2 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠷᠠᠰᠢᠶᠠᠨ ᠬᠤᠳᠠ ᠶᠢᠨ ᠸᠧᠨᠴᠢᠤᠸᠠᠨ ᠵᠡᠭᠡᠯᠢ᠂ | ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠯᠪᠠᠨ ᠬᠡᠷ ᠤᠨ ᠠᠵᠢᠯᠳᠠᠨ ᠢ ᠵᠣᠬᠢᠶᠠᠨ | ᠪᠠᠶᠢᠭᠤᠯᠤᠨ ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠰᠠᠭᠤᠭᠠᠯᠢ | ᠠᠷᠠᠳ ᠤᠨ ᠲᠣᠭᠤᠷᠢᠭ ᠤᠨ ᠠᠰᠠᠷ ᠤᠨ ᠬᠤᠩᠬᠢᠯ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ | ᠴᠡᠪᠡᠷ ᠲᠡᠭᠰᠢ᠂ ᠭᠤᠶᠣ ᠰᠠᠶᠢᠬᠠᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ | ᠴᠤᠬᠴᠠᠯᠠᠵᠦ ᠪᠠᠶᠢᠨ᠎ᠠ᠃ | ᠰᠠᠭᠤᠭᠠᠯᠢ ᠠᠷᠠᠳ ᠤᠨ ᠲᠣᠭᠤᠷᠢᠭ ᠤᠨ ᠵᠠᠷᠢᠮ ᠰᠠᠭᠤᠭᠠᠯᠢ ᠠᠷᠠᠳ ᠥᠩᠭᠡᠷᠡᠭᠰᠡᠨ ᠤ ᠬᠠᠭᠤᠴᠢᠨ ᠶᠠᠭᠤᠮ᠎ᠠ ᠪᠠᠨ | ᠬᠠᠶᠠᠬᠤ ᠳᠤᠷ᠎ᠠ ᠥᠬᠡᠶ ᠪᠣᠯᠬᠤᠷ ᠠᠰᠠᠷ ᠤᠨ ᠬᠤᠩᠭᠢᠯ ᠳᠤ ᠣᠪᠣᠭᠠᠯᠠᠨ ᠲᠠᠯᠪᠢᠵᠤ᠂ ᠡᠳᠦᠷ ᠤᠳᠠᠭᠠᠨ ᠳᠠᠭᠠᠨ | ᠤᠯᠠᠮ ᠢᠶᠠᠷ ᠣᠯᠠᠰᠢᠷᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ ᠮᠦᠷᠳᠡᠬᠡᠨ ᠠᠮᠤᠷ | ᠲᠦᠪᠰᠢᠨ ᠤ ᠬᠡᠮ ᠰᠣᠭᠤᠭ ᠴᠦ ᠤᠷᠤᠰᠢᠵᠦ ᠪᠤᠢ᠃ ᠸᠧᠨᠴᠢᠤᠸᠠᠨ ᠵᠡᠬᠡᠯᠢ ᠶᠢᠨ ᠠᠵᠢᠯᠳᠠᠳ ᠤᠷᠢᠳᠠᠪᠠᠷ | ᠤᠬᠠᠭᠤᠯᠭ᠎ᠠ ᠶᠢᠨ ᠠᠵᠢᠯ ᠢ ᠪᠤᠳᠠᠳᠠᠶᠢᠵᠢᠭᠤᠯᠵᠠᠢ᠃ ᠢᠩᠬᠢᠭᠡᠳ ᠲᠤᠰ ᠤᠳᠠᠭᠠᠨ ᠤ ᠴᠡᠭᠴᠡᠯᠡᠨ ᠵᠠᠰᠠᠬᠤ ᠠᠵᠢᠯ | ᠮᠠᠰᠢ ᠤᠷᠤᠭᠰᠢᠲᠠᠶ ᠶᠠᠪᠤᠭᠳᠠᠵᠤ᠂ ᠰᠠᠭᠤᠭᠠᠯᠢ ᠠᠷᠠᠳ ᠴᠥᠮ ᠮᠠᠰᠢ ᠰᠠᠶᠢᠨ ᠬᠠᠮᠵᠢᠯᠴᠠᠭᠰᠠᠨ ᠪᠠᠶᠢᠨ᠎ᠠ᠃ ︽ | ᠥᠩᠭᠡᠷᠡᠭᠰᠡᠨ ᠳᠤ ᠠᠰᠠᠷ ᠤᠨ ᠬᠤᠩᠭᠢᠯ ᠳᠤ ᠡᠯᠳᠡᠪ ᠶᠠᠭᠤᠮ᠎ᠠ ᠶᠢ ᠳᠤᠷ᠎ᠠ ᠪᠠᠷ ᠢᠶᠠᠨ ᠲᠠᠯᠪᠢᠵᠤ ᠪᠠᠶᠢᠭᠰᠠᠨ ᠪᠠᠶᠢᠳᠠᠯ | ᠮᠠᠰᠢ ᠲᠦᠭᠡᠮᠡᠯ ᠪᠠᠶᠢᠵᠤ᠂ ᠬᠤᠩᠭᠢᠯ ᠢ ᠡᠵᠡᠯᠡᠨ᠂ ᠶᠠᠪᠤᠵᠤ ᠰᠠᠭᠤᠬᠤ ᠳᠤ ᠳᠥᠭᠦᠮ ᠦᠭᠡᠢ ᠪᠣᠯᠭᠠᠭᠰᠠᠨ ᠪᠥᠭᠡᠳ | ᠠᠮᠤᠷ ᠲᠦᠪᠰᠢᠨ ᠤ ᠳᠠᠯᠳᠠ ᠬᠡᠮ ᠴᠦ ᠣᠷᠣᠰᠢᠵᠤ ᠪᠠᠶᠢᠪᠠ᠂ ᠵᠡᠭᠡᠯᠢ ᠭᠤᠳᠤᠮᠵᠢ ᠶᠢ ᠲᠥᠪᠯᠡᠷᠡᠭᠦᠯᠦᠨ | ᠴᠡᠪᠡᠷᠯᠡᠭᠰᠡᠨ ᠤ ᠳᠠᠷᠠᠭ᠎ᠠ᠂ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠨᠢ ᠴᠡᠪᠡᠷ ᠲᠤᠩᠭᠠᠯᠠᠭ | ᠪᠣᠯᠵᠣ᠂ ᠠᠮᠢᠳᠤᠷᠠᠯ ᠤᠨ ᠣᠷᠴᠢᠨ ᠲᠣᠭᠤᠷᠢᠨ ᠨᠢ ᠨᠠᠩ ᠲᠠᠭᠠᠯᠠᠮᠵᠢᠲᠠᠶ ᠪᠣᠯᠵᠣ᠂ ᠠᠷᠠᠳ ᠢᠷᠭᠡᠳ ᠤᠨ ᠨᠠᠭᠠᠰᠢ | ᠴᠠᠭᠠᠰᠢ ᠶᠠᠪᠤᠬᠤ ᠳᠤ ᠲᠦᠭᠦᠮ ᠦᠵᠡᠭᠦᠯᠪᠡ︕︾ ᠭᠡᠵᠦ ᠰᠠᠭᠤᠭᠠᠯᠢ ᠠᠷᠠᠳ ᠯᠢ ᠡᠵᠢ ᠪᠠᠶᠠᠷᠲᠠᠶ ᠪᠠᠷ ᠬᠡᠯᠡᠪᠡ᠃ | | ᠲᠣᠰ ᠤᠳᠠᠭᠠᠨ ᠤ ᠴᠡᠪᠡᠷᠯᠡᠯᠲᠡ ᠶᠢᠨ ᠠᠵᠢᠯᠯᠠᠭ᠎ᠠ ᠨᠢ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ | ᠲᠣᠭᠤᠷᠢᠨ ᠤ ᠲᠠᠭᠠᠯᠠᠮᠵᠢᠲᠠᠶ᠂ ᠴᠡᠪᠡᠷ ᠲᠡᠭᠰᠢ ᠴᠢᠨᠠᠷ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠲᠣᠭᠤᠷᠢᠭ ᠤᠨ | ᠣᠷᠣᠵᠤ ᠭᠠᠷᠬᠤ ᠠᠮᠤᠷ ᠲᠦᠪᠰᠢᠨ ᠢ ᠪᠠᠲᠤᠯᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ | ᠪᠠᠶᠢᠭᠤᠯᠬᠤ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | | |