ᠦ᠋ ᠴᠠ ᠭᠸᠤ ᠪᠠᠯᠭᠠᠰᠤ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠪᠢᠴᠢᠭᠯᠡᠵᠦ ᠦᠷᠨᠢᠯ ᠬᠦᠭᠵᠢᠯ  ᠤᠨ ᠰᠢᠨ᠎ᠡ ᠵᠢᠷᠤᠭ ᠢ ᠵᠢᠷᠤᠭᠯᠠᠨᠠᠮ
ᠨᠡᠶᠢᠲᠡᠯᠡᠭᠰᠡᠨ ᠴᠠᠭ᠄
2022/3/7
  ᠷᠠᠰᠢᠶᠠᠨ ᠬᠤᠳᠠ ᠶᠢᠨ ᠡᠦ ᠴᠠ ᠭᠧᠤ ᠪᠠᠯᠭᠠᠰᠤ ︽ᠠᠵᠤ ᠦᠢᠯᠡᠰ ᠬᠦᠭᠵᠢᠵᠦ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠶᠢᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠴᠢᠨᠡᠭᠡᠯᠢᠭ︾ ᠭᠡᠬᠦ ᠭᠤᠣᠯ ᠰᠡᠳᠦᠪᠲᠦ ᠦᠵᠡᠯ ᠰᠠᠨᠠᠭ᠎ᠠ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠠᠵᠤ ᠦᠢᠯᠡᠰ ᠤᠨ ᠬᠥᠭᠵᠢᠯ ᠮᠠᠨᠳᠤᠯ᠂ ᠠᠮᠢ ᠠᠬᠤᠢ ᠶᠢᠨ ᠬᠥᠭᠵᠢᠯ ᠮᠠᠨᠳᠤᠯ᠂ ᠰᠣᠶᠣᠯ ᠤᠨ ᠬᠥᠭᠵᠢᠯ ᠮᠠᠨᠳᠤᠯ᠂ ᠴᠢᠳᠠᠪᠤᠷᠢᠲᠠᠨ ᠤ ᠬᠥᠭᠵᠢᠯ ᠮᠠᠨᠳᠤᠯ᠂ ᠵᠣᠬᠢᠶᠠᠨ ᠪᠠᠶᠢᠭᠤᠯᠤᠯᠲᠠ ᠶᠢᠨ ᠬᠥᠭᠵᠢᠯ ᠮᠠᠨᠳᠤᠯ ᠢ ᠦᠷᠭᠦᠯᠵᠢᠯᠡᠨ ᠠᠬᠢᠭᠤᠯᠤᠨ᠎ᠠ᠃     ᠤᠨᠴᠠᠯᠢᠬᠳᠤ ᠠᠵᠤ ᠦᠢᠯᠡᠰ ᠢ ᠪᠤᠢ ᠪᠣᠯᠭᠠᠵᠤ᠂ ᠠᠵᠤ ᠦᠢᠯᠡᠰ ᠤᠨ ᠬᠥᠭᠵᠢᠯ ᠮᠠᠨᠳᠤᠯ ᠢ ᠠᠬᠢᠭᠤᠯᠤᠨ᠎ᠠ᠃ ᠢᠳᠡᠰᠢᠨ ᠤ ᠮᠥᠭᠦ ᠶᠢᠨ ᠠᠵᠤ ᠦᠢᠯᠡᠰ ᠤᠨ ᠪᠣᠬᠢᠷᠲᠤᠯ ᠥᠬᠡᠶ᠂ ᠨᠠᠷᠠᠲᠤ ᠲᠥᠷᠥᠯ ᠲᠡᠮᠳᠡᠭᠵᠢᠭᠦᠯᠬᠦ᠂ ᠴᠢᠨᠠᠷᠵᠢᠭᠤᠯᠬᠤ ᠳᠠᠰᠢ ᠬᠥᠭᠵᠢᠬᠦ ᠶᠢ ᠶᠡᠬᠡᠪᠡᠷ ᠠᠬᠢᠭᠤᠯᠤᠨ᠎ᠠ᠃ ︽ᠨᠢᠭᠡ ᠪᠠᠯᠭᠠᠰᠤ ᠨᠢᠭᠡ ᠠᠵᠤ ᠦᠢᠯᠡᠰ᠂ ᠨᠢᠭᠡ ᠲᠣᠰᠬᠤᠨ ᠨᠢᠭᠡ ᠦᠢᠯᠡᠳᠭᠦᠨ︾ ᠤ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠣᠨᠴᠠᠯᠢᠠᠠᠳᠣ ᠶᠠᠳᠠᠭᠤ ᠶᠢ ᠲᠡᠳᠬᠦᠬᠦ ᠠᠵᠤ ᠦᠢᠯᠡᠰ ᠢ ᠪᠤᠵᠠᠭᠠᠶᠢᠷᠠᠭᠤᠯᠤᠨ᠂ ᠢᠳᠡᠰᠢᠨ ᠮᠥᠭᠦ ᠶᠢᠨ ᠪᠣᠷᠣᠯᠠᠭᠤᠯᠭ᠎ᠠ ᠶᠢᠨ ᠠᠷᠭ᠎ᠠ ᠵᠠᠮ ᠢᠶᠠᠷ ᠲᠥᠷᠥᠯ ᠵᠦᠢᠯ ᠤᠨ ᠪᠠᠯᠠ ᠮᠥᠩᠭᠦ ᠶᠢ ᠥᠷᠭᠡᠳᠬᠡᠬᠦ ᠪᠠᠷ ᠢᠳᠡᠪᠬᠢᠯᠡᠨ ᠴᠢᠷᠮᠠᠶᠢᠵᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾ ᠵᠠᠭᠪᠤᠷ ᠢ ᠬᠡᠷᠡᠭᠯᠡᠨ ᠤᠬᠠᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠢ ᠳᠡᠭᠡᠭᠰᠢᠯᠡᠭᠦᠯᠦᠨ᠂ ᠢᠳᠡᠰᠢᠨ ᠤ ᠮᠥᠭᠦ ᠶᠢᠨ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃     ᠪᠣᠬᠢᠷᠲᠤᠯ ᠦᠭᠡᠢ ᠬᠥᠭᠵᠢᠯᠲᠡ ᠶᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠬᠥᠭᠵᠢᠯ ᠮᠠᠨᠳᠤᠯ ᠢ ᠠᠬᠢᠭᠤᠯᠤᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠦᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠨ ᠦᠢᠯᠡᠳᠦᠯᠭᠡᠵᠢᠭᠦᠯᠵᠦ᠂ ︽ᠠᠮᠢ ᠠᠬᠤᠶ ᠶᠢᠨ ᠦ᠋ ᠴᠠ ᠭᠧᠦ︾  ᠶᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠶᠢᠨ ᠦᠨᠳᠦᠰᠦᠨ ᠰᠠᠭᠤᠷᠢ ᠥᠩᠭᠡ ᠶᠢ ᠪᠤᠢ ᠪᠤᠯᠭᠠᠨ᠎ᠠ᠃ ᠬᠠᠷᠢᠶ᠎ᠠ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠤᠭ ᠨᠣᠪᠰᠢ ᠶᠢ ᠰᠢᠢᠳᠪᠤᠷᠢᠯᠡᠬᠦ᠂ ᠵᠠᠮ ᠢ ᠵᠠᠰᠠᠵᠤ ᠬᠠᠮᠠᠭᠠᠯᠠᠬᠤ᠂ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ᠂ ᠭᠤᠤᠯ ᠤᠨ ᠭᠤᠯᠳᠤᠷᠢᠯ ᠢ ᠬᠠᠮᠢᠶᠠᠷᠴᠤ ᠬᠠᠮᠠᠭᠠᠯᠠᠬᠤ᠂ ᠣᠯᠠᠨ ᠨᠡᠶᠢᠲᠡ ᠶᠢᠨ ᠲᠦᠬᠦᠬᠡᠷᠦᠮᠵᠢ ᠶᠢ ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠤᠨ᠎ᠠ᠃     ᠬᠥᠳᠡᠭᠡ ᠲᠣᠰᠬᠤᠨ ᠤ ᠵᠠᠩ ᠰᠤᠷᠲᠠᠯ ᠪᠣᠯᠪᠠᠰᠤᠨ ᠤ ᠲᠣᠭᠤᠷᠢᠨ ᠳᠤ ᠰᠣᠶᠣᠯ ᠤᠨ ᠬᠥᠭᠵᠢᠯ ᠮᠠᠨᠳᠤᠯ ᠢ ᠠᠬᠢᠭᠤᠯᠤᠨ᠎ᠠ᠃ ︽ᠵᠢᠷᠭᠤᠭᠠᠨ ᠰᠠᠶᠢᠳᠠᠢ ᠭᠡᠷ ᠪᠦᠯᠢ︾ ᠶᠢᠨ ᠠᠳᠠᠯᠢᠳᠬᠠᠨ ᠰᠢᠯᠭᠠᠷᠠᠭᠤᠯᠵᠤ ᠬᠤᠪᠢ ᠬᠤᠷᠠᠮᠳᠤᠭᠤᠯᠬᠤ ᠬᠠᠮᠢᠶᠠᠷᠤᠯᠲᠠ ᠶᠢᠨ ᠲᠦᠷᠢᠮ ᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠤᠯᠠᠨ ᠨᠡᠶᠢᠲᠡ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠣᠶᠣᠯ ᠪᠡᠶ᠎ᠡ ᠶᠢᠨ ᠲᠠᠮᠢᠷ ᠤᠨ ᠠᠭᠤᠳᠠᠮ ᠲᠠᠯᠠᠪᠠᠢ᠂ ᠲᠠᠭᠤᠨ ᠲᠤᠮᠤᠷᠠᠭᠤᠯᠤᠭᠴᠢ᠂ ᠨᠢᠦ ᠹᠧᠨ ᠲᠠᠢ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠴᠢᠯᠡᠭᠡᠨ ᠤ ᠬᠥᠭᠵᠢᠯᠲᠡ ᠶᠢᠨ ᠲᠥᠪ ᠵᠡᠷᠭᠡ ᠦᠨᠳᠦᠰᠦᠨ ᠱᠠᠲᠤᠨ ᠤ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠮᠢᠴᠡ ᠣᠨᠴᠠᠯᠢᠭ ᠲᠠᠢ ᠠᠷᠠᠳ ᠤᠨ ᠤᠷᠠᠯᠢᠭ ᠤᠨ ᠠᠵᠢᠯᠯᠠᠭ᠎ᠠ ᠶᠢ ᠵᠣᠷᠢᠭᠵᠢᠭᠤᠯᠤᠨ ᠬᠥᠭᠵᠢᠭᠦᠯᠵᠦ᠂ ᠣᠷᠣᠨ ᠨᠤᠲᠤᠭ ᠤᠨ ᠣᠨᠴᠠᠯᠢᠭ ᠢᠶᠠᠷ ᠪᠠᠶᠠᠯᠢᠭ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠶᠠᠪᠤᠳᠠᠯ ᠢ ᠲᠦᠯᠬᠢᠨ ᠠᠬᠢᠭᠤᠯᠵᠤ᠂ ᠪᠣᠯᠪᠠᠰᠤᠨ ᠰᠢᠨ᠎ᠡ ᠬᠡᠪ ᠰᠤᠷᠲᠠᠯ ᠢ ᠪᠤᠢ ᠪᠣᠯᠭᠠᠨ᠎ᠠ᠃     ᠬᠥᠮᠦᠨ ᠢᠶᠠᠷ ᠦᠨᠳᠦᠰᠦ ᠪᠣᠯᠭᠠᠬᠤ ᠶᠢ ᠲᠤᠪᠤᠶᠢᠯᠭᠠᠵᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠦ᠋ ᠴᠠ ᠭᠸᠤ ᠲᠣᠰᠬᠤᠨ ︽ᠲᠣᠰᠬᠤᠨ ᠳᠤ ᠰᠠᠭᠤᠭ᠎ᠠ ᠠᠵᠢᠯᠯᠠᠬᠤ ᠠᠩᠬᠢ︾ ᠶᠢ ᠲᠣᠮᠢᠯᠠᠨ ᠰᠠᠭᠤᠯᠭᠠᠬᠤ᠂ ᠨᠢᠦ ᠹᠧᠨ ᠲᠠᠢ ᠲᠣᠰᠬᠤᠨ ᠢ ᠪᠠᠯᠭᠠᠰᠤᠨ ᠤ ᠤᠳᠤᠷᠢᠳᠬᠤ ᠺᠠᠳ᠋ᠷ ᠳᠠᠭᠠᠭᠠᠴᠢᠯᠠᠨ ᠠᠪᠬᠤ᠂ ᠪᠠᠶᠢᠭᠤᠯᠭ᠎ᠠ ᠶᠢᠨ ᠺᠠᠳ᠋ᠷ ᠲᠤᠰᠢᠶᠠᠯ ᠡᠭᠦᠷᠭᠡᠯᠡᠬᠦ ᠵᠡᠷᠭᠡ ᠠᠷᠭ᠎ᠠ ᠬᠡᠯᠪᠡᠷᠢ ᠪᠠᠷ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ ᠡᠩᠨᠡᠭᠡ ᠶᠢ ᠳᠡᠭᠦᠯᠳᠡᠷᠵᠢᠭᠦᠯᠦᠨ᠎ᠡ᠃ ︽ᠳᠥᠷᠪᠡᠨ ᠰᠢᠶᠠᠩ ᠤᠨ ᠢᠨᠵᠧᠨᠧᠷᠢᠩ ︾ ᠤᠨ ᠶᠡᠷᠦᠩᠬᠡᠶ ᠬᠠᠷᠠᠯᠲᠠ ᠲᠠᠢ ᠤᠶᠠᠯᠳᠤᠭᠤᠯᠤᠨ᠂ ᠴᠢᠳᠠᠪᠤᠷᠢᠲᠠᠨ᠂ ᠬᠥᠷᠥᠩᠭᠡ ᠵᠢᠴᠢ ᠮᠡᠷᠭᠡᠵᠢᠯ ᠤᠨ ᠪᠤᠴᠠᠯᠲᠠ ᠶᠢ ᠬᠥᠲᠥᠯᠦᠨ ᠵᠢᠯᠣᠭᠤᠳᠴᠤ᠂ ᠬᠤᠲᠠ ᠬᠥᠳᠡᠭᠡ ᠶᠢᠨ ᠠᠭᠤᠰᠤᠯᠴᠠᠨ ᠵᠣᠬᠢᠴᠠᠩᠭᠤᠶ ᠪᠠᠷ ᠬᠥᠭᠵᠢᠬᠦ ᠶᠢ ᠠᠬᠢᠭᠤᠯᠤᠨ᠎ᠠ᠃      ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ︽ᠨᠠᠮ ᠤᠨ ᠪᠠᠶᠢᠭᠤᠯᠤᠯᠲᠠ + ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠠᠵᠢᠯ ᠤᠨ ᠵᠠᠭᠪᠤᠷ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠰᠬᠤᠨ ᠤ ᠺᠠᠳ᠋ᠷ ᠪᠣᠯᠤᠨ ᠨᠠᠮ ᠤᠨ ᠭᠡᠰᠢᠭᠦᠨ ᠤ ᠡᠩᠨᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ ᠂ ᠠᠵᠢᠯ ᠤᠨ ᠪᠠᠶᠢᠷᠢ ᠶᠢᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠴᠡᠭᠴᠡᠯᠡᠨ ᠨᠠᠶᠢᠳᠠᠪᠤᠷᠢᠵᠢᠭᠤᠯᠵᠤ᠂ ᠨᠠᠮ ᠤᠨ ᠡᠭᠦᠷ ᠤᠨ ᠱᠦᠵᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯᠯᠠᠭ᠎ᠠ ᠶᠢ ᠵᠢᠷᠤᠮᠵᠢᠭᠤᠯᠵᠤ᠂ ᠨᠠᠮ ᠤᠨ ᠭᠡᠰᠢᠭᠦᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠴᠢᠩᠭᠠᠳᠬᠠᠨ᠎ᠠ᠃ ᠨᠠᠮ ᠤᠨ ᠭᠡᠰᠢᠭᠦᠨ ᠡᠯᠰᠡᠬᠦ ᠠᠵᠢᠯ ᠢ ᠦᠨᠡᠨ ᠬᠦ ᠰᠠᠶᠢᠲᠤᠷ ᠬᠢᠨ᠎ᠡ᠃ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠶ ᠶᠢ ᠤᠯᠠᠮ ᠨᠢᠭᠡ ᠠᠯᠬᠤᠮ ᠪᠤᠢ ᠪᠣᠯᠭᠠᠨ᠎ᠠ᠃
 
ᠢᠷᠡᠯᠲᠡ᠄ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号