠠᠶ᠋ᠢᠬᠠᠨ ᠲᠣᠰᠬᠤᠨ ᠤ ᠠᠷᠠᠳ ᠲᠤ ᠴᠢᠬᠢ  ᠪᠤᠶᠢᠵᠢᠭᠤᠯᠵᠦ ᠦᠷ᠎ᠡ ᠰᠣᠩᠭᠤᠬᠤ ᠳᠤ ᠠᠩᠬᠠᠷᠬᠤ ᠵᠦᠢᠯᠡᠰ ᠢ ᠲᠠᠶᠢᠯᠪᠤᠷᠢᠯᠠᠨ᠂ ᠲᠣᠰᠬᠤᠨ ᠤ ᠠᠷᠠᠳ ᠢ ᠤᠳᠠᠯ ᠦᠭᠡᠢ ᠬᠦᠷᠴᠦ ᠢᠷᠡᠬᠦ ᠬᠠᠪᠤᠷ ᠤᠨ ᠲᠠᠷᠢᠶᠠᠯᠠᠭ᠎ᠠ ᠳᠤ ᠰᠠᠶᠢᠲᠤᠷ ᠪᠡᠯᠡᠳᠬᠡᠯ ᠬᠢᠬᠦ ᠳᠤ ᠬᠠᠪᠰᠤᠷᠤᠨ᠎ᠠ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠸᠠᠩ ᠰᠢᠤᠢ ᠪᠠᠰᠠ ᠲᠠᠷᠢᠮᠠᠯ ᠤᠨ ᠡᠷᠦᠬᠡ  ᠪᠠᠷ ᠬᠦᠷᠴᠦ ᠡᠨᠡ ᠵᠢᠯ ᠤᠨ ᠲᠠᠷᠢᠮᠠᠯ ᠤᠨ ᠲᠥᠯᠥᠪᠯᠡᠭᠡ ᠶᠢ ᠣᠶᠢᠯᠠᠭᠠᠭᠰᠠᠨ ᠤ ᠳᠠᠷᠠᠭ᠎ᠠ᠂ ᠪᠣᠳᠠᠲᠠᠶ ᠪᠠᠶᠢᠳᠠᠯ ᠢᠶᠠᠨ ᠦᠨᠳᠦᠰᠦᠯᠡᠨ ᠲᠠᠷᠢᠮᠠᠯ ᠤᠨ ᠡᠷᠦᠬᠡ ᠳᠤ ᠰᠦᠢᠳᠬᠡᠯ ᠬᠤᠷᠢᠶᠠᠬᠤ ᠥᠬᠡᠶ ᠲᠤᠰᠬᠠᠶ ᠮᠡᠷᠭᠡᠵᠢᠯ ᠤᠨ ᠬᠠᠪᠰᠦᠷᠤᠯᠭ᠎ᠠ ᠦᠵᠡᠬᠦᠯᠵᠡᠢ᠃ ᠸᠠᠩ ᠰᠢᠣᠢ ᠠᠴᠠ᠄ ︽ᠬᠤᠶᠢᠰᠢᠳᠠ ᠪᠢ ᠨᠤᠲᠤᠭ ᠤᠨ ᠴᠢᠳᠠᠪᠤᠷᠢᠲᠠᠨ ᠢ ᠬᠥᠮᠦᠵᠢᠬᠦᠯᠬᠦ ᠲᠥᠪ ᠤᠨ ᠳᠠᠭᠠᠭᠤᠯᠭ᠎ᠠ ᠪᠠᠷ᠂ ᠪᠠᠶᠠᠵᠢᠯ ᠤᠨ ᠳᠠᠭᠠᠭᠤᠯᠤᠭᠴᠢ ᠶᠢᠨ ᠦᠢᠯᠡᠳᠦᠯ ᠢ  ᠶᠡᠭᠡ ᠪᠠᠷ ᠪᠠᠳᠠᠷᠠᠭᠤᠯᠵᠤ᠂ ᠤᠯᠠᠨ ᠲᠦᠮᠡᠨ  ᠢ ᠳᠠᠶᠢᠴᠢᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ︾  ᠬᠡᠵᠡᠢ᠃    ᠣᠶᠢᠯᠠᠭᠠᠭᠰᠠᠨ ᠢᠶᠠᠷ᠂ ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤᠨ ᠤ ᠨᠤᠲᠤᠭ ᠤᠨ ᠴᠢᠳᠠᠪᠤᠷᠢᠲᠠᠨ ᠢ  ᠬᠦᠮᠦᠵᠢᠬᠦᠯᠬᠦ ᠲᠥᠪ ᠨᠢ ᠭᠡᠰᠢᠭᠦᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠠᠳᠠᠯᠢ ᠪᠤᠰᠤ ᠲᠤᠰᠬᠠᠶ ᠮᠡᠷᠭᠡᠵᠢᠯ ᠢᠶᠠᠷ ᠲᠥᠷᠥᠯ ᠬᠤᠪᠢᠶᠠᠵᠤ᠂ ︽ᠵᠠᠬᠢᠶᠠᠯᠠᠭ᠎ᠠ ᠶᠢᠨ ᠮᠠᠶ᠋ᠢᠭ︾᠂ ︽ᠬᠤᠭᠤᠯᠠ ᠵᠠᠬᠢᠶᠠᠯᠠᠬᠤ ᠮᠠᠶ᠋ᠢᠭ︾ ᠤᠨ ᠲᠠᠷᠢᠶᠠᠯᠠᠩ ᠤᠨ ᠮᠡᠷᠭᠡᠵᠢᠯ᠂ ᠤᠨᠴᠠᠯᠢᠭᠳᠤ ᠠᠵᠤ ᠦᠢᠯᠡᠰ ᠵᠡᠷᠭᠡ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠵᠦ᠂ 150 ᠭᠠᠷᠦᠢ ᠬᠦᠮᠦᠨ ᠳᠤ ᠪᠤᠯᠪᠠᠰᠦᠷᠠᠯ ᠬᠦᠷᠳᠡᠭᠡᠵᠡᠢ᠃   ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤᠨ ᠤ ᠤᠬᠠᠭᠤᠯᠬᠤ ᠭᠡᠰᠢᠭᠦᠨ ᠰᠦᠨ ᠶᠠᠨ ᠠᠴᠠ᠂ ᠤᠯᠠᠭᠠᠨᠬᠠᠳᠠ ᠪᠠᠯᠭᠠᠰᠤ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠠᠷᠭ᠎ᠠ  ᠪᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ︽ᠴᠢᠳᠠᠪᠤᠷᠢ ᠲᠠᠢ᠂ ᠮᠡᠳᠡᠯᠭᠡ ᠲᠠᠢ᠂ ᠬᠠᠶᠢᠷ᠎ᠠ ᠰᠡᠳᠬᠢᠯᠭᠡ ᠲᠠᠢ᠂ ᠬᠠᠷᠢᠭᠤᠴᠠᠯᠭ᠎ᠠ ᠲᠠᠢ︾  ᠠᠷᠠᠳ ᠢ ᠪᠠᠶᠠᠵᠢᠭᠤᠯᠬᠤ ᠴᠢᠳᠠᠪᠤᠷᠢᠲᠠᠨ ᠤ ᠡᠩᠨᠡᠭᠡ ᠶᠢ ᠰᠠᠶᠢᠳᠦᠷ ᠪᠠᠶᠢᠭᠤᠯᠵᠤ᠂ ᠬᠥᠳᠡᠭᠡ ᠲᠣᠰᠬᠤᠨ ᠤ ᠴᠢᠳᠠᠪᠤᠷᠢᠲᠠᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠰᠠᠭᠤᠷᠢ ᠶᠢ ᠲᠠᠯᠪᠢᠨ᠎ᠠ ᠬᠡᠵᠡᠢ᠃
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号