ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠣᠮᠣ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/3/7
     ᠬᠢᠩᠭᠠᠨ ᠵᠠᠬᠢᠷᠭ᠎ᠠ ᠠᠯᠪᠠᠨ ᠥᠰᠥᠭ ﹇2022﹈ 2 ᠳ᠋ᠤᠭᠠᠷ ᠲᠣᠭᠠᠲᠤ    ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ︽ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠣᠮᠣ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ︹ 2021 ︺ 108 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠦᠷᠢᠮ ᠤᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ᠂ ᠮᠠᠨ ᠤ ᠠᠶᠢᠮᠠᠭ 2022 ᠣᠨ ᠳᠤ ᠰᠢᠨ᠎ᠡ ᠨᠢᠭᠡ ᠡᠭᠡᠯᠵᠢ ᠶᠢᠨ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠣᠮᠣ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ ᠥᠷᠨᠢᠭᠦᠯᠦᠨ᠎ᠡ᠂ ᠡᠳᠦᠭᠡ ᠬᠤᠯᠪᠣᠭᠳᠠᠯ ᠪᠥᠬᠦᠶ  ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠵᠣᠷᠢᠯᠭ᠎ᠠ ᠶᠢᠨ ᠠᠴᠢ ᠬᠤᠯᠪᠣᠭᠳᠠᠯ    ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠪᠣᠯ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠤᠨ ᠦᠷ᠎ᠡ ᠪᠦᠲᠦᠮᠵᠢ ᠶᠢ ᠲᠤᠰᠬᠠᠬᠤ ᠰᠠᠭᠤᠷᠢ ᠴᠢᠨᠠᠷᠲᠠᠢ ᠭᠦᠢᠴᠡᠳᠬᠡᠯ ᠲᠤᠭ᠎ᠠ ᠪᠣᠯᠤᠨ᠎ᠠ᠃ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠶᠡᠭᠡ ᠥᠯᠢᠭᠡᠷ ᠢ ᠡᠭᠡᠯᠵᠢᠯᠡᠨ ᠰᠣᠯᠢᠬᠤ ᠪᠣᠯ ᠥᠯᠢᠭᠡᠷ ᠤᠨ ᠬᠠᠭᠤᠴᠢᠷᠠᠬᠤ ᠶᠢ ᠰᠡᠷᠭᠡᠶᠢᠯᠡᠬᠦ᠂ ᠥᠯᠢᠭᠡᠷ ᠤᠨ ᠲᠥᠯᠥᠭᠡᠯᠡᠬᠦ ᠴᠢᠨᠠᠷ ᠢ ᠪᠠᠲᠤᠯᠠᠬᠤ ᠶᠢᠨ ᠵᠠᠶᠢᠯᠠᠰᠢ ᠥᠬᠡᠶ ᠬᠡᠷᠡᠭᠴᠡᠭᠡ ᠮᠥᠨ᠂ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠃    ᠬᠤᠶᠠᠷ᠂ ᠶᠡᠷᠦᠩᠬᠡᠶ ᠬᠠᠷᠠᠯᠲᠠ    ᠰᠠᠭᠤᠭᠠᠯᠢ ᠡᠷᠦᠬᠡ ᠶᠢᠨ ᠲᠥᠷᠥᠯ ᠤᠨ ᠪᠠᠶᠢᠴᠠᠭᠠᠯᠲᠠ ᠳᠤ ᠨᠠᠷᠢᠯᠢᠭᠴᠠ ᠶᠢᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠲᠥᠯᠥᠭᠡᠯᠡᠬᠦ ᠴᠢᠨᠠᠷ ᠢᠶᠠᠷ ᠰᠠᠶᠢᠨ᠂ 5 ᠵᠢᠯ ᠲᠣᠭᠲᠠᠭᠤᠨ ᠢᠶᠠᠷ ᠬᠡᠷᠡᠭᠯᠡᠵᠦ ᠳᠡᠶᠢᠯᠬᠦ ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤ ︵ᠰᠢᠶᠠᠨ ᠬᠤᠲᠠ︶ ᠶᠢᠨ ᠡᠯ᠎ᠡ ᠲᠠᠰ ᠳᠠᠪᠬᠤᠷᠭ᠎ᠠ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠷᠠᠭᠠᠯᠵᠠᠭᠰᠠᠨ ᠥᠯᠢᠭᠡᠷ ᠡᠳ᠋ ᠢ ᠰᠣᠩᠭᠤᠨ ᠭᠠᠷᠭᠠᠬᠤ ᠶᠢᠨ ᠬᠠᠮᠲᠤ 2022 ᠣᠨ ᠤ 12 ᠰᠠᠷ᠎ᠠ ᠠᠴᠠ ᠡᠬᠢᠯᠡᠨ ᠪᠠᠶᠢᠴᠠᠭᠠᠬᠤ ᠥᠯᠢᠭᠡᠷ ᠡᠳ᠋ ᠢ ᠨᠠᠶᠢᠳᠠᠪᠤᠷᠢᠵᠢᠭᠤᠯᠤᠨ᠎ᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠲᠣᠰ ᠤᠳᠠᠭᠠᠨ ᠤ ᠪᠥᠬᠦ ᠠᠶᠢᠮᠠᠭ ᠤᠨ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠶᠡᠭᠡ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ 2022 ᠣᠨ ᠤ 11 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠵᠤ᠂ 12 ᠰᠠᠷ᠎ᠠ ᠳᠤ ᠰᠢᠨ᠎ᠡ ᠥᠯᠢᠭᠡᠷ ᠡᠳ᠋ ᠢ ᠵᠢᠩᠬᠢᠨᠢ ᠪᠠᠷ ᠡᠬᠢᠯᠡᠭᠦᠯᠦᠨ᠎ᠡ᠃    ᠭᠤᠷᠪᠠ᠂ ᠡᠭᠡᠯᠵᠢᠯᠡᠬᠦ ᠬᠡᠪᠴᠢᠶ᠎ᠡ    ᠲᠤᠰ ᠤᠳᠠᠭ᠎ᠠ ᠶᠢᠨ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠶᠡᠭᠡ ᠦᠯᠢᠭᠡᠷ ᠢ ᠡᠭᠡᠯᠵᠢᠯᠡᠨ ᠰᠣᠯᠢᠬᠤ ᠳᠤ ᠬᠤᠯᠪᠣᠭᠳᠠᠭᠰᠠᠨ ᠰᠠᠭᠤᠭᠠᠯᠢ ᠡᠷᠦᠬᠡ ᠶᠢᠨ ᠣᠷᠣᠯᠭ᠎ᠠ ᠵᠠᠷᠤᠯᠭ᠎ᠠ ᠪᠠ ᠠᠮᠢᠳᠤᠷᠠᠯ ᠤᠨ ᠪᠠᠶᠢᠳᠠᠯ ᠤᠨ ᠪᠠᠶᠢᠴᠠᠭᠠᠯᠲᠠ᠂ ᠮᠠᠯᠵᠢᠬᠤ ᠲᠠᠷᠢᠶᠠᠯᠠᠬᠤ ᠡᠷᠦᠬᠡ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠠᠶᠢᠴᠠᠭᠠᠯᠲᠠ᠂ ᠶᠠᠳᠠᠭᠤ ᠠᠴᠠ ᠠᠩᠭᠢᠵᠢᠷᠠᠭᠰᠠᠨ ᠬᠤᠰᠢᠭᠤ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠡᠷᠦᠬᠡ ᠶᠢᠨ ᠬᠢᠨᠠᠨ ᠬᠡᠮᠵᠢᠯᠲᠡ ᠶᠢᠨ ᠪᠠᠶᠢᠴᠠᠭᠠᠯᠲᠠ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠢᠨᠠᠨ ᠬᠡᠮᠵᠢᠯᠲᠡ ᠶᠢᠨ ᠪᠠᠶᠢᠴᠠᠭᠠᠯᠲᠠ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠤᠲᠠ ᠶᠢᠨ ᠠᠷᠠᠳ ᠪᠣᠯᠬᠤ ᠠᠬᠢᠴᠠ ᠶᠢᠨ ᠪᠠᠶᠢᠳᠠᠯ ᠤᠨ ᠬᠢᠨᠠᠨ ᠬᠡᠮᠵᠢᠯᠲᠡ ᠶᠢᠨ ᠪᠠᠶᠢᠴᠠᠭᠠᠯᠲᠠ ᠵᠡᠷᠭᠡ ᠰᠠᠭᠤᠭᠠᠯᠢ ᠡᠷᠦᠬᠡ ᠶᠢᠨ ᠲᠥᠷᠥᠯ ᠤᠨ ᠪᠠᠶᠢᠴᠠᠭᠠᠯᠲᠠ ᠶᠢᠨ ᠲᠥᠷᠥᠯ ᠵᠦᠢᠯ᠂ ᠬᠡᠪᠴᠢᠶ᠎ᠡ ᠨᠢ ᠳᠡᠭᠡᠷ᠎ᠡ ᠳᠤᠷᠠᠳᠤᠭᠰᠠᠨ ᠪᠠᠶᠢᠴᠠᠭᠠᠯᠲᠠ ᠶᠢ ᠡᠭᠦᠷᠭᠡᠯᠡᠵᠦ ᠪᠠᠶᠢᠭ᠎ᠠ ᠪᠣᠶ ᠪᠥᠬᠦᠶ ᠬᠤᠰᠢᠭᠤ ᠰᠢᠶᠠᠨ ᠬᠤᠲᠠ ᠪᠣᠯᠤᠨ᠎ᠠ᠂ ᠡᠭᠡᠯᠵᠢᠯᠡᠨ ᠰᠣᠯᠢᠬᠤ ᠡᠲᠡᠭᠡᠳ ᠨᠢ ᠪᠣᠶ ᠪᠥᠬᠦᠶ ᠪᠠᠶᠢᠴᠠᠭᠠᠯᠲᠠ ᠶᠢᠨ ᠵᠢᠵᠢᠭ ᠲᠣᠭᠤᠷᠢᠭ ᠪᠠ ᠰᠠᠭᠤᠭᠠᠯᠢ ᠡᠷᠦᠬᠡ ᠶᠢᠨ ᠥᠯᠢᠭᠡᠷ ᠡᠳ᠋ ︵ᠪᠥᠬᠦ ᠠᠶᠢᠮᠠᠭ ᠤᠨ ᠪᠠᠷᠤᠭ 70 ᠪᠠᠶᠢᠴᠠᠭᠠᠯᠲᠠ ᠶᠢᠨ ᠵᠢᠵᠢᠭ ᠲᠣᠭᠤᠷᠢᠭ᠂ 700 ᠡᠷᠦᠬᠡ ᠶᠢᠨ ᠥᠯᠢᠭᠡᠷ ᠡᠳ᠋︶ ᠪᠣᠯᠤᠨ᠎ᠠ᠃    ᠳᠥᠷᠪᠡ᠂ ᠬᠡᠷᠡᠭᠵᠢᠭᠦᠯᠬᠦ ᠭᠤᠤᠯ ᠴᠣᠭᠴᠠ    ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠢᠩᠭᠠᠨ ᠪᠠᠶᠢᠴᠠᠭᠠᠯᠲᠠ ᠶᠢᠨ ᠠᠩᠭᠢ ᠶᠢᠨ ᠬᠢᠨ ᠪᠥᠬᠦ ᠠᠶᠢᠮᠠᠭ ᠤᠨ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠣᠮᠣ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠢᠭᠤᠳ ᠬᠠᠷᠢᠶ᠎ᠠ ᠰᠢᠶᠠᠨ ᠤ ᠱᠠᠲᠤᠨ ᠤ ᠪᠠᠶᠢᠴᠠᠭᠠᠯᠲᠠ ᠶᠢᠨ ᠠᠩᠭᠢ ᠪᠠ ᠬᠠᠮᠢᠶ᠎ᠠ ᠪᠥᠬᠦᠶ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠥᠯᠢᠭᠡᠷ ᠠᠪᠬᠤ ᠬᠠᠪᠢᠰᠤ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ᠂ ᠵᠢᠵᠢᠭ ᠲᠣᠭᠤᠷᠢᠭ ᠤᠨ ᠨᠠᠶᠢᠳᠠᠪᠤᠷᠢᠵᠢᠭᠤᠯᠤᠯᠲᠠ ᠶᠢ ᠪᠠᠶᠢᠴᠠᠭᠠᠬᠤ᠂ ᠣᠷᠣᠨ ᠰᠠᠭᠤᠴᠠ ᠶᠢᠨ ᠨᠡᠷᠡᠰ ᠤᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ᠂ ᠪᠠᠶᠢᠳᠠᠯ ᠢ ᠤᠶᠢᠯᠠᠭᠠᠨ ᠪᠠᠶᠢᠴᠠᠭᠠᠬᠤ᠂ ᠰᠠᠭᠤᠭᠠᠯᠢ ᠡᠷᠦᠬᠡ ᠶᠢᠨ ᠥᠯᠢᠭᠡᠷ ᠡᠳ᠋  ᠰᠣᠩᠭᠤᠬᠤ ᠪᠠ ᠨᠠᠶᠢᠳᠠᠪᠤᠷᠢᠵᠢᠭᠤᠯᠬᠤ ᠵᠡᠷᠭᠡ ᠠᠵᠢᠯ ᠢ ᠪᠣᠳᠠᠲᠠᠶ ᠬᠠᠷᠢᠭᠤᠴᠠᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠨᠢ ᠬᠠᠪᠰᠤᠷᠤᠨ ᠪᠠᠶᠢᠴᠠᠭᠠᠭᠴᠢ ᠶᠢ ᠰᠣᠩᠭᠤᠨ ᠳᠣᠭᠢᠷᠠᠭᠤᠯᠬᠤ ᠪᠠ ᠥᠯᠢᠭᠡᠷ ᠡᠳ᠋ ᠢ ᠨᠠᠶᠢᠳᠠᠪᠤᠷᠢᠵᠢᠭᠤᠯᠬᠤ ᠬᠠᠮᠢᠶ᠎ᠠ ᠪᠥᠬᠦᠶ ᠠᠵᠢᠯ ᠢ ᠬᠠᠮᠵᠢᠨ ᠰᠠᠶᠢᠲᠤᠷ ᠬᠢᠬᠦ ᠬᠡᠷᠡᠭᠲᠡᠶ᠃    ᠲᠠᠪᠤ᠂ ᠠᠬᠢᠴᠠ ᠶᠢᠨ ᠲᠣᠬᠢᠷᠠᠭᠤᠯᠤᠯᠲᠠ 2022 ᠣᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠭᠤᠯᠭᠠᠭᠰᠠᠨ ︽ ᠲᠤᠯᠤᠳᠤᠭᠠᠷ ᠤᠳᠠᠭᠠᠨ ᠤ ᠬᠦᠮᠦᠨ ᠠᠮᠠ ᠶᠢᠨ ᠪᠠᠶᠢᠴᠠᠭᠠᠯᠳᠠ︾   ᠶᠢᠨ ᠮᠠᠲ᠋ᠧᠷᠢᠶᠠᠯ ᠳᠤ ᠰᠠᠭᠤᠷᠢᠯᠠᠨ ᠪᠣᠶ ᠪᠣᠯᠤᠭᠰᠠᠨ ᠥᠯᠢᠭᠡᠷ ᠡᠳ᠋ ᠢ ᠡᠭᠡᠯᠵᠢᠯᠡᠨ ᠰᠣᠯᠢᠬᠤ ᠥᠯᠢᠭᠡᠷ ᠠᠪᠬᠤ ᠬᠦᠷᠢᠶᠡᠨ ᠤ ᠰᠠᠭᠤᠷᠢ ᠮᠠᠲ᠋ᠧᠷᠢᠶᠠᠯ ᠢ ᠬᠢᠨᠠᠨ ᠬᠠᠷᠭᠤᠭᠤᠯᠵᠤ ᠰᠢᠨᠡᠳᠬᠡᠨ᠎ᠡ᠃ 2022 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ᠂ ᠳᠡᠭᠡᠳᠦ ᠱᠠᠲᠤᠨ ᠤ ᠵᠣᠬᠢᠶᠠᠨ ᠪᠠᠶᠢᠭᠤᠯᠤᠭᠰᠠᠨ ᠠᠵᠢᠯ ᠤᠨ ᠪᠠᠶᠢᠷᠢᠯᠠᠭᠤᠯᠤᠯᠲᠠ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠨ᠎ᠠ︔ ᠲᠤᠰ ᠱᠠᠲᠤᠨ ᠤ ᠠᠵᠢᠯ ᠤᠨ ᠪᠠᠶᠢᠷᠢᠯᠠᠭᠤᠯᠤᠯᠲᠠ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠵᠢᠯ ᠢ ᠰᠠᠶᠢᠲᠤᠷ ᠬᠢᠬᠦ ᠶᠢᠨ ᠬᠠᠮᠲᠤ ᠬᠥᠮᠦᠨ ᠤ ᠬᠦᠴᠦ ᠪᠣᠳᠠᠰ ᠤᠨ ᠬᠦᠴᠦᠨ ᠢ ᠪᠠᠲᠤᠯᠠᠬᠤ ᠪᠠ ᠤᠬᠠᠭᠤᠯᠤᠨ ᠳᠠᠶᠢᠴᠢᠯᠠᠬᠤ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ︔ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠠᠢ ᠬᠠᠮᠵᠢᠯᠴᠠᠨ ᠵᠢᠵᠢᠭ ᠲᠣᠭᠤᠷᠢᠭ ᠤᠨ ᠥᠯᠢᠭᠡᠷ ᠡᠳ᠋ ᠢ ᠰᠣᠩᠭᠤᠨ ᠪᠠᠶᠢᠴᠠᠭᠠᠬᠤ ᠠᠵᠢᠯ ᠢ ᠪᠡᠶᠡᠯᠡᠭᠦᠯᠬᠦ ᠬᠡᠷᠡᠭᠲᠡᠶ᠃ 2022 ᠣᠨ ᠤ 8 ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠤᠬᠠᠶ ᠶᠢᠨ ᠲᠠᠯᠠᠪᠤᠷ ᠤᠨ ᠥᠯᠢᠭᠡᠷ ᠠᠪᠬᠤ ᠡᠯ᠎ᠡ ᠵᠦᠢᠯ ᠤᠨ ᠠᠵᠢᠯ ᠢ ᠪᠡᠶᠡᠯᠡᠭᠦᠯᠦᠨ᠎ᠡ᠂ ᠡᠭᠦᠨ ᠳᠤ ᠰᠤᠭᠤᠯᠤᠨ ᠠᠪᠴᠤ ᠪᠠᠶᠢᠴᠠᠭᠠᠬᠤ ᠵᠢᠵᠢᠭ ᠲᠣᠭᠤᠷᠢᠭ ᠢ ᠨᠠᠶᠢᠳᠠᠪᠤᠷᠢᠵᠢᠭᠤᠯᠬᠤ᠂ ᠣᠷᠣᠨ ᠰᠠᠭᠤᠴᠠ ᠶᠢᠨ ᠨᠡᠷᠡᠰ ᠤᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ᠂ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠥᠷᠨᠢᠭᠦᠯᠬᠦ᠂ ᠰᠠᠭᠤᠭᠠᠯᠢ ᠡᠷᠦᠬᠡ ᠶᠢᠨ ᠥᠯᠢᠭᠡᠷ ᠡᠳ᠋ ᠢ  ᠰᠣᠩᠭᠤᠬᠤ ᠵᠡᠷᠭᠡ ᠪᠠᠭᠲᠠᠨ᠎ᠠ 2022 ᠣᠨ ᠤ 11 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠠᠶᠢᠴᠠᠭᠠᠬᠤ ᠡᠷᠦᠬᠡ ᠶᠢ ᠨᠠᠶᠢᠳᠠᠪᠤᠷᠢᠵᠢᠭᠤᠯᠬᠤ ᠪᠠ ᠲᠠᠩᠰᠠ ᠪᠠᠶᠢᠭᠤᠯᠤᠨ ᠪᠠᠶᠢᠴᠠᠭᠠᠬᠤ ᠠᠵᠢᠯ ᠢ ᠪᠡᠶᠡᠯᠡᠭᠦᠯᠵᠦ᠂ ᠪᠠᠶᠢᠴᠠᠭᠠᠬᠤ ᠡᠷᠦᠬᠡ ᠶᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ ᠨᠠᠭᠠᠳᠤ ᠵᠠᠬ᠎ᠠ ᠳᠠᠭᠠᠨ ᠨᠢᠭᠡ ᠰᠠᠷ᠎ᠠ ᠶᠢᠨ ᠲᠤᠷᠰᠢᠨ ᠲᠡᠮᠳᠡᠭᠯᠡᠬᠦ ᠲᠠᠩᠰᠠ ᠶᠢ ᠪᠡᠶᠡᠯᠡᠭᠦᠯᠦᠨ᠎ᠡ᠃  2022 ᠣᠨ ᠤ 12 ᠰᠠᠷ᠎ᠠ ᠳᠤ ᠰᠢᠨ᠎ᠡ ᠦᠯᠢᠭᠡᠷ ᠬᠡᠪ ᠢ ᠵᠢᠩᠬᠢᠨᠢ ᠪᠠᠷ ᠡᠬᠢᠯᠡᠨ ᠠᠵᠢᠯᠯᠠᠭᠤᠯᠤᠨ᠎ᠠ᠃    ᠵᠢᠷᠭᠤᠭ᠎ᠠ᠂ ᠠᠵᠢᠯ ᠤᠨ ᠱᠠᠭᠠᠷᠳᠠᠯᠭ᠎ᠠ    ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠨᠤᠭᠤᠳ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠨᠢᠮᠪᠠᠶ ᠳᠣᠭᠢᠷᠠᠭᠤᠯᠵᠤ᠂ ᠲᠣᠰ ᠭᠠᠵᠠᠷ ᠣᠷᠣᠨ ᠤ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠰᠠᠶᠢᠲᠤᠷ ᠬᠡᠷᠡᠭᠵᠢᠭᠦᠯᠬᠦ ᠬᠡᠷᠡᠭᠲᠡᠶ᠃ ᠡᠯ᠎ᠡ ᠬᠤᠰᠢᠭᠤ ︵ᠰᠢᠶᠠᠨ ᠬᠤᠲᠠ︶ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠶ ᠲᠥᠯᠥᠪᠯᠡᠨ ᠪᠠᠶᠢᠷᠢᠯᠠᠭᠤᠯᠵᠤ᠂ ᠪᠠᠶᠢᠴᠠᠭᠠᠯᠲᠠ ᠶᠢᠨ ᠠᠵᠢᠯ ᠳᠤ ᠬᠤᠯᠪᠣᠭᠳᠠᠬᠤ ᠬᠤᠯᠪᠣᠭᠳᠠᠯ ᠪᠥᠬᠦᠶ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠨᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠨ ᠵᠣᠬᠢᠴᠠᠭᠤᠯᠬᠤ ᠪᠠ ᠨᠢᠭᠲᠠ ᠬᠠᠮᠵᠢᠯᠴᠠᠬᠤ ᠪᠠᠨ ᠴᠢᠩᠭᠠᠳᠬᠠᠵᠤ᠂ ᠪᠠᠶᠢᠴᠠᠭᠠᠭᠳᠠᠬᠤ ᠡᠲᠡᠭᠡᠳ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ ᠪᠠᠶᠢᠴᠠᠭᠠᠯᠲᠠ ᠳᠤ ᠬᠠᠮᠵᠢᠯᠴᠠᠭᠤᠯᠤᠨ᠂ ᠪᠠᠶᠢᠴᠠᠭᠠᠯᠲᠠ ᠶᠢᠨ ᠮᠠᠲ᠋ᠧᠷᠢᠶᠠᠯ ᠢ ᠦᠨᠡᠨ ᠮᠥᠨ ᠢᠶᠠᠷ ᠲᠠᠭᠯᠠᠨ ᠮᠡᠳᠡᠭᠦᠯᠵᠦ᠂ ᠶᠡᠭᠡ ᠥᠯᠢᠭᠡᠷ ᠶᠠᠩᠵᠤ ᠶᠢ ᠡᠭᠡᠯᠵᠢᠯᠡᠨ ᠰᠣᠯᠢᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠠᠬᠢᠭᠤᠯᠬᠤ ᠬᠡᠷᠡᠭᠲᠡᠶ᠃    ︵ᠬᠤᠶᠠᠷ︶ ᠱᠠᠲᠤ ᠬᠤᠪᠢᠶᠠᠨ ᠡᠭᠦᠷᠭᠡᠯᠡᠵᠦ᠂ ᠠᠵᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠨᠢᠭᠡ ᠳᠤ ᠱᠠᠲᠤ ᠬᠤᠪᠢᠶᠠᠨ ᠡᠭᠦᠷᠭᠡᠯᠡᠬᠦ ᠵᠠᠷᠴᠢᠮ ᠶᠣᠰᠣᠭᠠᠷ᠂ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠤᠨ ᠵᠠᠷᠤᠳᠠᠯ ᠢ ᠠᠶᠢᠮᠠᠭ ᠂ ᠬᠤᠰᠢᠭᠤ ︵ᠰᠢᠶᠠᠨ ᠬᠤᠲᠠ︶ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠱᠠᠲᠤ ᠬᠤᠪᠢᠶᠠᠨ ᠡᠭᠦᠷᠭᠡᠯᠡᠨ ᠰᠢᠢᠳᠪᠦᠷᠢᠡᠯᠵᠦ᠂ ᠡᠯ᠎ᠡ ᠭᠠᠵᠠᠷ ᠣᠷᠣᠨ ᠨᠤᠭᠤᠳ ᠥᠯᠢᠭᠡᠷ ᠡᠳ᠋ ᠤᠨ ᠬᠡᠮᠵᠢᠶ᠎ᠡ ᠪᠠ ᠡᠯ᠎ᠡ ᠵᠠᠩᠭᠢᠯᠠᠭ᠎ᠠ ᠶᠢᠨ ᠠᠵᠢᠯ ᠤᠨ ᠬᠡᠮᠵᠢᠶ᠎ᠡ ᠶᠢ ᠦᠨᠳᠦᠰᠦᠯᠡᠨ᠂ ᠲᠠᠩᠰᠠ ᠨᠡᠭᠡᠭᠡᠬᠦ ᠪᠠ ᠰᠤᠷᠪᠤᠯᠵᠢᠯᠠᠬᠤ ᠡᠷᠦᠬᠡ ᠳᠤ ᠪᠠᠶᠢᠴᠠᠭᠠᠯᠲᠠ ᠬᠢᠬᠦ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠤᠨ ᠳᠠᠶᠢᠴᠢᠯᠠᠬᠤ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠡᠷᠭᠡ ᠵᠠᠷᠤᠯᠭ᠎ᠠ ᠶᠢᠨ ᠲᠥᠷᠥᠯ  ᠵᠦᠢᠯ ᠤᠨ ᠠᠵᠢᠯ ᠤᠨ ᠵᠠᠷᠤᠳᠠᠯ ᠢ ᠪᠣᠳᠠᠲᠠᠶ ᠪᠠᠷ ᠲᠥᠰᠦᠭᠡᠯᠡᠨ ᠪᠤᠳᠤᠬᠤ ᠶᠢᠨ ᠬᠠᠮᠲᠤ ᠨᠠᠶᠢᠳᠠᠪᠤᠷᠢᠵᠢᠭᠤᠯᠬᠤ ᠬᠡᠷᠡᠭᠲᠡᠶ᠃ ᠬᠤᠶᠠᠷ ᠲᠤ ᠰᠢᠨ᠎ᠡ ᠨᠢᠭᠡ ᠡᠭᠡᠯᠵᠢ ᠶᠢᠨ ᠦᠯᠢᠭᠡᠷ ᠡᠳ᠋ ᠢ ᠤᠷᠤᠭᠰᠢᠲᠠᠶ ᠡᠬᠢᠯᠡᠭᠦᠯᠦᠨ ᠠᠵᠢᠯᠯᠠᠭᠤᠯᠬᠤ ᠶᠢ ᠪᠠᠲᠤᠯᠠᠬᠤ ᠶᠢᠨ ᠲᠥᠯᠥᠭᠡ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠡᠳ᠋ ᠤᠨ ᠶᠠᠪᠤᠳᠠᠯ ᠤᠨ ᠵᠤᠷᠭᠠᠨ ᠤ ᠵᠠᠬᠢᠳᠠᠯ ᠤᠨ ︽ᠬᠤᠲᠠ ᠬᠥᠳᠡᠭᠡ ᠶᠢᠨ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠬᠤᠶᠠᠷ ᠵᠦᠢᠯ ᠤᠨ ᠨᠥᠬᠦᠪᠥᠷᠢ ᠶᠢᠨ ᠪᠠᠷᠢᠮᠵᠢᠶ᠎ᠠ ᠶᠢᠨ ᠲᠤᠬᠠᠶ ᠮᠡᠳᠡᠭᠳᠡᠯ︾ ︵ᠡᠳ᠋ ᠤᠨ ᠵᠠᠰᠠᠭ ﹇2012﹈ 50 ᠳ᠋ᠤᠭᠠᠷ ᠲᠣᠭᠠᠲᠤ︶ ᠤᠨ ᠲᠠᠨᠢᠯᠴᠠᠭᠤᠯᠬᠤ ᠪᠠᠷᠢᠮᠵᠢᠶ᠎ᠠ ᠶᠣᠰᠣᠭᠠᠷ᠂ ᠬᠥᠳᠡᠯᠮᠦᠷᠢ ᠬᠦᠴᠦᠨ ᠤ ᠥᠪᠡᠷ ᠤᠨ ᠥᠷᠲᠡᠭ ᠤᠨ ᠳᠡᠭᠡᠭᠰᠢᠯᠡᠯᠲᠡ ᠶᠢᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠰᠢᠨ᠎ᠡ ᠵᠠᠭᠪᠤᠷ ᠢ ᠡᠬᠢᠯᠡᠭᠦᠯᠦᠭᠰᠡᠨ ᠤ ᠳᠠᠷᠠᠭ᠎ᠠ᠂ ᠪᠠᠶᠢᠴᠠᠭᠠᠯᠲᠠ ᠶᠢᠨ ᠡᠷᠦᠬᠡ ᠶᠢᠨ ᠲᠠᠩᠰᠠ ᠲᠡᠮᠳᠡᠭᠯᠡᠬᠦ ᠨᠥᠬᠦᠪᠥᠷᠢ ︵ᠴᠢᠮᠡᠭᠡ ᠨᠡᠪᠲᠡᠷᠡᠯᠭᠡ ᠶᠢᠨ ᠵᠠᠷᠤᠳᠠᠯ ᠤᠨ ᠳᠠᠭᠠᠭᠠᠴᠢᠯᠠᠯᠲᠠ ᠪᠠᠭᠲᠠᠨ᠎ᠠ︶ ᠶᠢ ᠰᠠᠷ᠎ᠠ ᠪᠦᠷᠢ 200 ᠲᠥᠭᠦᠷᠢᠭ ᠠᠴᠠ ᠳᠣᠤᠷ᠎ᠠ ᠥᠬᠡᠶ ᠪᠣᠯᠭᠠᠨ ᠳᠣᠭᠢᠷᠠᠭᠤᠯᠵᠤ᠂ ᠲᠤᠰᠠᠯᠠᠬᠤ ᠪᠠᠶᠢᠴᠠᠭᠠᠭᠴᠢ ᠶᠢᠨ ᠬᠥᠳᠡᠯᠮᠦᠷᠢ ᠶᠢᠨ ᠬᠥᠯᠥᠰᠥ ᠣᠯᠭᠤᠮᠵᠢ ᠶᠢ ᠰᠠᠷ᠎ᠠ ᠪᠦᠷᠢ 200 ᠲᠥᠭᠦᠷᠢᠭ ᠠᠴᠠ ᠳᠣᠤᠷ᠎ᠠ ᠥᠬᠡᠶ ᠪᠣᠯᠭᠠᠨ ᠳᠣᠭᠢᠷᠠᠭᠤᠯᠪᠠ᠂ ᠡᠯ᠎ᠡ ᠭᠠᠵᠠᠷ ᠣᠷᠣᠨ ᠡᠷᠬᠡᠪᠰᠢ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠠᠷᠠᠳ ᠤᠨ ᠠᠮᠢᠳᠤᠷᠠᠯ ᠤᠨ ᠪᠠᠶᠢᠴᠠᠭᠠᠯᠲᠠ ᠶᠢᠨ ᠡᠨᠡ ᠬᠦ ᠴᠢᠬᠤᠯᠠ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠭᠤᠷᠪᠠ ᠳᠤ ᠠᠵᠢᠯᠲᠠᠨ ᠤ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠣᠭᠢᠷᠠᠭᠤᠯᠬᠤ᠂ ᠨᠡᠶᠢᠭᠡᠮ ᠤᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠶᠢᠴᠠᠭᠠᠬᠤ ᠬᠦᠴᠦᠨ ᠢᠶᠠᠨ ᠲᠡᠭᠦᠯᠳᠡᠷᠵᠢᠭᠦᠯᠬᠦ ᠶᠢ ᠳᠡᠮᠵᠢᠵᠦ᠂ ᠪᠠᠶᠢᠴᠠᠭᠠᠯᠲᠠ ᠳᠤ ᠬᠡᠷᠡᠭᠯᠡᠬᠦ ᠲᠡᠷᠭᠡ᠂ ᠲᠥᠬᠦᠭᠡᠷᠦᠮᠵᠢ ᠵᠡᠷᠭᠡ ᠡᠳ᠋ ᠪᠣᠳᠠᠰ ᠤᠨ ᠬᠡᠷᠡᠭᠴᠡᠭᠡ ᠶᠢ ᠴᠢᠷᠮᠠᠶᠢᠨ ᠬᠠᠩᠭᠠᠵᠤ᠂ ᠡᠯ᠎ᠡ ᠵᠦᠶ᠋ᠯ ᠤᠨ ᠠᠵᠢᠯ ᠢᠶᠠᠨ ᠴᠠᠭ ᠲᠤᠬᠠᠶ ᠳᠤᠨᠢ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃    ︵ᠭᠤᠷᠪᠠ︶ ᠬᠠᠤᠯᠢ ᠲᠣᠭᠲᠠᠭᠠᠯ ᠶᠣᠰᠣᠭᠠᠷ᠂ ᠶᠠᠰᠤ ᠴᠢᠨᠠᠷ ᠤᠨ ᠡᠵᠡᠮᠳᠡᠯ ᠢ ᠴᠢᠩᠳᠠᠯᠠᠨ᠎ᠠ᠃ ᠡᠯ᠎ᠡ ᠭᠠᠵᠠᠷ ᠣᠷᠣᠨ ᠨᠤᠭᠤᠳ ᠶᠡᠭᠡ ᠥᠯᠢᠭᠡᠷ ᠢ ᠡᠭᠡᠯᠵᠢᠯᠡᠨ ᠰᠣᠯᠢᠵᠤ ᠥᠯᠢᠭᠡᠷ ᠠᠪᠬᠤ ᠲᠥᠰᠦᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠪᠥᠬᠦ ᠶᠠᠪᠤᠴᠠ ᠶᠢᠨ ᠶᠠᠰᠤ ᠴᠢᠨᠠᠷ ᠤᠨ ᠡᠵᠡᠮᠳᠡᠯ ᠢ ᠴᠢᠩᠭᠠᠳᠬᠠᠨ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠵᠤ ᠬᠠᠭᠤᠷᠮᠠᠭ ᠢᠶᠠᠷ ᠵᠣᠬᠢᠶᠠᠬᠤ ᠶᠢ ᠡᠷᠡᠰ ᠰᠡᠷᠭᠡᠶᠢᠯᠡᠵᠦ᠂ ᠡᠯ᠎ᠡ ᠭᠤᠭᠴᠤᠭ᠎ᠠ ᠶᠢᠨ ᠠᠵᠢᠯ ᠤᠨ ᠬᠠᠤᠯᠢ ᠲᠣᠭᠲᠠᠭᠠᠯ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠵᠢᠷᠤᠮᠵᠢᠯ ᠲᠠᠢ ᠪᠠᠶᠢᠬᠤ ᠶᠢ ᠦᠨᠡᠨᠬᠦ ᠪᠠᠲᠤᠯᠠᠵᠤ᠂ ᠶᠡᠭᠡ ᠥᠯᠢᠭᠡᠷ ᠢ ᠡᠭᠡᠯᠵᠢᠯᠡᠨ ᠰᠣᠯᠢᠬᠤ ᠠᠵᠢᠯ ᠤᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠪᠠᠶᠢᠴᠠᠭᠠᠯᠲᠠ ᠶᠢᠨ ᠵᠢᠵᠢᠭ ᠲᠣᠭᠤᠷᠢᠭ ᠪᠠ ᠪᠠᠶᠢᠴᠠᠭᠠᠯᠲᠠ ᠶᠢᠨ ᠥᠯᠢᠭᠡᠷ ᠳᠡᠪᠲᠡᠷ ᠤᠨ ᠥᠯᠢᠭᠡᠷ ᠠᠪᠬᠤ ᠬᠠᠪᠢᠰᠤ ᠶᠢ ᠬᠢᠨᠠᠨ ᠬᠠᠷᠭᠤᠭᠤᠯᠬᠤ᠂ ᠥᠯᠢᠭᠡᠷ ᠳᠡᠪᠲᠡᠷ ᠢ  ᠰᠣᠩᠭᠤᠬᠤ᠂ ᠪᠠᠶᠢᠳᠠᠯ ᠢ ᠤᠶᠢᠯᠠᠭᠠᠨ ᠪᠠᠶᠢᠴᠠᠭᠠᠬᠤ ᠪᠠ ᠨᠠᠶᠢᠳᠠᠪᠤᠷᠢᠵᠢᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠠᠵᠢᠯ ᠢ ᠡᠷᠬᠡᠪᠰᠢ ᠰᠠᠶᠢᠲᠤᠷ ᠠᠳᠬᠤᠬᠤ ᠬᠡᠷᠡᠭᠲᠡᠶ᠃ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠤᠨ ᠬᠡᠷᠡᠭᠯᠡᠯᠲᠡ ᠶᠢ ᠴᠢᠩᠭᠠᠳᠬᠠᠵᠤ᠂ ᠰᠢᠨ᠎ᠡ ᠵᠠᠭᠪᠤᠷ ᠲᠤ ᠡᠯᠧᠺᠲᠷᠣᠨ ᠲᠠᠩᠰᠠ ᠲᠡᠮᠳᠡᠭᠯᠡᠬᠦ ᠶᠢ ᠢᠳᠡᠪᠬᠢᠲᠡᠶ ᠳᠡᠯᠭᠡᠷᠡᠭᠦᠯᠵᠦ᠂ ᠲᠤᠭ᠎ᠠ ᠪᠠᠷᠢᠮᠲᠠ ᠶᠢ ᠴᠤᠭᠯᠠᠭᠤᠯᠤᠨ ᠰᠢᠢᠳᠪᠦᠷᠢᠡᠯᠬᠦ ᠦᠷ᠎ᠡ ᠪᠦᠲᠦᠮᠵᠢ ᠪᠠ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ᠃    ︵ᠳᠥᠷᠪᠡ︶ ᠨᠠᠷᠢᠯᠢᠭ ᠵᠢᠯᠣᠭᠤᠳᠴᠤ᠂ ᠪᠣᠯᠪᠠᠰᠤᠷᠠᠭᠤᠯᠤᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠶᠡᠭᠡ ᠥᠯᠢᠭᠡᠷ ᠢ ᠡᠭᠡᠯᠵᠢᠯᠡᠨ ᠰᠣᠯᠢᠬᠤ ᠠᠵᠢᠯ ᠤᠨ ᠭᠤᠭᠴᠤᠭ᠎ᠠ ᠣᠯᠠᠨ᠂ ᠮᠡᠷᠭᠡᠵᠢᠯ ᠤᠨ ᠬᠦᠴᠢᠷᠳᠡᠯ ᠶᠡᠭᠡ᠂ ᠴᠠᠭ ᠤᠨ ᠲᠣᠬᠢᠷᠠᠭᠤᠯᠤᠯᠲᠠ ᠪᠠᠴᠢᠮ ᠪᠣᠯᠬᠤᠷ᠂ ᠡᠯ᠎ᠡ ᠭᠠᠵᠠᠷ ᠣᠷᠣᠨ ᠨᠤᠭᠤᠳ ᠪᠣᠯᠪᠠᠰᠤᠷᠠᠭᠤᠯᠤᠯ ᠤᠨ ᠠᠭᠤᠯᠭ᠎ᠠ ᠪᠠᠨ ᠨᠠᠷᠢᠯᠢᠬᠵᠢᠭᠤᠯᠵᠤ᠂ ᠪᠣᠯᠪᠠᠰᠤᠷᠠᠭᠤᠯᠤᠯ ᠤᠨ ᠬᠡᠯᠪᠡᠷᠢ ᠪᠠᠨ ᠪᠠᠶᠠᠯᠢᠭᠵᠢᠭᠤᠯᠤᠨ ᠂ ᠭᠤᠤᠯᠳᠠᠯᠭ᠎ᠠ ᠲᠠᠢ ᠪᠡᠷᠬᠡ ᠭᠤᠭᠴᠤᠭ᠎ᠠ ᠪᠠ ᠪᠣᠳᠠᠲᠠᠶ ᠠᠵᠢᠯᠯᠠᠬᠤ ᠠᠷᠭ᠎ᠠ ᠶᠢᠨ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠪᠣᠯᠪᠠᠰᠤᠷᠠᠭᠤᠯᠤᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ᠂ ᠲᠤᠬᠠᠶ ᠶᠢᠨ ᠭᠠᠵᠠᠷ ᠤᠨ ᠵᠢᠭᠠᠨ ᠰᠤᠷᠭᠠᠯᠲᠠ ᠪᠠ ᠲᠤᠬᠠᠶ ᠶᠢᠨ ᠭᠠᠵᠠᠷ ᠤᠨ ᠵᠢᠯᠣᠭᠤᠳᠣᠯᠭ᠎ᠠ ᠶᠢ ᠲᠤᠬᠠᠶ ᠶᠢᠨ ᠭᠠᠵᠠᠷ ᠲᠤᠨᠢ ᠭᠦᠨᠵᠡᠭᠡᠶ ᠴᠠᠭ ᠲᠤᠨᠢ ᠳᠣᠭᠢᠷᠠᠭᠤᠯᠤᠨ ᠥᠷᠨᠢᠭᠦᠯᠵᠦ᠂ ᠦᠨᠳᠦᠰᠦᠨ ᠱᠠᠲᠤᠨ ᠤ ᠪᠠᠶᠢᠴᠠᠭᠠᠬᠤ ᠠᠵᠢᠯᠲᠠᠨ ᠤ ᠲᠥᠰᠦᠯ ᠤᠨ ᠱᠠᠭᠠᠷᠳᠠᠯᠭ᠎ᠠ ᠶᠢ ᠪᠣᠯᠪᠠᠰᠤᠷᠠᠩᠭᠤᠶ ᠡᠵᠡᠮᠰᠢᠬᠦ ᠪᠠ ᠴᠢᠩᠭ᠎ᠠ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃    ︵ᠲᠠᠪᠤ︶ ᠠᠮᠢᠳᠤᠯᠢᠭ ᠪᠥᠭᠡᠳ ᠣᠯᠠᠨ ᠶᠠᠩᠵᠤ ᠶᠢᠨ ᠪᠠᠶᠢᠵᠤ᠂ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠨᠤᠭᠤᠳ ᠤᠯᠠᠮᠵᠢᠯᠠᠯᠲᠤ ᠪᠠ ᠰᠢᠨ᠎ᠡ ᠮᠠᠶ᠋ᠢᠭ ᠤᠨ ᠵᠠᠭᠤᠴᠢᠯᠠᠭᠤᠷ ᠢ ᠭᠦᠢᠴᠡᠳ ᠠᠰᠢᠭᠯᠠᠨ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠢᠶᠠᠷ ᠣᠯᠠᠨ ᠶᠠᠩᠵᠤ ᠶᠢᠨ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠠᠵᠢᠯ ᠤᠨ ᠤᠬᠠᠭᠤᠯᠭ᠎ᠠ ᠶᠢ ᠶᠡᠭᠡ ᠪᠠᠷ ᠥᠷᠨᠢᠭᠦᠯᠵᠦ᠂ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠤᠬᠠᠶ ᠨᠡᠶᠢᠭᠡᠮ ᠤᠨ ᠡᠯ᠎ᠡ ᠡᠲᠡᠭᠡᠳ ᠤᠨ ᠣᠶᠢᠯᠠᠭᠠᠬᠤ ᠬᠡᠮᠵᠢᠶ᠎ᠡ ᠶᠢ ᠥᠷᠭᠡᠳᠬᠡᠵᠦ᠂ ᠪᠠᠶᠢᠴᠠᠭᠠᠬᠤ ᠠᠵᠢᠯᠲᠠᠨ ᠪᠠ ᠪᠠᠶᠢᠴᠠᠭᠠᠭᠳᠠᠬᠤ ᠡᠲᠡᠭᠡᠳ ᠤᠨ ᠬᠠᠤᠯᠢ ᠪᠠᠷ ᠵᠠᠰᠠᠬᠤ ᠦᠵᠡᠯ ᠤᠬᠠᠮᠰᠠᠷ ᠢ ᠨᠡᠮᠡᠭᠳᠡᠭᠦᠯᠦᠨ᠂ ᠪᠠᠶᠢᠴᠠᠭᠠᠭᠳᠠᠬᠤ ᠡᠲᠡᠭᠡᠳ ᠤᠨ ᠤᠯᠤᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠳᠤ ᠣᠷᠣᠯᠴᠠᠬᠤ ᠬᠠᠷᠢᠭᠤᠴᠠᠯᠭᠠᠲᠤ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠳᠡᠭᠡᠭᠰᠢᠯᠡᠭᠦᠯᠵᠦ᠂ ᠪᠠᠶᠢᠴᠠᠭᠠᠭᠳᠠᠬᠤ ᠡᠲᠡᠭᠡᠳ ᠤᠨ ᠢᠳᠡᠪᠬᠢᠵᠢᠯ ᠪᠠ ᠬᠠᠮᠵᠢᠯᠴᠠᠬᠤ ᠬᠡᠮᠵᠢᠶ᠎ᠡ ᠶᠢ ᠨᠡᠮᠡᠭᠳᠡᠭᠦᠯᠦᠨ᠎ᠡ᠃      ︵ᠵᠢᠷᠭᠤᠭ᠎ᠠ︶ ᠪᠡᠯᠡᠳᠬᠡᠯ ᠲᠥᠰᠦᠯ ᠲᠣᠭᠲᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠨᠢᠭᠡᠳᠦᠯᠲᠡᠶ ᠲᠥᠯᠥᠪᠯᠡᠨ᠎ᠡ᠃ ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠶᠡᠭᠡ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠬᠡᠷᠡᠭᠲᠡᠶ᠃ ᠪᠠᠶᠢᠴᠠᠭᠠᠬᠤ ᠠᠵᠢᠯᠳᠠᠨ ᠪᠠ ᠪᠠᠶᠢᠴᠠᠭᠠᠭᠳᠠᠬᠤ ᠡᠲᠡᠭᠡᠳ ᠤᠨ ᠪᠡᠶ᠎ᠡ ᠶᠢᠨ ᠠᠮᠤᠷ ᠲᠦᠪᠰᠢᠨ ᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠵᠤ᠂ ᠲᠤᠬᠠᠶ ᠶᠢᠨ ᠲᠠᠯᠠᠪᠤᠷ ᠲᠤ ᠦᠯᠢᠭᠡᠷ ᠠᠪᠴᠤ ᠪᠠᠶᠢᠴᠠᠭᠠᠯᠲᠠ ᠬᠢᠬᠦ ᠳᠡᠭᠡᠨ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠡᠭᠦᠰᠴᠦ ᠮᠡᠳᠡᠬᠦ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠳᠤ ᠴᠢᠭᠯᠡᠭᠦᠯᠦᠨ ᠠᠵᠢᠯ ᠤᠨ ᠲᠥᠰᠦᠯ ᠢ ᠤᠷᠢᠳᠴᠢᠯᠠᠨ ᠲᠣᠭᠲᠠᠭᠠᠬᠤ ᠬᠡᠷᠡᠭᠲᠡᠢ᠃ ᠲᠣᠰ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠪᠠᠶᠢᠳᠠᠯ ᠢ ᠨᠢᠭᠲᠠ ᠠᠩᠬᠠᠷᠴᠤ᠂ ᠴᠢᠬᠤᠯᠠ ᠶᠡᠭᠡ ᠪᠠᠶᠢᠳᠠᠯ ᠲᠣᠬᠢᠶᠠᠯᠳᠤᠪᠠᠯ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠪᠠᠶᠢᠭᠤᠯᠤᠮᠵᠢ ᠳᠤ ᠴᠠᠭ ᠲᠤᠬᠠᠶ ᠳᠤᠨᠢ ᠮᠡᠳᠡᠭᠦᠯᠦᠨ ᠵᠢᠭᠠᠪᠤᠷᠢ ᠠᠪᠬᠤ ᠬᠡᠷᠡᠭᠲᠡᠶ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号