ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠬᠢᠩᠭᠠᠨ ᠠᠶᠢᠮᠠᠭ ᠤᠨ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠶᠢ ᠬᠠᠮᠢᠶᠠᠷᠤᠨ ᠡᠵᠡᠮᠳᠡᠬᠦ ᠠᠵᠢᠯ ᠤᠨ ᠴᠡᠭᠴᠡᠯᠡᠨ ᠰᠠᠶᠢᠵᠢᠷᠠᠭᠤᠯᠬᠤ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ  ᠮᠡᠳᠡᠭᠳᠡᠯ
ᠨᠡᠶᠢᠲᠡᠯᠡᠭᠰᠡᠨ ᠴᠠᠭ᠄
2022/4/18
            ᠬᠢᠩᠭᠠᠨ ᠵᠠᠬᠢᠷᠭ᠎ᠠ ᠠᠯᠪᠠᠨ ᠥᠰᠥᠭ ﹇2022﹈ 9 ᠳ᠋ᠤᠭᠡᠷ ᠲᠣᠭᠠᠲᠤ    ᠤᠯᠠᠭᠠᠨᠬᠤᠲᠠ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ᠄    ᠡᠳᠦᠭᠡ ︽ᠬᠢᠩᠭᠠᠨ ᠠᠶᠢᠮᠠᠭ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠵᠤ ᠬᠠᠮᠢᠶᠠᠷᠤᠨ ᠡᠵᠡᠮᠳᠡᠬᠦ ᠠᠵᠢᠯ ᠤᠨ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠢᠯᠡᠳᠲᠡ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠤ᠂ ᠵᠢᠱᠢᠭᠰᠡᠨ ᠬᠠᠷᠠᠯᠲᠠ ᠳᠠᠭᠠᠨ ᠬᠥᠷᠬᠦ ᠶᠢ ᠪᠠᠲᠤᠯᠠᠭᠠᠷᠠᠶ᠃                                       2022 ᠣᠨ ᠤ 3 ᠰᠠᠷ᠎ᠠ ᠶᠢᠨ 11                        ᠵᠢᠷᠤᠭᠳᠤ ᠲᠠᠶᠢᠯᠤᠮᠵᠢ᠄ ᠬᠢᠩᠭᠠᠨ ᠠᠶᠢᠮᠠᠭ ᠤᠨ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠶᠢ ᠬᠠᠮᠢᠶᠠᠷᠤᠨ ᠡᠵᠡᠮᠳᠡᠬᠦ ᠠᠵᠢᠯ ᠤᠨ ᠴᠡᠭᠴᠡᠯᠡᠨ ᠰᠠᠶᠢᠵᠢᠷᠠᠭᠤᠯᠬᠤ ᠲᠥᠰᠦᠯ 2022 ᠣᠨ ᠤ 3 ᠰᠠᠷ᠎ᠠ ᠶᠢᠨ 11 ᠤ ᠡᠳᠦᠷ᠂ ᠮᠠᠨ ᠤ ᠠᠶᠢᠮᠠᠭ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠶᠢ ᠬᠠᠮᠢᠶᠠᠷᠤᠨ ᠡᠵᠡᠮᠳᠡᠬᠦ ᠠᠵᠢᠯ ᠨᠢ ᠬᠦᠴᠦᠨ ᠥᠬᠡᠶ ᠠᠴᠠ ᠪᠣᠯᠵᠣ ᠥᠪᠡᠷᠲᠡᠭᠡᠨ ᠵᠠᠰᠠᠬᠤ ᠣᠷᠣᠨ ᠤ ᠠᠮᠢ ᠠᠬᠤᠶ  ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠳᠤ ᠪᠣᠯᠵᠣᠨ ᠶᠠᠷᠢᠯᠴᠠᠭᠳᠠᠪᠠ᠃ ᠪᠣᠯᠵᠣᠨ ᠶᠠᠷᠢᠯᠴᠠᠬᠤ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ ᠰᠠᠶᠢᠲᠤᠷ ᠠᠳᠬᠤᠬᠤ ᠶᠢᠨ ᠲᠥᠯᠥᠭᠡ᠂ ᠣᠨᠴᠠᠭᠠᠶᠢᠯᠠᠨ ᠲᠤᠰ ᠲᠥᠰᠦᠯ ᠢ ᠲᠣᠭᠲᠠᠭᠠᠪᠠ᠃    ᠨᠢᠭᠡ᠂ ᠠᠵᠢᠯ ᠤᠨ ᠬᠠᠷᠠᠯᠲᠠ    ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠬᠠᠮᠢᠶᠠᠷᠤᠯᠲᠠ ᠡᠵᠡᠮᠳᠡᠯ ᠤᠨ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ᠂ ᠶᠡᠷᠦᠩᠬᠡᠶᠢᠯᠡᠨ ᠵᠠᠰᠠᠬᠤ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠬᠤᠰᠢᠭᠤ ᠰᠢᠶᠠᠨ ᠬᠤᠲᠠ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠬᠠᠮᠲᠤᠷᠠᠨ ᠬᠥᠳᠡᠯᠦᠯᠴᠡᠭᠰᠡᠨ ᠠᠵᠢᠯ ᠤᠨ ᠪᠠᠶᠢᠷᠢᠰᠢᠯ ᠢ ᠪᠦᠷᠢᠨᠰᠢᠬᠦᠯᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠰᠥᠨᠢ ᠪᠠᠷ ᠱᠠᠯᠠᠪᠳᠠᠨ ᠪᠠᠶᠢᠴᠠᠭᠠᠬᠤ᠂ ᠭᠤᠤᠯᠳᠠᠯᠭ᠎ᠠ ᠲᠠᠢ ᠰᠤᠭᠤᠴᠢᠨ ᠪᠠᠶᠢᠴᠠᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠲᠣᠤᠷ ᠰᠦᠯᠵᠢᠶ᠎ᠡ ᠶᠢ ᠨᠢᠭᠲᠠ ᠴᠢᠩᠭ᠎ᠠ᠂ ᠬᠠᠤᠯᠢ ᠬᠡᠷᠡᠭᠵᠢᠭᠦᠯᠦᠨ ᠲᠣᠭᠤᠷᠢᠨ ᠪᠠᠶᠢᠴᠠᠭᠠᠬᠤ ᠶᠢ ᠴᠢᠩᠭ᠎ᠠ᠂ ᠭᠤᠤᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠡᠵᠡᠮᠳᠡᠬᠦ᠂ ᠬᠠᠤᠯᠢ ᠠᠴᠠ ᠵᠥᠷᠢᠴᠡᠭᠰᠡᠳ ᠢ ᠵᠠᠯᠬᠠᠭᠠᠨ ᠴᠡᠭᠡᠷᠯᠡᠭᠦᠯᠬᠦ ᠶᠢ ᠴᠢᠩᠭ᠎ᠠ  ᠭᠦᠢᠴᠡᠳᠭᠡᠵᠦ᠂ ᠮᠠᠨ ᠤ ᠠᠶᠢᠮᠠᠭ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠵᠤ ᠬᠠᠮᠢᠶᠠᠷᠤᠨ ᠡᠵᠡᠮᠳᠡᠬᠦ ᠠᠵᠢᠯ ᠤᠨ ᠡᠯ᠎ᠡ ᠵᠦᠢᠯ  ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠤᠶᠠᠷ᠂ ᠠᠵᠢᠯ   ᠤᠨ ᠭᠤᠣᠯᠳᠠᠯᠭ᠎ᠠ    ︵ᠨᠢᠭᠡ︶ ᠭᠤᠤᠯᠳᠠᠯᠭ᠎ᠠ ᠲᠠᠢ ᠴᠠᠭ ᠤᠨ ᠬᠡᠰᠡᠭ 2 ᠰᠠᠷ᠎ᠠ ᠶᠢᠨ 1 ᠤ ᠡᠳᠦᠷ — 4  ᠰᠠᠷ᠎ᠠ ᠶᠢᠨ30 ᠤ ᠡᠳᠦᠷ    ︵ᠬᠤᠶᠠᠷ︶ ᠭᠤᠣᠯᠳᠠᠯᠭ᠎ᠠ ᠲᠠᠢ ᠣᠷᠣᠨ ᠪᠦᠰᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠤᠯᠠᠭᠠᠨᠬᠤᠲᠠ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠲᠦᠴᠢᠦᠸᠠᠨ ᠰᠢᠶᠠᠨ    ᠭᠤᠷᠪᠠ᠂ ᠠᠵᠢᠯ ᠤᠨ ᠠᠷᠭ᠎ᠠ ᠬᠡᠮᠵᠢᠶ᠎ᠡ    ︵ᠨᠢᠭᠡ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠨ ᠡᠵᠡᠮᠳᠡᠬᠦ ᠲᠣᠤᠷ ᠰᠦᠯᠵᠢᠶ᠎ᠡ ᠶᠢ ᠨᠢᠭᠲᠠ ᠰᠦᠯᠵᠢᠨ᠎ᠡ    ᠠᠶᠢᠮᠠᠭ ᠤᠨ ᠵᠠᠬᠢᠷᠭ᠎ᠠ ᠨᠢ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠᠷ ᠲᠦᠷᠦᠭᠦᠯᠡᠭᠦᠯᠦᠭᠰᠡᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠣᠷᠣᠯᠴᠠᠭᠰᠠᠨ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠨᠤᠭᠤᠳ ᠠᠵᠢᠯ ᠤᠨ ᠲᠤᠰᠬᠠᠶ ᠠᠩᠭᠢ ᠶᠢ ᠵᠣᠬᠢᠴᠠᠩᠭᠤᠶ ᠪᠠᠷ ᠪᠠᠶᠢᠭᠤᠯᠵᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ ᠱᠠᠭᠠᠷᠳᠠᠯᠭ᠎ᠠ ᠶᠣᠰᠣᠭᠠᠷ᠂ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠭᠤᠤᠯ ᠬᠠᠷᠢᠭᠤᠴᠠᠯᠭ᠎ᠠ ᠶᠢ ᠡᠭᠦᠷᠭᠡᠯᠡᠬᠦ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠨᠢᠭᠡᠳᠦᠭᠡᠷ ᠬᠠᠷᠢᠭᠤᠴᠠᠯᠭ᠎ᠠ ᠶᠢ ᠡᠭᠦᠷᠭᠡᠯᠡᠬᠦ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠪᠣᠳᠠᠲᠠᠶ ᠬᠠᠷᠢᠭᠤᠴᠠᠯᠭ᠎ᠠ ᠶᠢ ᠡᠭᠦᠷᠭᠡᠯᠡᠬᠦ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠣᠶ ᠪᠣᠯᠭᠠᠵᠤ᠂ ᠱᠠᠲᠤ ᠱᠠᠲᠤ ᠪᠠᠷ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠬᠤ ᠬᠡᠷᠡᠭᠲᠡᠶ᠃ ᠠᠶᠢᠮᠠᠭ — ᠬᠤᠰᠢᠭᠤ — ᠰᠢᠶᠠᠩ — ᠲᠣᠰᠬᠤᠨ — ᠳᠤᠭᠤᠶᠢᠯᠠᠩ ᠨᠢ ᠱᠠᠲᠤ ᠳᠠᠷᠠᠭᠠᠯᠠᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠬᠥᠮᠦᠨ ᠪᠠ ᠠᠵᠢᠯ ᠤᠨ ᠪᠠᠶᠢᠷᠢ ᠳᠤ ᠬᠦᠷᠲᠡᠯ᠎ᠡ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠭᠠᠵᠠᠷ ᠪᠣᠯᠭᠠᠨ ᠳᠤ ᠴᠥᠮ ᠲᠤᠰᠬᠠᠶ ᠬᠥᠮᠦᠨ ᠢᠶᠠᠷ ᠬᠢᠨᠠᠨ ᠬᠠᠮᠢᠶᠠᠷᠤᠭᠤᠯᠵᠤ᠂ ᠡᠰᠢ ᠰᠦᠷᠡᠯ ᠢ ᠬᠤᠯᠠᠭᠠᠶᠢᠯᠠᠨ ᠰᠢᠲᠠᠭᠠᠬᠤ ᠬᠡᠷᠡᠭ ᠡᠭᠦᠰᠬᠦ ᠶᠢ ᠡᠷᠡᠰ ᠬᠤᠷᠢᠭᠯᠠᠵᠤ᠂ ᠡᠳᠦᠷ ᠲᠡᠭᠡᠨ ᠲᠠᠮᠠᠬᠢ ᠥᠬᠡᠶ᠂ ᠰᠥᠨᠢ ᠳᠡᠭᠡᠨ ᠬᠡᠷᠡᠯ ᠥᠬᠡᠶ᠂ ᠲᠠᠷᠢᠶᠠᠨ ᠭᠠᠵᠠᠷ ᠲᠤ ᠲᠣᠯᠪᠤ ᠥᠬᠡᠶ ᠪᠣᠯᠭᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃    ︵ᠬᠤᠶᠠᠷ︶ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠳᠬᠡᠨ᠎ᠡ    ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠠᠮᠢ ᠠᠬᠤᠶ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ  ᠨᠤᠳᠤᠭ ᠪᠡᠯᠴᠢᠭᠡᠷ᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠳᠦᠷ ᠲᠤᠲᠤᠮ ᠤᠨ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠯᠲᠠ ᠥᠷᠨᠢᠭᠦᠯᠵᠦ᠂ ᠰᠥᠨᠢ ᠪᠠᠷ ᠱᠠᠯᠠᠪᠳᠠᠨ ᠪᠠᠶᠢᠴᠠᠭᠠᠵᠤ᠂ ᠭᠤᠤᠯᠳᠠᠯᠭ᠎ᠠ ᠲᠠᠢ ᠰᠤᠭᠤᠴᠢᠨ ᠪᠠᠶᠢᠴᠠᠭᠠᠨ᠎ᠠ᠃ ᠢᠯᠠᠩᠭᠤᠶ᠎ᠠ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠥᠮᠦᠰ ᠢ ᠪᠦᠬᠦ ᠡᠳᠦᠷ ᠢᠶᠠᠷ ᠢᠶᠠᠨ ᠠᠩᠬᠠᠷᠴᠤ᠂ ᠴᠢᠩᠭ᠎ᠠ ᠰᠡᠷᠭᠡᠶᠢᠯᠡᠨ ᠦᠬᠦᠮᠡᠯ ᠢᠶᠠᠷ ᠰᠠᠬᠢᠵᠤ᠂ ᠡᠰᠢ ᠰᠦᠷᠡᠯ ᠢ ᠵᠠᠳᠠᠭᠠᠢ ᠪᠠᠷ ᠰᠢᠲᠠᠭᠠᠬᠤ ᠠᠵᠢᠯᠯᠠᠭ᠎ᠠ ᠶᠢ ᠴᠤᠬᠤᠶᠢᠪᠠᠯ ᠳᠠᠷᠤᠢ ᠳᠤᠨᠢ ᠰᠢᠢᠳᠪᠦᠷᠢᠯᠡᠵᠦ᠂ ᠡᠰᠢ ᠰᠦᠷᠡᠯ ᠢ ᠰᠢᠲᠠᠭᠠᠭᠠᠳ ᠠᠭᠠᠷ ᠮᠠᠨᠳᠠᠯ ᠢ ᠪᠣᠬᠢᠷᠲᠤᠭᠤᠯᠤᠭᠰᠠᠨ᠂ ᠭᠠᠯ ᠤᠨ ᠠᠶᠤᠯ ᠡᠭᠦᠰᠭᠡᠭᠰᠡᠨ ᠵᠡᠷᠭᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠢᠯᠠᠩᠭᠤᠶ᠎ᠠ ᠡᠰᠢ ᠰᠦᠷᠡᠯ ᠢ ᠰᠢᠲᠠᠭᠠᠭᠰᠠᠨ ︽ᠠᠩᠬᠠᠨ ᠤ ᠭᠠᠯ︾ ᠢ ᠲᠦᠷᠭᠡᠨ ᠪᠥᠭᠡᠳ ᠬᠦᠨᠳᠦ ᠪᠠᠷ ᠰᠢᠢᠳᠪᠦᠷᠢᠯᠡᠵᠦ᠂ ᠨᠢᠭᠡ ᠴᠡᠭ ᠲᠤ ᠴᠣᠬᠢᠯᠲᠠ ᠥᠭᠴᠦ᠂ ᠨᠢᠭᠡ ᠶᠡᠭᠡ ᠬᠡᠰᠡᠭ ᠢ ᠳᠣᠷᠭᠢᠭᠤᠯᠤᠨ ᠰᠡᠭᠦᠳᠡᠷᠯᠡᠬᠦ ᠬᠦᠴᠦᠷᠬᠡᠭ ᠶᠡᠭᠡ ᠰᠡᠷᠡᠮᠵᠢᠯᠡᠭᠦᠯᠬᠦ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ᠃ ᠡᠭᠦᠨ ᠤ ᠵᠡᠷᠭᠡᠴᠡᠭᠡᠪᠡᠷ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠴᠢᠳᠠᠪᠤᠷᠢ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃    ︵ᠭᠤᠷᠪᠠ︶ ᠡᠳᠦᠷ ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ    ᠪᠥᠬᠦ ᠠᠶᠢᠮᠠᠭ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠤᠨ ᠲᠦᠷ ᠴᠠᠭ ᠤᠨ ᠲᠣᠬᠢᠷᠠᠭᠤᠯᠤᠯᠲᠠ ᠶᠢᠨ ᠸᠢᠴᠠᠲ   ᠬᠤᠯᠪᠤᠭ᠎ᠠ ᠶᠢ ᠪᠠᠶᠢᠭᠤᠯᠵᠤ᠂ ᠡᠯ᠎ᠡ ᠬᠤᠰᠢᠭᠤ ᠰᠢᠶᠠᠨ ᠬᠤᠲᠠ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠨᠥᠬᠦᠳ ᠢ ᠡᠭᠦᠨ ᠳᠤ ᠣᠷᠣᠭᠤᠯᠤᠨ᠂ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠳᠣᠭᠢᠷᠠᠭᠤᠯᠵᠤ᠂ ᠠᠵᠢᠯ ᠤᠨ ᠲᠤᠷᠰᠢᠯᠭ᠎ᠠ ᠪᠠᠨ ᠰᠣᠯᠢᠯᠴᠠᠨ ᠬᠤᠪᠢᠶᠠᠯᠴᠠᠨ᠎ᠠ᠃ 3 ᠳ᠋ᠤᠭᠠᠷ ᠰᠠᠷ᠎ᠠ ᠶᠢᠨ 12 ᠤᠨ ᠡᠳᠦᠷ ᠠᠴᠠ ᠡᠬᠢᠯᠡᠨ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠬᠠᠮᠢᠶᠠᠷᠤᠨ ᠡᠵᠡᠮᠳᠡᠬᠦ ᠠᠵᠢᠯ ᠤᠨ ᠡᠳᠦᠷ ᠤᠨ ᠮᠡᠳᠡᠭᠦᠯᠦᠯᠲᠡ᠂ ᠭᠠᠷᠠᠭ ᠤᠨ ᠵᠢᠵᠢᠭ ᠳ᠋ᠦᠩᠨᠡᠯᠲᠡ ᠬᠢᠬᠦ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠡᠳᠦᠷ ᠪᠦᠷᠢ ᠶᠢᠨ ᠦᠳᠡ ᠶᠢᠨ ᠡᠮᠦᠨᠡᠬᠢ 10 ᠴᠠᠭ ᠠᠴᠠ ᠡᠮᠦᠨ᠎ᠡ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠡᠮᠦᠨ᠎ᠡ ᠨᠢᠭᠡ ᠡᠳᠦᠷ ᠤᠨ ᠲᠣᠭᠤᠷᠢᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ︵ᠡᠰᠢ ᠰᠦᠷᠡᠯ ᠤᠨ ᠭᠠᠯᠳᠠᠭᠰᠠᠨ ᠴᠡᠭ ᠤᠨ ᠲᠤᠭ᠎ᠠ ᠬᠡᠮᠵᠢᠶ᠎ᠡ᠂ ᠴᠡᠭ ᠪᠠᠶᠢᠷᠢ ᠶᠢᠨ ᠪᠠᠶᠢᠷᠢᠰᠢᠯ᠂ ᠲᠠᠷᠬᠠᠯᠲᠠ ᠶᠢᠨ ᠣᠷᠣᠨ ᠪᠦᠰᠡ᠂ ᠭᠠᠯᠳᠠᠭᠰᠠᠨ ᠲᠠᠯᠠᠪᠠᠶ᠂  ᠰᠢᠢᠳᠪᠦᠷᠢᠯᠡᠭᠰᠡᠨ ᠪᠠᠶᠢᠳᠠᠯ ᠵᠡᠷᠭᠡ ᠶᠢ ᠢᠯᠡᠷᠡᠭᠦᠯᠬᠦ ᠶᠢ ᠪᠠᠭᠲᠠᠭᠠᠨ᠎ᠠ︶ ᠢ ᠪᠢᠴᠢᠭ ᠤᠨ ᠬᠡᠯᠪᠡᠷᠢ ᠪᠠᠷ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠳᠤ ᠮᠡᠳᠡᠭᠦᠯᠵᠦ᠂ ᠬᠤᠷᠢᠶᠠᠩᠭᠤᠶᠢᠯᠠᠭᠰᠠᠨ ᠤ ᠳᠠᠷᠠᠭ᠎ᠠ ᠠᠶᠢᠮᠠᠭ ᠤᠨ ᠵᠠᠬᠢᠷᠭ᠎ᠠ ᠶᠢᠨ ᠬᠤᠯᠪᠣᠭᠳᠠᠯ ᠪᠥᠬᠦᠶ ᠤᠳᠤᠷᠢᠳᠬᠤ ᠨᠥᠬᠦᠳ ᠲᠤ ᠮᠡᠳᠡᠭᠦᠯᠬᠦ ᠶᠢᠨ ᠬᠠᠮᠲᠤ ᠪᠥᠬᠦ ᠠᠶᠢᠮᠠᠭ ᠲᠤ ᠨᠡᠪᠲᠡᠷᠡᠭᠦᠯᠦᠨ᠎ᠡ᠃ ᠡᠯ᠎ᠡ ᠬᠤᠰᠢᠭᠤ ᠰᠢᠶᠠᠨ ᠬᠤᠲᠠ ᠶᠢᠨ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠠᠶᠢᠮᠠᠭ ᠤᠨ ᠵᠠᠬᠢᠷᠭ᠎ᠠ ᠨᠢ ᠵᠠᠳᠠᠯᠤᠨ ᠰᠤᠳᠤᠯᠵᠤ ᠮᠠᠭᠠᠳᠯᠠᠭᠰᠠᠨ ᠰᠠᠭᠤᠷᠢᠨ ᠳᠡᠭᠡᠷ᠎ᠡ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠰᠢᠢᠳᠪᠦᠷᠢᠯᠡᠨ᠎ᠡ᠃ ᠡᠳᠦᠷ ᠤᠨ ᠮᠡᠳᠡᠭᠦᠯᠦᠯᠲᠡ ᠠᠴᠠ ᠭᠠᠳᠠᠨ᠎ᠠ᠂ ᠡᠯ᠎ᠡ ᠬᠤᠰᠢᠭᠤ ᠰᠢᠶᠠᠨ ᠬᠤᠲᠠ ᠨᠤᠭᠤᠳ ᠭᠠᠷᠠᠭ ᠪᠦᠷᠢ ᠶᠢᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠭᠰᠠᠨ ᠠᠵᠢᠯ ᠤᠨ ᠪᠠᠶᠢᠳᠠᠯ ᠢᠶᠠᠨ ᠱᠠᠲᠤ ᠦᠶ᠎ᠡ ᠶᠢᠨ ᠴᠢᠨᠠᠷᠲᠠᠶ ᠳ᠋ᠦᠩᠨᠡᠭᠰᠡᠨ ᠤ ᠳᠠᠷᠠᠭ᠎ᠠ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠶ᠂ ᠪᠣᠳᠠᠲᠠᠶ ᠮᠡᠳᠡᠭᠦᠯᠦᠨ ᠬᠦᠷᠭᠡᠬᠦ ᠴᠠᠭ ᠨᠢ᠄ 3 ᠳ᠋ᠤᠭᠠᠷ ᠰᠠᠷ᠎ᠠ ᠶᠢᠨ 20 ᠤ ᠡᠳᠦᠷ᠂ 3 ᠳ᠋ᠤᠭᠠᠷ ᠰᠠᠷ᠎ᠠ ᠶᠢᠨ 27 ᠤ ᠡᠳᠦᠷ᠂ 4 ᠳ᠋ᠤᠭᠡᠷ ᠰᠠᠷ᠎ᠠ ᠶᠢᠨ 3 ᠤ ᠡᠳᠦᠷ᠂ 4 ᠳ᠋ᠤᠭᠡᠷ ᠰᠠᠷ᠎ᠠ ᠶᠢᠨ 10 ᠤ ᠡᠳᠦᠷ᠂ 4 ᠳ᠋ᠤᠭᠡᠷ ᠰᠠᠷ᠎ᠠ ᠶᠢᠨ 17 ᠤ ᠡᠳᠦᠷ᠂ 4 ᠳ᠋ᠤᠭᠡᠷ ᠰᠠᠷ᠎ᠠ ᠶᠢᠨ 24 ᠤ ᠡᠳᠦᠷ᠂ 4 ᠳ᠋ᠤᠭᠡᠷ ᠰᠠᠷ᠎ᠠ ᠶᠢᠨ 30 ᠤ ᠡᠳᠦᠷ ᠪᠣᠯᠤᠨ᠎ᠠ᠃    ︵ᠲᠥᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠰᠠᠶᠢᠨ ᠰᠠᠶᠢᠬᠠᠨ ᠬᠡᠪ ᠰᠤᠷᠲᠠᠯ ᠢ ᠪᠤᠢ  ᠪᠤᠯᠭᠠᠨ᠎ᠠ    ᠵᠠᠭᠤᠴᠢᠯᠠᠭᠤᠷ᠂ ᠰᠦᠯᠵᠢᠶ᠎ᠡ ᠶᠢᠨ ᠤᠬᠠᠭᠤᠯᠵᠤ ᠬᠥᠲᠥᠯᠦᠨ ᠵᠢᠯᠣᠭᠤᠳᠬᠤ  ᠦᠢᠯᠡᠳᠦᠯ ᠢ  ᠭᠦᠢᠴᠡᠳ ᠰᠠᠶᠢᠲᠤᠷ ᠠᠰᠢᠭᠯᠠᠵᠤ᠂ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠢᠶᠠᠷ ᠣᠯᠠᠨ ᠶᠠᠩᠵᠤ ᠶᠢᠨ᠂ ᠪᠣᠳᠠᠲᠠᠶ ᠳᠤ ᠣᠶᠢᠷᠠᠲᠤᠭᠰᠠᠨ᠂ ᠣᠯᠠᠨ ᠲᠦᠮᠡᠨ ᠳᠤ ᠣᠶᠢᠷᠠᠲᠤᠭᠰᠠᠨ᠂ ᠰᠢᠲᠠᠭᠠᠬᠤ ᠶᠢ ᠴᠠᠭᠠᠵᠠᠯᠠᠬᠤ ᠠᠵᠢᠯ ᠤᠨ ᠬᠡᠷᠡᠭᠴᠡᠭᠡ ᠳᠤ ᠣᠶᠢᠷᠠᠲᠤᠭᠰᠠᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠪᠥᠬᠦ ᠠᠶᠢᠮᠠᠭ ᠲᠤ ᠡᠰᠢ ᠰᠦᠷᠡᠯ ᠢᠶᠠᠷ ᠰᠢᠲᠠᠭᠠᠬᠤ ᠶᠢ ᠴᠠᠭᠠᠵᠠᠯᠠᠬᠤ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠢᠯᠠᠩᠭᠤᠶ᠎ᠠ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠥᠮᠦᠰ ᠲᠤ ᠴᠢᠭᠯᠡᠭᠦᠯᠦᠨ ᠨᠢᠭᠤᠷᠲᠠᠨ ᠤᠬᠠᠭᠤᠯᠭ᠎ᠠ ᠬᠥᠮᠦᠵᠢᠯ ᠬᠢᠵᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢᠨ ᠰᠠᠶᠢᠨ ᠲᠠᠯ᠎ᠠ᠂ ᠨᠥᠬᠦᠪᠥᠷᠢ ᠥᠭᠴᠦ ᠲᠡᠳᠬᠦᠬᠦ ᠲᠥᠷᠥ ᠶᠢᠨ ᠪᠣᠳᠣᠯᠭ᠎ᠠ᠂ ᠡᠰᠢ ᠰᠦᠷᠡᠯ ᠢ ᠰᠢᠲᠠᠭᠠᠬᠤ ᠶᠢᠨ ᠬᠤᠣᠷ ᠬᠥᠨᠥᠭᠡᠯ ᠪᠠ ᠡᠭᠦᠷᠭᠡᠯᠡᠪᠡᠰᠦ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠤᠬᠠᠭᠤᠯᠵᠤ᠂ ᠵᠠᠰᠠᠭ ᠤᠨ ᠣᠷᠳᠣᠨ ᠤ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠤᠨ ᠲᠤᠬᠠᠶ ᠡᠷᠡᠰ ᠵᠣᠷᠢᠭ ᠢ ᠣᠯᠠᠨ ᠲᠦᠮᠡᠨ ᠳᠤ ᠮᠡᠳᠡᠭᠦᠯᠵᠦ᠂ ᠥᠷᠭᠡᠨ ᠣᠯᠠᠨ ᠲᠦᠮᠡᠨ ᠤ ᠦᠵᠡᠯ ᠰᠠᠨᠠᠭ᠎ᠠ ᠲᠠᠨᠢᠯᠲᠠ ᠶᠢ ᠳᠡᠭᠡᠭᠰᠢᠯᠡᠭᠦᠯᠦᠨ᠂ ᠣᠯᠠᠨ ᠲᠦᠮᠡᠨ ᠢ ᠬᠥᠮᠦᠵᠢᠭᠦᠯᠦᠨ ᠬᠥᠲᠥᠯᠦᠨ ᠵᠢᠯᠣᠭᠤᠳᠴᠤ ᠪᠠᠶᠢᠭᠠᠳ ᠡᠰᠢ ᠰᠦᠷᠡᠯ ᠤᠨ ᠡᠬᠢ ᠪᠠᠶᠠᠯᠢᠭ ᠢ ᠨᠠᠨᠳᠢᠩᠨᠠᠵᠤ᠂ ᠡᠰᠢ ᠰᠦᠷᠡᠯ ᠢ ᠰᠢᠲᠠᠭᠠᠭᠰᠠᠨ ᠬᠠᠤᠯᠢ ᠴᠠᠭᠠᠵᠠ ᠶᠢᠨ ᠲᠠᠩᠰᠠ᠂ ᠠᠵᠤ ᠠᠬᠤᠶ ᠶᠢᠨ ᠲᠠᠩᠰᠠ᠂ ᠠᠮᠢ ᠠᠬᠤᠶ ᠶᠢᠨ ᠲᠠᠩᠰᠠ ᠪᠠ ᠡᠷᠡᠭᠦᠯ ᠮᠡᠨᠳᠦ ᠶᠢᠨ ᠲᠠᠩᠰᠠ ᠶᠢ ᠰᠠᠶᠢᠲᠤᠷ ᠪᠤᠳᠤᠵᠤ᠂ ᠣᠯᠠᠨ ᠲᠦᠮᠡᠨ ᠤ ᠣᠶᠢᠯᠠᠭᠠᠯᠲᠠ᠂ ᠳᠡᠮᠵᠢᠯᠭᠡ ᠪᠠ ᠬᠠᠮᠵᠢᠯᠴᠠᠭ᠎ᠠ ᠶᠢ ᠤᠯᠬᠤ ᠬᠡᠷᠡᠭᠲᠡᠶ᠃    ︵ᠲᠠᠪᠤ︶ ᠲᠡᠳᠬᠦᠬᠦ ᠡᠷᠴᠢᠮ ᠢᠶᠠᠨ ᠨᠡᠮᠡᠭᠳᠡᠭᠦᠯᠦᠨ᠂ ᠠᠰᠢᠭᠯᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠤᠨ᠎ᠡ    ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠲᠦᠷᠦᠭᠦᠯᠡᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠠᠵᠢᠯ ᠢ ᠠᠬᠢᠭᠤᠯᠬᠤ ᠲᠤᠰᠬᠠᠶ ᠠᠩᠭᠢ ᠶᠢ ᠪᠠᠶᠢᠭᠤᠯᠵᠤ᠂ ᠲᠥᠷᠥᠯ ᠵᠦᠶ᠋ᠯ ᠤᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠤ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠᠯᠠ ᠮᠥᠩᠭᠦ ᠶᠢ ᠰᠠᠯᠭᠠᠨ ᠥᠭᠬᠦ ᠠᠬᠢᠴᠠ ᠤᠳᠠᠭᠠᠨ ᠪᠠᠶᠢᠬᠤ ᠠᠰᠠᠭᠤᠳᠠᠯ ᠢ  ᠰᠢᠢᠳᠪᠦᠷᠢᠯᠡᠬᠦ ᠶᠢ ᠢᠳᠡᠪᠬᠢᠲᠡᠶ ᠰᠢᠮᠳᠠᠭᠤᠯᠵᠤ᠂ ᠳᠡᠭᠡᠳᠦ ᠱᠠᠲᠤᠨ ᠤ ᠲᠡᠳᠬᠦᠬᠦ ᠪᠠᠯᠠ ᠮᠥᠩᠭᠦ ᠶᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠬᠦ ᠬᠡᠷᠡᠭᠲᠡᠶ᠃ ᠮᠠᠨ ᠤ ᠠᠶᠢᠮᠠᠭ ᠤᠨ ᠡᠰᠢ ᠰᠦᠷᠡᠯ ᠢ ᠪᠣᠷᠳᠤᠭ᠎ᠠ ᠪᠣᠯᠭᠠᠬᠤ᠂ ᠲᠦᠯᠡᠰᠢᠵᠢᠭᠦᠯᠬᠦ ᠲᠠᠯ᠎ᠠ ᠪᠠᠷ ᠬᠢ ᠠᠮᠵᠢᠯᠲᠠ ᠲᠠᠢ ᠲᠤᠷᠰᠢᠯᠭ᠎ᠠ ᠶᠢ ᠤᠯᠠᠮ ᠨᠢᠭᠡ ᠠᠯᠬᠤᠮ ᠳ᠋ᠦᠩᠨᠡᠨ ᠳᠡᠭᠡᠭᠰᠢᠯᠡᠭᠦᠯᠵᠦ᠂ ᠡᠰᠢ ᠰᠦᠷᠡᠯ ᠢ ᠪᠣᠭᠤᠳᠠᠯᠯᠠᠬᠤ ᠮᠠᠰᠢᠨ᠂ ᠪᠣᠭᠤᠵᠢᠯᠠᠬᠤ ᠮᠠᠰᠢᠨ᠂ ᠮᠥᠬᠦᠯᠢᠭᠵᠢᠭᠦᠯᠬᠦ ᠮᠠᠰᠢᠨ ᠳᠤ ᠦᠷᠭᠦᠯᠵᠢᠯᠡᠨ ᠵᠥᠷᠢᠶᠡᠲᠦ ᠲᠣᠭᠠᠨ ᠤ ᠨᠥᠬᠦᠪᠥᠷᠢ ᠥᠭᠴᠦ᠂ ᠡᠰᠢ ᠰᠦᠷᠡᠯ ᠢ ᠬᠤᠷᠢᠶᠠᠨ ᠬᠠᠳᠠᠭᠠᠯᠠᠬᠤ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠷᠢᠶᠠᠨ ᠠᠪᠬᠤ ᠮᠠᠰᠢᠨ ᠲᠥᠬᠦᠭᠡᠷᠦᠮᠵᠢ ᠬᠤᠳᠠᠯᠳᠤᠨ ᠠᠪᠬᠤ ᠶᠢ ᠵᠣᠷᠢᠭᠵᠢᠭᠤᠯᠬᠤ ᠬᠡᠷᠡᠭᠲᠡᠶ  ᠃ ᠲᠤᠰᠬᠠᠶ ᠠᠵᠢᠯ ᠤᠨ ᠬᠤᠷᠰᠢᠶ᠎ᠠ᠂ ᠠᠮᠤ ᠪᠤᠳᠠᠭ᠎ᠠ ᠳᠠᠷᠢᠬᠤ ᠲᠣᠮᠣ ᠡᠷᠦᠬᠡ ᠂ ᠣᠷᠭᠠᠨᠢᠭ ᠪᠣᠷᠲᠣᠭᠤᠷ  ᠦᠢᠯᠡᠳᠪᠦᠷᠢᠯᠡᠬᠦ ᠠᠵᠤ ᠠᠬᠤᠶᠢᠯᠠᠯ ᠤᠨ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ ᠮᠠᠰᠢᠨ ᠬᠤᠳᠠᠯᠳᠤᠨ ᠠᠪᠬᠤ ᠶᠢ ᠵᠣᠷᠢᠭᠵᠢᠭᠤᠯᠵᠤ᠂ ᠬᠠᠮᠢᠶ᠎ᠠ ᠪᠥᠬᠦᠶ ᠮᠡᠷᠭᠡᠵᠢᠯ ᠢ ᠲᠥᠬᠦᠷᠵᠢᠭᠦᠯᠦᠨ᠎ᠡ  ᠃  ᠡᠰᠢ ᠰᠦᠷᠡᠯ ᠢ ᠡᠳ᠋ᠰᠢᠭᠦᠯᠦᠨ ᠮᠥᠬᠦᠯᠢᠭᠲᠦ ᠲᠦᠯᠡᠰᠢ ᠬᠢᠬᠦ᠂ ᠨᠠᠮᠤᠭ ᠤᠨ ᠬᠡᠢ ᠶᠢ ᠦᠢᠯᠡᠳᠪᠦᠷᠢᠯᠡᠬᠦ ᠵᠡᠷᠭᠡ ᠠᠳᠠᠯᠢ ᠪᠤᠰᠤ ᠬᠡᠯᠪᠡᠷᠢ ᠶᠢᠨ ᠲᠦᠯᠡᠰᠢᠵᠢᠭᠦᠯᠦᠨ ᠠᠰᠢᠭᠯᠠᠬᠤ ᠲᠤᠭ᠎ᠠ ᠬᠡᠮᠵᠢᠶ᠎ᠡ ᠶᠢ ᠥᠷᠭᠡᠳᠬᠡᠨ᠎ᠡ᠃ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠠᠵᠢᠯ ᠤᠨ ᠳᠤᠮᠳᠠ᠂ ᠮᠡᠷᠭᠡᠵᠢᠯ ᠤᠨ ᠵᠢᠯᠣᠭᠤᠳᠣᠯᠭ᠎ᠠ᠂ ᠮᠥᠷᠳᠡᠨ ᠦᠢᠯᠡᠴᠢᠯᠡᠬᠦ᠂ ᠪᠣᠯᠪᠠᠰᠤᠷᠠᠭᠤᠯᠤᠨ ᠤᠬᠠᠭᠤᠯᠬᠤ ᠵᠡᠷᠭᠡ ᠢᠵᠢ ᠪᠥᠷᠢᠳᠦᠭᠦᠯᠬᠦ ᠠᠵᠢᠯ ᠢ ᠴᠢᠩᠭᠠᠷᠠᠭᠤᠯᠵᠤ᠂ ᠡᠰᠢ ᠰᠦᠷᠡᠯ ᠢ ᠵᠠᠳᠠᠭᠠᠶ ᠰᠢᠲᠠᠭᠠᠬᠤ ᠠᠰᠠᠭᠤᠳᠠᠯ ᠢ ᠦᠨᠳᠦᠰᠦᠨ ᠠᠴᠠ ᠨᠢ  ᠰᠢᠢᠳᠪᠦᠷᠢᠯᠡᠬᠦ ᠬᠡᠷᠡᠭᠲᠡᠶ᠃    ︵ᠵᠢᠷᠭᠤᠭ᠎ᠠ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠵᠤ᠂ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ    ᠠᠶᠢᠮᠠᠭ ᠤᠨ ᠵᠠᠬᠢᠷᠭ᠎ᠠ ᠶᠢᠨ ᠰᠢᠮᠳᠠᠭᠤᠯᠤᠨ ᠪᠠᠶᠢᠴᠠᠭᠠᠬᠤ ᠲᠠᠰᠤᠭ ᠨᠢ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠤᠯᠪᠣᠭᠠᠯᠠᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠤᠨ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠠᠶᠢᠮᠠᠭ ᠤᠨ ᠨᠠᠮ ᠤᠨ ᠬᠤᠷᠢᠶ᠎ᠠ ᠶᠢᠨ ᠵᠠᠬᠢᠷᠭ᠎ᠠ ᠶᠢᠨ ᠰᠢᠲᠠᠭᠠᠬᠤ ᠶᠢ ᠴᠠᠭᠠᠵᠠᠯᠠᠵᠤ ᠬᠠᠮᠢᠶᠠᠷᠤᠨ ᠡᠵᠡᠮᠳᠡᠬᠦ ᠠᠵᠢᠯ ᠤᠨ ᠡᠯ᠎ᠡ  ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠪᠠ ᠶᠡᠷᠦᠩᠬᠡᠶᠢᠯᠡᠨ ᠠᠰᠢᠭᠯᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠶᠢ ᠬᠠᠮᠢᠶᠠᠷᠤᠨ ᠡᠵᠡᠮᠳᠡᠬᠦ ᠠᠵᠢᠯ ᠢ ᠬᠤᠰᠢᠭᠤ ᠰᠢᠶᠠᠨ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠣᠳᠠᠲᠤ ᠠᠮᠵᠢᠯᠲᠠ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ ᠬᠤᠪᠢ ᠣᠯᠭᠤᠬᠤ ᠬᠤᠪᠢ ᠶᠢᠨ ᠵᠢᠩ ᠢ ᠨᠡᠮᠡᠭᠳᠡᠭᠦᠯᠦᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠤᠭᠰᠠᠨ ᠥᠬᠡᠶ ᠠᠴᠠ ᠪᠣᠯᠵᠣ᠂ ᠠᠭᠠᠷ ᠤᠨ ᠶᠠᠰᠤ ᠴᠢᠨᠠᠷ ᠢ ᠢᠯᠡᠳᠲᠡ ᠪᠠᠭᠤᠷᠠᠭᠤᠯᠤᠭᠰᠠᠨ ᠪᠠᠶᠢᠪᠠᠯ ᠵᠣᠬᠢᠬᠤ ᠬᠤᠪᠢ ᠶᠢᠨ ᠥᠷᠲᠡᠭ ᠢ ᠬᠠᠰᠤᠬᠤ ᠬᠡᠷᠡᠭᠲᠡᠶ᠃ ᠣᠪᠣᠷ ᠰᠤᠷᠲᠠᠯ ᠨᠢ ᠦᠨᠡᠨ ᠪᠣᠳᠠᠲᠠᠢ ᠪᠢᠰᠢ᠂ ᠠᠷᠭ᠎ᠠ ᠬᠡᠮᠵᠢᠶ᠎ᠡ ᠨᠢ ᠬᠦᠴᠦᠨ ᠦᠭᠡᠢ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠰᠤᠷᠤᠯᠴᠠᠭᠰᠠᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠪᠠᠲᠤ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠨ᠎ᠡ᠃        ᠳᠥᠷᠪᠡ᠂ ᠠᠵᠢᠯ ᠤᠨ ᠱᠠᠭᠠᠷᠳᠠᠯᠭ᠎ᠠ    ︵ᠨᠢᠭᠡ︶ ᠤᠯᠠᠨ ᠲᠦᠮᠡᠨ ᠢ ᠭᠦᠢᠴᠡᠳ ᠲᠠᠶᠢᠴᠢᠯᠠᠵᠦ᠂ ᠭᠤᠣᠯᠳᠠᠯᠭ᠎ᠠ ᠪᠠᠨ ᠳᠣᠷᠣᠭᠰᠢ ᠰᠢᠯᠵᠢᠭᠦᠯᠬᠦ ᠶᠢ ᠪᠡᠶᠡᠯᠡᠭᠦᠯᠦᠨ᠎ᠡ    ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠷᠬᠡᠪᠰᠢ ᠴᠠᠭ᠂ ᠣᠶᠤᠨ ᠴᠢᠳᠠᠯ ᠢᠶᠠᠨ ᠲᠥᠪᠯᠡᠷᠡᠭᠦᠯᠵᠦ᠂ ᠠᠵᠢᠯᠲᠠᠨ ᠢᠶᠠᠨ ᠲᠥᠪᠯᠡᠷᠡᠭᠦᠯᠦᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠬᠢᠨᠠᠮᠠᠭᠠᠶ ᠰᠠᠶᠢᠲᠤᠷ ᠠᠳᠬᠤᠵᠤ᠂ ᠭᠤᠤᠯᠳᠠᠯᠭ᠎ᠠ ᠪᠠᠨ ᠳᠣᠷᠣᠭᠰᠢ ᠰᠢᠯᠵᠢᠭᠦᠯᠵᠦ᠂ ᠣᠷᠳᠣ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠶ᠃ ᠡᠭᠦᠨ ᠤ ᠬᠠᠮᠲᠤ᠂ ᠣᠯᠠᠨ ᠵᠦᠢᠯ ᠤᠨ ᠬᠡᠯᠪᠡᠷᠢ ᠪᠠᠷ ᠣᠯᠠᠨ ᠲᠦᠮᠡᠨ ᠢ  ᠭᠦᠢᠴᠡᠳ ᠵᠣᠬᠢᠶᠠᠨ ᠪᠠᠶᠢᠭᠤᠯᠤᠨ ᠳᠠᠶᠢᠴᠢᠯᠠᠵᠤ᠂ ᠨᠠᠩ ᠣᠯᠠᠨ ᠣᠯᠠᠨ ᠲᠦᠮᠡᠨ ᠢ ᠤᠬᠠᠮᠰᠠᠷ ᠠᠴᠠ ᠪᠠᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠳᠤ ᠣᠷᠣᠯᠴᠠᠭᠤᠯᠬᠤ ᠪᠠ ᠳᠡᠮᠵᠢᠭᠦᠯᠬᠦ ᠬᠡᠷᠡᠭᠲᠡᠶ᠃    ︵ᠬᠤᠶᠠᠷ︶ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠡᠪ ᠤᠨ ᠬᠠᠮᠢᠶᠠᠷᠤᠯᠲᠠ ᠶᠢ ᠠᠬᠢᠭᠤᠯᠤᠨ᠎ᠠ    ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠲᠠᠬᠢᠨ ᠳᠠᠪᠲᠠᠨ ᠠᠳᠬᠤᠬᠤ᠂ ᠲᠠᠬᠢᠨ ᠳᠠᠪᠲᠠᠨ ᠠᠳᠬᠤᠬᠤ ᠶᠠᠪᠤᠴᠠ ᠳᠤ ᠦᠵᠡᠯ ᠰᠠᠨᠠᠭ᠎ᠠ ᠪᠠᠨ ᠰᠤᠯᠠᠷᠠᠭᠤᠯᠬᠤ ᠦᠭᠡᠢ᠂ ᠬᠠᠷᠠᠯᠲᠠ ᠪᠠᠨ ᠬᠤᠪᠢᠷᠠᠭᠤᠯᠬᠤ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠱᠠᠳᠤ ᠦᠶ᠎ᠡ ᠶᠢᠨ ᠴᠢᠨᠠᠷᠲᠠᠶ᠂ ᠭᠠᠪᠰᠢᠭᠠᠶᠢᠯᠠᠬᠤ ᠴᠢᠨᠠᠷᠲᠠᠶ ᠠᠴᠠ ᠪᠠᠶᠢᠩᠭᠤᠵᠢᠭᠤᠯᠬᠤ᠂ ᠳᠦᠷᠢᠮᠵᠢᠭᠦᠯᠬᠦ ᠲᠡᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠡᠭᠦᠨ ᠤ ᠬᠠᠮᠲᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ᠠᠵᠢᠯᠲᠠᠨ᠂ ᠵᠠᠷᠤᠳᠠᠯ ᠪᠠ ᠲᠡᠷᠭᠡ ᠬᠥᠰᠬᠡ ᠶᠢ ᠴᠠᠭ ᠲᠤᠬᠠᠶ ᠳᠤᠨᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠵᠤ ᠬᠠᠮᠢᠶᠠᠷᠤᠨ ᠡᠵᠡᠮᠳᠡᠬᠦ ᠡᠯ᠎ᠡ ᠵᠦᠢᠯ ᠤᠨ ᠠᠵᠢᠯ ᠢ ᠬᠡᠪ ᠢᠶᠠᠷ ᠥᠷᠨᠢᠭᠦᠯᠬᠦ ᠳᠤ ᠬᠦᠴᠦᠲᠡᠶ ᠲᠤᠯᠭᠠᠭᠤᠷᠢᠯᠠᠯ ᠪᠠᠲᠤᠯᠠᠭ᠎ᠠ ᠬᠠᠩᠭᠠᠬᠤ ᠬᠡᠷᠡᠭᠲᠡᠶ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号