ᠲᠤᠮᠤ ᠠᠵᠢᠯ ᠶᠠᠪᠤᠳᠠᠯ ᠤᠨ ᠲᠡᠮᠳᠡᠭᠯᠡᠯ ︵2 ᠰᠠᠷ᠎ᠠ ᠶᠢᠨ 1 ᠤ ᠡᠳᠦᠷ ᠠᠴᠠ 2 ᠰᠠᠷ᠎ᠠ ᠶᠢᠨ 28 ᠤᠨ ᠡᠳᠦᠷ︶
ᠨᠡᠶᠢᠲᠡᠯᠡᠭᠰᠡᠨ ᠴᠠᠭ᠄
2022/3/25
● 2 ᠰᠠᠷ᠎ᠠ ᠶᠢᠨ 1 ᠤ ᠦᠳᠡ ᠶᠢᠨ ᠡᠮᠦᠨ᠎ᠡ᠂ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤᠨ ᠳᠤ ᠬᠦᠷᠴᠦ ᠮᠠᠯᠴᠢᠨ ᠲᠠᠷᠢᠶᠠᠴᠢᠨ ᠳᠤ ᠰᠢᠨ᠎ᠡ ᠶᠢᠨ ᠮᠡᠨᠳᠦᠴᠢᠯᠡᠯ ᠳᠡᠪᠰᠢᠭᠦᠯᠪᠡ᠃ ● 2  ᠰᠠᠷ᠎ᠠ ᠶᠢᠨ 2 ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠸᠢᠳᠢᠤ᠋ ᠬᠡᠯᠪᠡᠷᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠳᠤ ᠣᠷᠣᠯᠴᠠᠪᠠ᠃ ● 2 ᠰᠠᠷ᠎ᠠ ᠶᠢᠨ 4 ᠤ ᠦᠳᠡ ᠶᠢᠨ ᠡᠮᠦᠨ᠎ᠡ᠂ ᠪᠣᠭᠳᠠ ᠠᠭᠤᠯᠠ ᠶᠢᠨ ᠬᠠᠷᠠᠭᠤᠯ ᠤᠨ ᠭᠠᠵᠠᠷ ᠤᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠪᠠ᠃ ● 2 ᠰᠠᠷ᠎ᠠ ᠶᠢᠨ 5 ᠤ ᠦᠳᠡ ᠶᠢᠨ ᠡᠮᠦᠨ᠎ᠡ᠂ ᠠᠶᠢᠮᠠᠭ ᠤᠨ ᠳᠠᠷᠤᠭ᠎ᠠ ᠨᠠᠷ ᠤᠨ ᠠᠯᠪᠠᠨ ᠠᠵᠢᠯ ᠤᠨ ᠬᠤᠷᠠᠯ ᠬᠤᠷᠠᠯᠳᠤᠭᠤᠯᠵᠤ᠂ ᠷᠠᠰᠢᠶᠠᠨ ᠤ ᠤᠯᠤᠰ ᠤᠨ  ᠳᠡᠰ ᠤᠨ ᠵᠤᠭᠠᠴᠠᠯ ᠰᠡᠯᠡᠭᠦᠴᠡᠯ   ᠤᠨ ᠣᠷᠣᠨ ᠢ ᠡᠭᠦᠳᠦᠨ ᠪᠠᠶᠢᠭᠤᠯᠬᠤ ᠲᠤᠬᠠᠶ ᠤᠴᠢᠷ ᠶᠠᠪᠤᠳᠠᠯ ᠢ ᠰᠣᠨᠣᠰᠪᠠ᠃ ● 2 ᠰᠠᠷ᠎ᠠ ᠶᠢᠨ 7 ᠤ ᠦᠳᠡ ᠶᠢᠨ ᠡᠮᠦᠨ᠎ᠡ᠂ ᠪᠦᠬᠦ ᠣᠷᠣᠨ ᠤ ᠬᠤᠳᠠᠯᠳᠤᠭ᠎ᠠ  ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠤᠷᠠᠯ ᠳᠤ ᠣᠷᠣᠯᠴᠠᠪᠠ᠃ ● 2 ᠰᠠᠷ᠎ᠠ ᠶᠢᠨ 8 — 9 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ  ᠪᠤᠯᠪᠠᠰᠤᠷᠠᠯ ᠤᠨ ᠬᠤᠷᠠᠯ ᠳᠤ ᠤᠷᠤᠯᠴᠠᠪᠠ᠃● 2 ᠰᠠᠷ᠎ᠠ ᠶᠢᠨ 10 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠬᠦᠷᠴᠦ  ᠲᠡᠷᠢᠭᠦᠯᠡᠭᠴᠢ ᠸᠠᠩ ᠯᠢ ᠰᠢᠶᠠ ᠳᠤ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ᠂ ᠷᠠᠰᠢᠶᠠᠨ ᠤ ᠤᠯᠤᠰ ᠤᠨ ᠲᠡᠰ ᠤᠨ ᠵᠤᠭᠠᠴᠠᠯ  ᠰᠡᠯᠡᠭᠦᠴᠡᠯ ᠤᠨ  ᠤᠷᠤᠨ ᠢ ᠡᠭᠦᠳᠦᠨ ᠪᠠᠶᠢᠭᠤᠯᠬᠤ ᠵᠡᠷᠭᠡ ᠶᠠᠪᠤᠳᠠᠯ ᠢ ᠬᠠᠷᠢᠭᠤ ᠮᠡᠳᠡᠭᠦᠯᠪᠡ᠃ ● 2 ᠰᠠᠷ᠎ᠠ ᠶᠢᠨ 11 ᠤ ᠦᠳᠡ ᠶᠢᠨ ᠬᠤᠶᠢᠨ᠎ᠠ᠂ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠭᠤᠣᠯ ᠤᠳᠤᠷᠢᠳᠤᠯᠭ᠎ᠠ ᠶᠢᠨ ᠥᠪᠥᠷ ᠮᠣᠩᠭᠤᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠶᠠᠷᠢᠯᠴᠠᠬᠤ ᠬᠤᠷᠠᠯ ᠳᠤ ᠣᠷᠣᠯᠴᠠᠪᠠ᠃ ● 2 ᠰᠠᠷ᠎ᠠ ᠶᠢᠨ 12 ᠤᠨ ᠦᠳᠡ ᠶᠢᠨ ᠡᠮᠦᠨ᠎ᠡ᠂ ᠪᠦᠬᠦ ᠠᠶᠢᠮᠠᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠬᠤᠷᠠᠯ ᠳᠤ ᠣᠷᠣᠯᠴᠠᠪᠠ᠃ 5 ᠳ᠋ᠤᠭᠠᠷ ᠤᠳᠠᠭᠠᠨ ᠤ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠳᠤ ᠣᠷᠣᠯᠴᠠᠪᠠ  ᠃● 2 ᠰᠠᠷ᠎ᠠ ᠶᠢᠨ 13 ᠤ ᠦᠳᠡ ᠶᠢᠨ ᠡᠮᠦᠨ᠎ᠡ᠂ ᠠᠶᠢᠮᠠᠭ ᠤᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠬᠤᠸᠠ ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠬᠤᠪᠢᠶᠠᠷᠢ ᠺᠣᠮᠫᠠᠨᠢ ᠳᠤ ᠬᠦᠷᠴᠦ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠵᠠᠢ᠃    ᠦᠳᠡ ᠶᠢᠨ ᠬᠤᠶᠢᠨ᠎ᠠ᠂ ᠶᠠᠭᠰᠢ ᠬᠤᠳᠠ ᠶᠢᠨ ᠥᠪᠥᠷ ᠮᠣᠩᠭᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠳᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠵᠠᠢ᠃ ● 2 ᠰᠠᠷ᠎ᠠ ᠶᠢᠨ 14 ᠤ ᠦᠳᠡ ᠶᠢᠨ ᠡᠮᠦᠨ᠎ᠡ᠂ ᠵᠤᠤ ᠳ᠋ᠦᠩ ᠬᠤᠳᠠ ᠳᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠲᠤᠷᠰᠢᠯᠭ᠎ᠠ ᠶᠢ  ᠰᠢᠨᠵᠢᠯᠡᠨ  ᠪᠠᠶᠢᠴᠠᠭᠠᠵᠦ  ᠰᠤᠷᠤᠯᠴᠠᠪᠠ᠃    ᠦᠳᠡ ᠶᠢᠨ ᠬᠤᠶᠢᠨ᠎ᠠ᠂ ᠬᠠᠷᠪᠢᠨ ᠬᠤᠳᠠ ᠳᠤ ᠬᠦᠷᠴᠦ ᠪᠠᠶᠢᠴᠠᠭᠠᠨ ᠰᠤᠷᠤᠯᠴᠠᠪᠠ᠃    ᠤᠷᠤᠢ᠂ ᠬᠠᠷᠪᠢᠨ ᠬᠤᠳᠠ ᠶᠢᠨ ᠮᠥᠰᠥ ᠴᠠᠰᠤᠨ ᠤ ᠶᠡᠭᠡ ᠶᠢᠷᠲᠢᠨᠴᠦ ᠳᠤ ᠪᠠᠶᠢᠴᠠᠭᠠᠨ ᠰᠤᠳᠤᠯᠤᠯᠲᠠ ᠬᠢᠨ᠎ᠠ᠃ ● 2 ᠰᠠᠷ᠎ᠠ ᠶᠢᠨ 15 ᠤ ᠦᠳᠡ ᠶᠢᠨ ᠡᠮᠦᠨ᠎ᠡ᠂ ᠬᠠᠷᠪᠢᠨ ᠬᠤᠳᠠ ᠶᠢᠨ ᠮᠥᠰᠥ ᠴᠠᠰᠤᠨ ᠤ ᠵᠤᠭᠠᠴᠠᠯ ᠤᠨ ᠬᠥᠭᠵᠢᠯᠲᠡ ᠶᠢᠨ ᠲᠤᠷᠰᠢᠯᠭ᠎ᠠ ᠶᠢ ᠰᠢᠨᠵᠢᠯᠡᠨ  ᠪᠠᠶᠢᠴᠠᠭᠠᠵᠦ ᠰᠤᠷᠤᠯᠴᠠᠪᠠ᠃ ● 2 ᠳ᠋ᠤᠭᠠᠷ ᠰᠠᠷ᠎ᠠ ᠶᠢᠨ 16 ᠤ ᠦᠳᠡ ᠶᠢᠨ ᠡᠮᠦᠨ᠎ᠡ᠂ ᠪᠥᠬᠦ ᠣᠷᠣᠨ ᠤ ᠱᠠᠰᠢᠨ ᠰᠤᠷᠲᠠᠬᠤᠨ ᠤ ᠠᠵᠢᠯ ᠤᠨ  ᠸᠢᠳᠢᠤ᠋ ᠬᠤᠷᠠᠯ ᠳᠤ ᠣᠷᠣᠯᠴᠠᠵᠤ᠂ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠣᠭᠢᠷᠠᠭᠤᠯᠬᠤ ᠬᠤᠷᠠᠯ ᠢ ᠬᠤᠷᠠᠯᠳᠤᠭᠤᠯᠪᠠ᠃ ● 2 ᠰᠠᠷ᠎ᠠ ᠶᠢᠨ 17 ᠤ ᠡᠳᠦᠷ᠂ ᠪᠦᠬᠦ ᠠᠶᠢᠮᠠᠭ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠨᠠᠮ ᠵᠠᠰᠠᠭ ᠤᠨ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃    ᠦᠳᠡ ᠶᠢᠨ ᠡᠮᠦᠨ᠎ᠡ᠂ ᠱᠦᠵᠢ ᠨᠡᠷ ᠤᠨ ᠲᠤᠰᠬᠠᠶ ᠰᠡᠳᠦᠪᠲᠦ ᠬᠤᠷᠠᠯ ᠳᠤ ᠣᠷᠣᠯᠴᠠᠵᠤ᠂ ᠨᠢᠭᠡ ᠰᠦᠯᠵᠢᠶ᠎ᠡ ᠪᠠᠷ ᠪᠥᠬᠦ ᠠᠶᠢᠮᠠᠭ ᠤᠨ ᠲᠥᠷᠥᠯ  ᠵᠦᠢᠯ ᠢ ᠬᠠᠮᠢᠶᠠᠷᠬᠤ ᠶᠠᠪᠤᠳᠠᠯ ᠢ ᠰᠤᠳᠤᠯᠪᠠ᠃    ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠬᠤᠷᠠᠯ ᠳᠤ ᠣᠷᠣᠯᠴᠠᠪᠠ᠃ ● 2 ᠰᠠᠷ᠎ᠠ ᠶᠢᠨ 18 ᠤ ᠦᠳᠡ ᠶᠢᠨ ᠡᠮᠦᠨ᠎ᠡ᠂ ᠪᠦᠬᠦ ᠣᠷᠣᠨ ᠤ ᠮᠥᠩᠭᠦᠨ ᠭᠦᠢᠯᠭᠡᠭᠡᠨ ᠤ ᠬᠦᠷᠢᠶᠡᠨ ᠤ  ᠰᠡᠷᠡᠮᠵᠢᠯᠡᠯ ᠬᠥᠮᠦᠵᠢᠯ ᠤᠨ ᠶᠡᠭᠡ ᠬᠤᠷᠠᠯ ᠳᠤ ᠣᠷᠣᠯᠴᠠᠪᠠ᠃ ● 2 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠲᠦᠴᠢᠦᠸᠠᠨ ᠰᠢᠶᠠᠨ ᠪᠣᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠵᠦ᠂ ᠮᠠᠩ ᠨᠢᠦ ᠬᠠᠢ ᠶᠢᠨ ᠰᠠᠭᠤᠭᠳᠠᠭᠰᠠᠨ ᠣᠷᠣᠨ ᠢ ᠵᠠᠰᠠᠬᠤ ᠲᠦᠷᠦᠯ ᠵᠦᠢᠯ ᠤᠨ ᠠᠬᠢᠴᠠ ᠪᠣᠯᠤᠨ ᠨᠡᠭᠦᠷᠡᠰᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃ ● 2 ᠰᠠᠷ᠎ᠠ ᠶᠢᠨ 21 ᠤ ᠦᠳᠡ ᠶᠢᠨ ᠡᠮᠦᠨ᠎ᠡ᠂ ᠪᠦᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠶᠡᠭᠡ ᠬᠤᠷᠠᠯ ᠤᠨ ᠸᠢᠳᠢᠣ᠋ ᠬᠤᠷᠠᠯ ᠳᠤ  ᠤᠷᠤᠯᠴᠠᠪᠠ᠃    ᠦᠳᠡ ᠶᠢᠨ ᠬᠤᠶᠢᠨ᠎ᠠ᠂ ᠵᠠᠬᠢᠷᠭ᠎ᠠ ᠶᠢᠨ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠳᠤ᠂ ᠶᠡᠷᠦᠩᠬᠡᠢ ᠱᠦᠵᠢ ᠰᠢ ᠶᠢᠨ ᠫᠢᠩ   ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠤᠴᠢᠨ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ  ᠭᠠᠳᠠᠭᠰᠢᠯᠠᠭᠤᠯᠤᠯᠳᠠ ᠤᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠪᠣᠯᠤᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ  ᠤᠯᠠᠮᠵᠢᠯᠠᠨ ᠰᠤᠷᠤᠯᠴᠠᠪᠠ᠃ ● 2 ᠳ᠋ᠤᠭᠠᠷ ᠰᠠᠷ᠎ᠠ ᠶᠢᠨ 22 ᠤᠨ ᠦᠳᠡ ᠶᠢᠨ ᠡᠮᠦᠨ᠎ᠡ᠂ ᠪᠥᠬᠦ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ᠂ ᠱᠦᠵᠢ ᠶᠢᠨ ᠲᠤᠰᠬᠠᠶ ᠰᠡᠳᠦᠪᠲᠦ ᠬᠤᠷᠠᠯ ᠳᠤ ᠣᠷᠣᠯᠴᠠᠪᠠ  ᠃● 2 ᠰᠠᠷ᠎ᠠ ᠶᠢᠨ 23 ᠤ ᠦᠳᠡ ᠶᠢᠨ ᠡᠮᠦᠨ᠎ᠡ᠂ ᠵᠢᠨᠠᠨ ᠤ ᠵᠢᠮᠢᠰ ᠤᠨ ᠰᠤᠳᠤᠯᠭᠠᠨ ᠤ ᠬᠦᠷᠢᠶᠡᠯᠡᠩ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠱᠦᠢ ᠹᠠ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠵᠧᠨ ᠴᠢᠨ ᠵᠡᠷᠭᠡ ᠪᠦᠯᠦᠭᠯᠡᠯ ᠤᠨ ᠤᠳᠤᠷᠢᠳᠤᠯᠭ᠎ᠠ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠦᠳᠡ ᠶᠢᠨ ᠬᠤᠶᠢᠨ᠎ᠠ᠂ ᠱᠠᠨᠳᠦ᠋ᠩ ᠤᠨ ᠯᠦᠩ ᠮᠠ ᠰᠲ᠋ᠣᠺ ᠡᠵᠡᠮᠳᠡᠬᠦ ᠪᠦᠯᠦᠭᠯᠡᠯ ᠤᠨ ᠠᠷᠠᠳ ᠲᠤ ᠠᠰᠢᠭ ᠬᠦᠷᠲᠡᠭᠡᠬᠦ ᠠᠵᠤ ᠦᠢᠯᠡᠰ ᠤᠨ ᠬᠦᠷᠢᠶᠡᠯᠡᠩ ᠳᠤ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠶᠢᠨ ᠬᠠᠮᠲᠤ ᠯᠦᠩ ᠮᠠ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠭᠴᠢ ᠯᠢᠦ ᠬᠤᠩ ᠲᠢᠶᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠤᠷᠤᠢ ᠨᠢ  ᠂ ᠰᠧᠴᠤᠸᠠᠨ ᠤ ᠳ᠋ᠧ ᠺᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠳ᠋ᠧ ᠭᠧᠨ ᠲᠠᠢ ᠶᠠᠷᠢᠯᠴᠠᠪᠠ᠃ ● 2 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠡᠭᠦᠨ ᠬᠤᠶᠢᠲᠤ ᠣᠷᠣᠨ ᠤ ᠭᠠᠵᠠᠷ ᠵᠦᠶ ᠪᠣᠯᠤᠨ ᠲᠠᠷᠢᠶᠠᠯᠠᠩ ᠤᠨ ᠠᠮᠢ ᠠᠬᠤᠶ ᠶᠢᠨ ᠰᠤᠳᠤᠯᠭᠠᠨ ᠤ ᠭᠠᠵᠠᠷ ᠲᠤ ᠰᠤᠳᠤᠯᠬᠤ ᠭᠠᠵᠠᠷ ᠤᠨ ᠳᠠᠷᠤᠭ᠎ᠠ ᠵᠢᠶᠠᠩ ᠮᠢᠩ ᠪᠣᠯᠤᠨ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠳ ᠲᠠᠢ ᠶᠠᠷᠢᠯᠴᠠᠬᠤ ᠬᠤᠷᠠᠯ ᠬᠢᠪᠡ  ᠃᡽ ● 2 ᠰᠠᠷ᠎ᠠ ᠶᠢᠨ 25 ᠤ ᠦᠳᠡ ᠶᠢᠨ ᠡᠮᠦᠨ᠎ᠡ᠂ ᠪᠦᠬᠦ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠤᠨ ᠲᠤᠬᠢᠷᠠᠭᠤᠯᠬᠤ ᠬᠤᠷᠠᠯ ᠬᠤᠷᠠᠯᠳᠤᠭᠤᠯᠪᠠ᠃    ᠦᠳᠡ ᠶᠢᠨ ᠬᠤᠶᠢᠨ᠎ᠠ᠂ ᠪᠥᠬᠦ ᠠᠶᠢᠮᠠᠭ ᠤᠨ ᠮᠥᠩᠭᠦᠨ ᠭᠦᠢᠯᠭᠡᠭᠡᠨ ᠤ ᠬᠦᠷᠢᠶᠡᠨ ᠳᠠᠬᠢ ᠰᠡᠷᠡᠮᠵᠢᠯᠡᠯ ᠬᠥᠮᠦᠵᠢᠯ ᠤᠨ ᠶᠡᠭᠡ ᠬᠤᠷᠠᠯ ᠵᠢᠴᠢ ᠲᠤᠰᠬᠠᠶ ᠴᠡᠭᠴᠡᠯᠡᠨ ᠵᠠᠰᠠᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠬᠤᠷᠠᠯᠳᠤᠭᠤᠯᠪᠠ᠃ ● 2 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠪᠥᠬᠦ ᠠᠶᠢᠮᠠᠭ ᠤᠨ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ ᠲᠠᠢ︾  ᠸᠢᠳᠢᠤ᠋ ᠬᠡᠯᠪᠡᠷᠢ  ᠶᠢᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ● 2 ᠰᠠᠷ᠎ᠠ ᠶᠢᠨ 27 ᠤ ᠦᠳᠡ ᠶᠢᠨ ᠬᠤᠶᠢᠨ᠎ᠠ᠂ ᠵᠢᠨᠹᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠤᠰ ᠤᠨ ᠬᠠᠮᠢᠶᠠᠷᠤᠯᠲᠠ ᠶᠢᠨ ᠲᠣᠣᠷ ᠤᠨ ᠪᠦᠯᠦᠭᠯᠡᠯ ᠤᠨ ᠪᠡᠭᠡᠵᠢᠩ ᠤᠨ ᠳᠠᠮᠵᠢᠭᠤᠯᠬᠤ ᠬᠤᠭᠤᠯᠠᠢ ᠶᠢᠨ ᠬᠢᠵᠠᠭᠠᠷᠲᠤ ᠺᠣᠮᠫᠠᠨᠢ ᠪᠠᠷ ᠰᠤᠷᠪᠤᠯᠵᠢᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠰᠤᠷᠭᠠᠭᠤᠯᠢ ᠳᠤ ᠬᠦᠷᠴᠦ ᠲᠤᠰᠬᠠᠢ ᠣᠷᠣᠨ ᠬᠤᠳᠠ ᠶᠢᠨ ᠨᠠᠮ ᠵᠠᠰᠠᠭ ᠤᠨ ᠭᠤᠣᠯ ᠤᠳᠤᠷᠢᠳᠬᠤ ᠪᠣᠯᠪᠠᠰᠤᠷᠠᠯ ᠤᠨ ᠠᠩᠬᠢ ᠳᠤ ᠨᠡᠷ᠎ᠡ ᠮᠡᠳᠡᠭᠦᠯᠪᠡ᠃    ● 2 ᠰᠠᠷ᠎ᠠ ᠶᠢᠨ 28 ᠤ ᠡᠳᠦᠷ ᠠᠴᠠ 3 ᠰᠠᠷ᠎ᠠ ᠶᠢᠨ 6 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠰᠤᠷᠭᠠᠭᠤᠯᠢ ᠶᠢᠨ ᠲᠤᠰᠬᠠᠶ ᠣᠷᠣᠨ ᠬᠤᠲᠠ ᠶᠢᠨ ᠨᠠᠮ ᠵᠠᠰᠠᠭ ᠤᠨ ᠭᠤᠣᠯ ᠤᠳᠤᠷᠢᠳᠤᠯᠭ᠎ᠠ ᠶᠢᠨ ᠪᠣᠯᠪᠠᠰᠤᠷᠠᠯ ᠤᠨ ᠬᠤᠷᠠᠯ ᠳᠤ ᠤᠷᠤᠯᠴᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号